ᠡᠯ᠎ᠡ ᠬᠤᠯᠪᠣᠭᠳᠠᠯ ᠪᠦᠬᠦᠢ ᠨᠢᠭᠡᠴᠢ᠄ | ︽ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠡᠭᠦᠳᠡᠨ ᠡᠮᠨᠡᠯᠭᠡ ᠶᠢᠨ ᠨᠢᠭᠡᠳᠦᠯᠲᠡᠶ | ᠲᠥᠯᠥᠪᠯᠡᠭᠡ ᠬᠠᠮᠢᠶᠠᠷᠤᠯᠲᠠ ᠳᠤ ᠣᠷᠣᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠤᠯᠤᠰ | ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ︾ ︵ᠡᠮᠴᠢᠯᠡᠭᠡᠨ ᠤ ᠪᠠᠲᠤᠯᠠᠭ᠎ᠠ | ᠠᠯᠪᠠᠨ ᠲᠠᠷᠬᠠᠭᠠᠭᠰᠠᠨ ﹇2023 ﹈ 4 ᠳ᠋ᠦ᠋ᠭᠡᠷ ᠲᠣᠭᠠᠲᠤ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠭᠡ ᠬᠠᠮᠢᠶᠠᠷᠤᠯᠲᠠ | ᠳᠤ ᠣᠷᠣᠭᠤᠯᠬᠤ ᠬᠠᠮᠢᠶ᠎ᠠ ᠪᠥᠬᠦᠶ ᠠᠵᠢᠯ ᠢ ᠠᠬᠢᠭᠤᠯᠤᠨ᠂ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ | ᠳᠡᠯᠭᠡᠭᠦᠷ ᠤᠳ ᠮᠤᠵᠢ ᠶᠢᠨ ᠱᠠᠲᠤᠨ ᠤ ᠡᠮ ᠤᠨ ᠵᠦᠶᠯ ᠬᠤᠳᠠᠯᠳᠤᠨ ᠠᠪᠬᠤ ᠲᠠᠪᠴᠠᠩ ᠢᠶᠠᠷ ᠳᠠᠮᠵᠢᠭᠤᠯᠤᠨ ᠡᠮ | ᠤᠨ ᠵᠦᠶᠯ ᠢ ᠬᠤᠳᠠᠯᠳᠤᠨ ᠠᠪᠬᠤ ᠶᠢ ᠳᠡᠮᠵᠢᠬᠦ ᠶᠢᠨ ᠲᠤᠰᠠᠳᠠ᠂ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ | ᠳᠡᠯᠭᠡᠭᠦᠷ ᠤᠨ ᠡᠮ ᠤᠨ ᠵᠦᠶᠯ ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠳᠤ | ᠣᠷᠣᠯᠴᠠᠬᠤ ᠪᠠᠷ ᠮᠡᠳᠡᠭᠦᠯᠬᠦ ᠬᠠᠮᠢᠶ᠎ᠠ ᠪᠥᠬᠦᠶ ᠵᠦᠶᠯᠡᠰ ᠢ ᠡᠳᠦᠭᠡ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠮᠡᠳᠡᠭᠦᠯᠬᠦ ᠶᠠᠪᠤᠴᠠ | ︵ᠨᠢᠭᠡ︶ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠡᠮ ᠤᠨ ᠵᠦᠶᠯᠡᠰ ᠢ ᠰᠦᠯᠵᠢᠶᠡᠨ | ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠬᠤ ᠭᠡᠪᠡᠯ᠂ ᠡᠯ᠎ᠡ ᠠᠶᠢᠮᠠᠭ ᠬᠤᠲᠠ ᠶᠢᠨ ᠢᠶᠠᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠭᠤᠶᠤᠴᠢᠯᠠᠯ ᠭᠠᠷᠭᠠᠵᠤ᠂ ᠬᠢᠨᠠᠨ ᠪᠠᠶᠢᠴᠠᠭᠠᠭᠰᠠᠨ ᠤ ᠳᠠᠷᠠᠭ᠎ᠠ | ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠬᠦᠷᠭᠡᠨ᠎ᠡ᠃ | ︵ᠬᠤᠶᠠᠷ︶ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ︽ ᠥᠪᠥᠷ ᠮᠣᠩᠭᠤᠯ ᠤᠨ | ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ︵ https://ylbzj.nmg. | gov.cn/ggfw/hallEnter/#/Index ︶ ︾ — ︽ᠳᠠᠩᠰᠠᠯᠠᠬᠤ︾ — ︽ᠨᠢᠭᠡᠴᠢ ᠶᠢᠨ | ᠳᠠᠩᠰᠠᠯᠠᠬᠤ︾ ᠬᠡᠰᠡᠭ ᠲᠤ ᠳᠠᠩᠰᠠᠯᠠᠨ᠎ᠠ᠃ | ︵ᠭᠤᠷᠪᠠ︶ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠳᠠᠩᠰᠠᠯᠠᠭᠤᠯᠤᠭᠰᠠᠨ ᠤ ᠳᠠᠷᠠᠭ᠎ᠠ | ︽ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠲᠠᠪᠴᠠᠩ ︵ | https://ylbzj.nmg.gov.cn/ggfw/hallEnter/#/Index ︶︾ — ︽ ᠨᠢᠭᠡᠴᠢ ᠶᠢᠨ | ᠲᠤᠬᠠᠶᠢᠯᠠᠭᠰᠠᠨ ᠠᠵᠢᠯ ᠳᠤ ᠨᠡᠪᠲᠡᠷᠡᠬᠦ︾ — ︽ ᠳᠦᠷᠢ ᠲᠥᠷᠬᠦ ᠶᠢ ᠭᠡᠷᠡᠴᠢᠯᠡᠬᠦ ︾ ᠬᠡᠰᠡᠭ ᠢᠶᠠᠷ ᠳᠠᠮᠵᠢᠨ | ᠬᠤᠳᠠᠯᠳᠤᠨ ᠠᠪᠬᠤ ᠡᠷᠬᠡ ᠮᠡᠳᠡᠯ ᠭᠤᠶᠤᠴᠢᠯᠠᠨ᠎ᠠ᠃ | ︵ᠳᠥᠷᠪᠡ︶ ᠥᠪᠡᠷᠲᠡᠭᠡᠨ ᠵᠠᠰᠠᠬᠤ ᠣᠷᠣᠨ ᠠᠶᠢᠮᠠᠭ ᠬᠤᠲᠠ ᠶᠢᠨ ᠭᠤᠶᠤᠴᠢᠯᠠᠯᠲᠠ ᠶᠢ ᠦᠨᠳᠦᠰᠦᠯᠡᠨ | ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠤᠳᠠᠯᠳᠤᠨ ᠠᠪᠬᠤ ᠡᠷᠬᠡ ᠶᠢ ᠨᠡᠭᠡᠭᠡᠵᠦ | ᠨᠡᠪᠲᠡᠷᠡᠭᠦᠯᠦᠨ᠎ᠡ᠃ | | ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ | ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠠᠪᠴᠠᠩ ᠢᠶᠠᠷ ᠳᠠᠮᠵᠢᠨ ᠡᠮ ᠤᠨ ᠵᠦᠢᠯ ᠢ | ᠬᠤᠳᠠᠯᠳᠤᠨ ᠠᠪᠬᠤ ᠶᠢ ᠳᠠᠭᠠᠭᠠᠴᠢᠯᠠᠯᠲᠠ ᠵᠠᠷᠯᠠᠬᠤ ᠬᠤᠪᠢᠶᠠᠷᠢ ᠰᠢᠰᠲ᠋ᠧᠮ ᠤᠨ ᠲᠤᠬᠠᠶᠢᠯᠠᠭᠰᠠᠨ ᠠᠵᠢᠯ ᠤᠨ | ᠶᠠᠪᠤᠴᠠ ᠶᠢ ᠴᠢᠩᠭ᠎ᠠ ᠵᠢᠷᠤᠮᠯᠠᠨ ᠠᠵᠢᠯᠯᠠᠵᠤ᠂ ᠬᠤᠳᠠᠯᠳᠤᠨ ᠠᠪᠬᠤ ᠠᠷᠭ᠎ᠠ ᠮᠠᠶ᠋ᠢᠭ ᠨᠢ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠠᠷᠠᠯᠵᠢᠶᠠᠨ ᠤ ᠶᠠᠪᠤᠴᠠ ᠶᠢᠨ ᠴᠢᠩᠭ᠎ᠠ ᠵᠢᠷᠤᠮᠵᠢᠯ ᠲᠠᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | | ᠭᠤᠷᠪᠠ᠂ ᠬᠠᠷᠢᠯᠴᠠᠬᠤ ᠠᠷᠭ᠎ᠠ ᠮᠠᠶ᠋ᠢᠭ | ᠲᠤᠬᠠᠶᠢᠯᠠᠭᠰᠠᠨ ᠠᠵᠢᠯ ᠢ ᠯᠠᠪᠯᠠᠬᠤ ᠄ 0471 - 4930630 | ᠮᠡᠷᠭᠡᠵᠢᠯ ᠤᠨ ᠳᠡᠮᠵᠢᠯᠭᠡ ᠦᠵᠡᠭᠦᠯᠬᠦ ᠄ 0471 - 4967106 | | | ᠳᠠᠭᠠᠯᠳᠤᠭᠤᠯᠤᠯ᠄ | 1 ᠳᠠᠭᠠᠭᠠᠴᠢᠯᠠᠯᠲᠠ ᠵᠠᠷᠯᠠᠬᠤ ᠬᠤᠪᠢᠶᠠᠷᠢ ᠰᠢᠰᠲ᠋ᠧᠮ ᠤᠨ ᠳᠠᠩᠰᠠᠯᠠᠬᠤ ᠠᠵᠢᠯᠯᠠᠬᠤ ᠭᠠᠷ ᠳᠡᠪᠲᠡᠷ | 2 ᠡᠮ ᠤᠨ ᠵᠦᠢᠯ ᠢ ᠬᠤᠳᠠᠯᠳᠤᠨ ᠠᠪᠬᠤ ᠶᠢ ᠳᠠᠭᠠᠭᠠᠴᠢᠯᠠᠯᠲᠠ ᠵᠠᠷᠯᠠᠬᠤ ᠬᠤᠪᠢᠶᠠᠷᠢ ᠰᠢᠰᠲ᠋ᠧᠮ ᠤᠨ ᠳᠠᠩᠰᠠᠯᠠᠬᠤ | ᠠᠵᠢᠯᠯᠠᠬᠤ ᠭᠠᠷ ᠳᠡᠪᠲᠡᠷ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ | 2023 ᠣᠨ ᠤ 4 ᠳ᠋ᠦ᠋ᠭᠡᠷ ᠰᠠᠷ᠎ᠠ ᠶᠢᠨ 9 ᠤ ᠡᠳᠦᠷ | |