ᠦᠰᠦᠭ ᠪᠢᠴᠢᠭ ᠢᠶᠠᠷ ᠦᠭᠦᠯᠡᠬᠦᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠤᠭᠤᠴᠠᠭ᠎ᠠ ᠰᠣᠩᠭᠤᠬᠤ ᠮᠡᠰᠡ ᠵᠠᠰᠠᠯ ᠤᠨ ᠤᠷᠢᠳᠴᠢᠯᠠᠨ ᠡᠮᠨᠡᠯᠭᠡ ᠳᠤ ᠰᠠᠭᠤᠬᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠵᠠᠭᠪᠤᠷ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/4/18
  ᠨᠢᠭᠡ᠂ ᠶᠠᠭᠤᠨ ᠳᠤ ᠬᠤᠭᠤᠴᠠᠭ᠎ᠠ ᠰᠣᠩᠭᠤᠬᠤ ᠮᠡᠰᠡ ᠵᠠᠰᠠᠯ ᠳᠤ ᠤᠷᠢᠳᠴᠢᠯᠠᠨ ᠡᠮᠨᠡᠯᠭᠡ ᠳᠤ ᠰᠠᠭᠤᠬᠤ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠬᠤ ᠪᠣᠶ︖  ᠣᠶᠢᠷ᠎ᠠ ᠶᠢᠨ ᠵᠢᠯ ᠤᠳ ᠲᠤ᠂ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠬᠥᠭᠵᠢᠬᠦ᠂ ᠣᠨᠣᠰᠢᠯᠠᠨ ᠡᠮᠨᠡᠬᠦ ᠬᠢᠷᠢ ᠲᠦᠪᠰᠢᠨ ᠶᠡᠭᠡ ᠪᠠᠷ ᠳᠡᠭᠡᠭᠰᠢᠯᠡᠬᠦ ᠶᠢ ᠳᠠᠭᠠᠯᠳᠤᠨ᠂ ᠵᠢᠴᠢ ᠣᠯᠠᠨ ᠲᠦᠮᠡᠨ ᠤ ᠡᠮᠴᠢᠯᠡᠭᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠰᠤᠷᠠᠯᠲᠠ ᠥᠬᠡᠶ ᠨᠡᠮᠡᠭᠳᠡᠵᠦ᠂ ᠭᠤᠷᠪᠠᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ︽ᠨᠢᠭᠡ ᠣᠷᠣ ᠣᠯᠳᠠᠬᠤ ᠳᠤ ᠬᠦᠴᠢᠷ︾ ᠪᠠᠶᠢᠬᠤ ᠠᠰᠠᠭᠤᠳᠠᠯ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠢᠳᠡ ᠮᠡᠰᠡ ᠵᠠᠰᠠᠯ ᠤᠨ ᠡᠪᠡᠳᠴᠢᠲᠡᠨ ᠤ ᠪᠠᠶᠢᠴᠠᠭᠠᠨ ᠰᠢᠯᠭᠠᠬᠤ ᠵᠠᠷᠤᠳᠠᠯ ᠢ ᠵᠥᠪᠬᠡᠨ ᠡᠮᠨᠡᠯᠭᠡ ᠳᠤ ᠰᠠᠭᠤᠭᠰᠠᠨ ᠢ ᠣᠯᠵᠤ ᠮᠡᠳᠡᠪᠡᠯ ᠰᠠᠶ᠋ᠢ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠭᠥᠷᠳᠡᠵᠦ᠂ ᠡᠷᠡᠭᠦᠯ ᠪᠤᠰᠤ ᠳᠤᠮᠳᠠ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠣᠷᠣ ᠶᠢᠨ ᠳᠠᠷᠤᠭᠠᠰᠤ ᠶᠢ ᠨᠡᠮᠡᠭᠳᠡᠭᠦᠯᠵᠦ ᠴᠢᠳᠠᠨ᠎ᠠ᠃ ᠡᠨᠡ ᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠭᠦᠢᠴᠡᠳ ᠪᠠᠶᠢᠴᠠᠭᠠᠨ ᠰᠤᠳᠤᠯᠤᠯᠲᠠ ᠬᠢᠵᠦ᠂ ᠰᠤᠳᠤᠯᠤᠨ ᠶᠠᠷᠢᠯᠴᠠᠭᠰᠠᠨ ᠰᠠᠭᠤᠷᠢᠨ ᠳᠡᠭᠡᠷ᠎ᠡ᠂ 4 ᠳ᠋ᠦ᠋ᠭᠡᠷ ᠰᠠᠷ᠎ᠠ ᠶᠢᠨ 17 ᠤ ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠰᠣᠩᠭᠤᠬᠤ ᠮᠡᠰᠡ ᠵᠠᠰᠠᠯ ᠢ ᠤᠷᠢᠳᠴᠢᠯᠠᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾ ︵ᠥᠪᠥᠷ ᠡᠮᠴᠢᠯᠡᠭᠡᠨ ᠤ ᠳᠠᠭᠠᠳᠬᠠᠯ ᠠᠯᠪᠠᠨ ᠲᠠᠷᠬᠠᠭᠠᠭᠰᠠᠨ ﹇2023﹈ 11 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠬᠤᠭᠤᠴᠠᠭ᠎ᠠ ᠰᠣᠩᠭᠤᠬᠤ ᠮᠡᠰᠡ ᠵᠠᠰᠠᠯ ᠢ ᠤᠷᠢᠳᠴᠢᠯᠠᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠵᠠᠭᠪᠤᠷ ᠢ ᠪᠠᠶᠢᠭᠤᠯᠪᠠ᠃  ᠬᠤᠶᠠᠷ᠂ ︽ᠲᠥᠰᠦᠯ︾ ᠤᠨ ᠭᠤᠣᠯ ᠠᠭᠤᠯᠭ᠎ᠠ ᠨᠢ ᠶᠠᠭᠤ ᠶᠠᠭᠤ ᠪᠤᠢ︖  ᠲᠣᠰ ︽ᠲᠥᠰᠦᠯ︾ ᠨᠢ ᠭᠤᠤᠯᠳᠠᠭᠤ ᠬᠡᠰᠡᠭ ᠡᠪᠡᠳᠴᠢᠨ ᠡᠮᠭᠡᠭ ᠤᠨ ᠣᠨᠣᠰᠢᠯᠠᠯᠲᠠ ᠨᠢ ᠲᠣᠳᠣᠷᠬᠠᠶ᠂ ᠡᠪᠡᠳᠴᠢᠨ ᠤ ᠪᠠᠶᠢᠳᠠᠯ ᠨᠢ ᠳᠠᠩ ᠴᠤᠯᠭᠤᠶ᠂ ᠬᠠᠷᠢᠴᠠᠩᠭᠤᠶ ᠲᠣᠭᠲᠠᠭᠤᠨ ᠪᠠᠶᠢᠵᠤ᠂ ᠡᠮᠴᠢ ᠶᠢᠨ ᠦᠨᠡᠯᠡᠯᠲᠡ ᠪᠠᠷ ᠳᠡᠮᠵᠢᠨ᠂ ᠡᠮᠨᠡᠯᠭᠡ ᠳᠤ ᠰᠠᠭᠤᠬᠤ ᠮᠡᠰᠡ ᠵᠠᠰᠠᠯ ᠢ ᠵᠢᠭᠠᠨ ᠵᠢᠯᠣᠭᠤᠳᠬᠤ ᠪᠠ ᠬᠤᠭᠤᠴᠠᠭ᠎ᠠ ᠰᠣᠩᠭᠤᠨ ᠮᠡᠰᠡ ᠵᠠᠰᠠᠯ ᠬᠢᠯᠭᠡᠭᠰᠡᠨ ᠡᠪᠡᠳᠴᠢᠲᠡᠨ ᠳᠤ ᠴᠢᠭᠯᠡᠭᠦᠯᠦᠨ᠎ᠡ᠃ ᠡᠪᠡᠳᠴᠢᠲᠡᠨ ᠡᠮᠨᠡᠯᠭᠡ ᠳᠤ ᠰᠠᠭᠤᠬᠤ ᠤᠷᠢᠳᠴᠢᠯᠠᠨ ᠭᠠᠷ ᠭᠦᠢᠴᠡᠳᠬᠡᠯ ᠢ ᠲᠦᠷ ᠴᠠᠭ ᠭᠦᠢᠴᠡᠳᠬᠡᠵᠦ᠂ ᠡᠭᠦᠳᠡᠨ ᠡᠮᠨᠡᠯᠭᠡ ᠳᠤ ᠡᠪᠡᠳᠴᠢᠨ ᠡᠮᠭᠡᠭ ᠯᠦᠭᠡ ᠬᠤᠯᠪᠣᠭᠳᠠᠬᠤ ᠪᠠᠶᠢᠴᠠᠭᠠᠯᠲᠠ᠂ ᠰᠢᠯᠭᠠᠨ ᠪᠠᠶᠢᠴᠠᠭᠠᠯᠲᠠ ᠶᠢ ᠪᠡᠶᠡᠯᠡᠭᠦᠯᠵᠦ᠂ ᠤᠷᠢᠳᠴᠢᠯᠠᠨ ᠡᠮᠨᠡᠯᠭᠡ ᠳᠤ ᠰᠠᠭᠤᠬᠤ ᠬᠤᠭᠤᠴᠠᠭᠠᠨ ᠳᠤ ᠣᠷᠣ ᠶᠢᠨ ᠲᠣᠭᠠᠴᠠᠭ᠎ᠠ᠂ ᠰᠤᠪᠢᠯᠠᠯᠲᠠ ᠶᠢᠨ ᠲᠣᠭᠠᠴᠠᠭ᠎ᠠ᠂ ᠡᠮᠨᠡᠯᠭᠡ ᠳᠤ ᠰᠠᠭᠤᠵᠤ ᠡᠮᠨᠡᠭᠦᠯᠬᠦ ᠵᠠᠷᠤᠳᠠᠯ ᠵᠡᠷᠭᠡ ᠡᠮᠨᠡᠯᠭᠡ ᠳᠤ ᠰᠠᠭᠤᠬᠤ ᠬᠤᠯᠪᠣᠭᠳᠠᠯ ᠪᠦᠬᠦᠢ ᠵᠠᠷᠤᠳᠠᠯ ᠢ ᠬᠤᠷᠢᠶᠠᠬᠤ ᠦᠭᠡᠢ᠂ ᠡᠮ ᠤᠨ ᠵᠦᠢᠯ ︵ᠪᠠᠶᠢᠴᠠᠭᠠᠵᠤ ᠰᠢᠯᠭᠠᠨ ᠪᠠᠶᠢᠴᠠᠭᠠᠬᠤ ᠳᠤᠮᠳᠠ ᠠᠭᠤᠯᠤᠭᠳᠠᠵᠤ ᠪᠠᠶᠢᠭ᠎ᠠ ᠡᠮ ᠤᠨ ᠵᠦᠢᠯ ᠠᠴᠠ ᠪᠤᠰᠤᠳ︶ ᠢ ᠭᠠᠷᠭᠠᠬᠤ ᠦᠭᠡᠢ᠂ ᠤᠷᠢᠳᠴᠢᠯᠠᠨ ᠡᠮᠨᠡᠯᠭᠡ ᠳᠤ ᠰᠠᠭᠤᠬᠤ ᠴᠠᠭ ᠢ 5 ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠡᠪᠡᠳᠴᠢᠲᠡᠨ ᠵᠢᠩᠬᠢᠨᠢ ᠪᠠᠷ ᠡᠮᠨᠡᠯᠭᠡ ᠳᠤ ᠰᠠᠭᠤᠭᠰᠠᠨ ᠤ ᠳᠠᠷᠠᠭ᠎ᠠ᠂ ᠤᠷᠢᠳᠴᠢᠯᠠᠨ ᠡᠮᠨᠡᠯᠭᠡ ᠳᠤ ᠰᠠᠭᠤᠬᠤ ᠬᠤᠭᠤᠴᠠᠭᠠᠨ ᠳᠤ ᠡᠭᠦᠳᠡᠨ ᠡᠮᠨᠡᠯᠭᠡ ᠳᠤ ᠡᠭᠦᠰᠦᠭᠰᠡᠨ ᠪᠠᠶᠢᠴᠠᠭᠠᠬᠤ᠂ ᠰᠢᠯᠭᠠᠨ ᠪᠠᠶᠢᠴᠠᠭᠠᠬᠤ ᠵᠠᠷᠤᠳᠠᠯ ᠢ ᠵᠢᠩᠬᠢᠨᠢ ᠪᠠᠷ ᠡᠮᠨᠡᠯᠭᠡ ᠳᠤ ᠰᠠᠭᠤᠭᠰᠠᠨ ᠤ ᠳᠠᠷᠠᠭᠠᠬᠢ ᠵᠠᠷᠤᠳᠠᠯ ᠯᠤᠭ᠎ᠠ ᠨᠡᠶᠢᠯᠡᠭᠦᠯᠦᠨ ᠪᠤᠳᠤᠨ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠲᠣᠭᠲᠠᠭᠠᠯ ᠶᠣᠰᠣᠭᠠᠷ ᠬᠠᠮᠲᠤ ᠳᠤᠨᠢ ᠳ᠋ᠦᠩᠨᠡᠨ ᠪᠤᠳᠤᠨ᠎ᠠ᠃      ᠭᠤᠷᠪᠠ᠂ ᠬᠤᠭᠤᠴᠠᠭ᠎ᠠ ᠰᠣᠩᠭᠤᠬᠤ ᠮᠡᠰᠡ ᠵᠠᠰᠠᠯ ᠬᠢᠵᠦ ᠤᠷᠢᠳᠴᠢᠯᠠᠨ ᠡᠮᠨᠡᠯᠭᠡ ᠳᠤ ᠰᠠᠭᠤᠬᠤ ᠬᠠᠮᠢᠶᠠᠷᠤᠯᠲᠠ ᠶᠢ ᠬᠡᠷᠡᠭᠵᠢᠭᠦᠯᠦᠭᠰᠡᠨ ᠨᠢ ᠶᠠᠮᠠᠷ ᠠᠴᠢ ᠬᠤᠯᠪᠣᠭᠳᠠᠯ ᠲᠠᠢ ᠪᠤᠢ︖      ᠤᠷᠢᠳᠴᠢᠯᠠᠨ ᠡᠮᠨᠡᠯᠭᠡ ᠳᠤ ᠰᠠᠭᠤᠬᠤ ᠵᠠᠭᠪᠤᠷ ᠢ ᠪᠠᠶᠢᠭᠤᠯᠬᠤ ᠪᠠᠷ ᠳᠡᠮᠵᠢᠨ᠂ ᠡᠮᠴᠢ ᠡᠪᠡᠳᠴᠢᠲᠡᠨ ᠤ ᠡᠪᠡᠳᠴᠢᠨ ᠤ ᠪᠠᠶᠢᠳᠠᠯ ᠤᠨ ᠠᠬᠢᠴᠠ᠂ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠲᠡᠨ ᠤ ᠣᠷᠣ ᠶᠢᠨ ᠬᠡᠷᠡᠭᠯᠡᠯᠲᠡ ᠵᠡᠷᠭᠡ ᠪᠠᠶᠢᠳᠠᠯ ᠢ ᠦᠨᠳᠦᠰᠦᠯᠡᠨ᠂ ᠬᠤᠯᠪᠣᠭᠳᠠᠯ ᠪᠥᠬᠦᠶ ᠪᠠᠶᠢᠴᠠᠭᠠᠨ ᠰᠢᠯᠭᠠᠬᠤ ᠲᠥᠷᠥᠯ ᠵᠦᠢᠯ ᠢ ᠬᠢᠵᠦ ᠪᠣᠯᠤᠨ᠎ᠠ᠂ ᠡᠪᠡᠳᠴᠢᠲᠡᠨ ᠡᠮᠨᠡᠯᠭᠡ ᠳᠤ ᠰᠠᠭᠤᠬᠤ ᠴᠢᠬᠤᠯᠠ ᠥᠬᠡᠶ ᠪᠣᠯ ᠡᠭᠦᠳᠡᠨ ᠡᠮᠨᠡᠯᠭᠡ ᠳᠤ ᠪᠠᠶᠢᠴᠠᠭᠠᠯᠲᠠ ᠬᠢᠵᠦ ᠪᠣᠯᠬᠤ ᠪᠥᠭᠡᠳ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠬᠦᠷᠲᠡᠵᠦ᠂ ᠡᠮᠨᠡᠯᠭᠡ ᠳᠤ ᠰᠠᠭᠤᠭᠰᠠᠨ ᠠᠴᠠ ᠪᠣᠯᠤᠭᠰᠠᠨ ᠣᠷᠣ ᠶᠢᠨ ᠲᠣᠭᠠᠴᠠᠭ᠎ᠠ᠂ ᠰᠤᠪᠢᠯᠠᠯᠲᠠ ᠶᠢᠨ ᠲᠣᠭᠠᠴᠠᠭ᠎ᠠ᠂ ᠡᠮᠨᠡᠯᠭᠡ ᠳᠤ ᠰᠠᠭᠤᠵᠤ ᠡᠮᠨᠡᠭᠦᠯᠬᠦ ᠵᠠᠷᠤᠳᠠᠯ ᠵᠡᠷᠭᠡ ᠳᠠᠷᠤᠭᠠᠰᠤ ᠶᠢ ᠬᠥᠩᠭᠡᠷᠡᠭᠦᠯᠦᠭᠰᠡᠨ ᠪᠥᠭᠡᠳ ᠡᠮᠨᠡᠯᠭᠡ ᠳᠤ ᠰᠠᠭᠤᠬᠤ ᠴᠠᠭ ᠢ ᠴᠤ ᠠᠷᠪᠢᠯᠠᠪᠠ᠃ ᠡᠮᠴᠢᠯᠡᠭᠡᠨ ᠤ ᠪᠠᠶᠢᠭᠤᠯᠤᠮᠵᠢ ᠳᠤ ᠠᠪᠴᠤ ᠬᠡᠯᠡᠪᠡᠯ᠂ ᠡᠪᠡᠳᠴᠢᠲᠡᠨ ᠤ ᠣᠷᠣ ᠶᠢᠨ ᠡᠷᠭᠢᠯᠲᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠡᠮᠴᠢᠯᠡᠭᠡᠨ ᠤ ᠥᠪᠡᠷ ᠤᠨ ᠥᠷᠲᠡᠭ ᠢ ᠠᠷᠪᠢᠯᠠᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃     
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号