ᠥᠪᠥᠷ ᠡᠮ ᠬᠤᠳᠠᠯᠳᠤᠨ ᠠᠪᠬᠤ ᠲᠥᠪ ᠦᠰᠦᠭ ﹇2023﹈ 72 ᠳ᠋ᠤᠭᠠᠷ ᠲᠣᠭᠠᠲᠤ | ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ | ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄ | ︽ᠪᠡᠭᠡᠵᠢᠩ ᠲᠢᠶᠠᠨᠵᠢᠨ ᠾᠧᠪᠧᠢ ᠶᠢᠨ ︿3+N﹀ ᠬᠤᠯᠪᠣᠭᠠᠨ ᠤ ᠯᠤᠭᠰᠢᠭᠤᠯᠤᠭᠤᠷ ᠤᠨ ᠲᠥᠷᠥᠯ ᠤᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠡᠮᠵᠢᠶ᠎ᠡ ᠲᠠᠢ ᠬᠤᠳᠠᠯᠳᠤᠨ ᠠᠪᠬᠤ ᠶᠢ ᠬᠤᠭᠤᠴᠠᠭ᠎ᠠ | ᠲᠤᠯᠲᠠᠯ᠎ᠠ ᠵᠠᠯᠭᠠᠭᠤᠯᠬᠤ ᠬᠤᠯᠪᠣᠭᠳᠠᠯ ᠪᠦᠬᠦᠢ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ | ᠶᠣᠰᠣᠭᠠᠷ᠂ ᠥᠪᠡᠷᠲᠡᠭᠡᠨ ᠵᠠᠰᠠᠬᠤ ᠣᠷᠣᠨ ᠠᠴᠠ ᠯᠤᠭᠰᠢᠭᠤᠯᠤᠭᠤᠷ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠤᠨ ᠬᠤᠳᠠᠯᠳᠤᠨ ᠠᠪᠤᠬᠰᠠᠨ ᠲᠡᠦᠬᠡᠨ ᠲᠤᠭ᠎ᠠ ᠪᠠᠷᠢᠮᠲᠠ ᠵᠢᠴᠢ ᠬᠤᠳᠠᠯᠳᠤᠨ ᠠᠪᠬᠤ | ᠬᠡᠷᠡᠭᠴᠡᠭᠡᠨ ᠤ ᠬᠡᠮᠵᠢᠶ᠎ᠡ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠵᠦ ᠪᠤᠢ᠂ ᠡᠳᠦᠭᠡ ᠬᠠᠮᠢᠶ᠎ᠠ ᠪᠦᠬᠦᠢ ᠵᠦᠢᠯᠡᠰ ᠢ | ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠦᠢᠯᠡᠳᠬᠦᠨ ᠤ ᠬᠡᠪᠴᠢᠶ᠎ᠡ | ᠲᠣᠰ ᠤᠳᠠᠭᠠᠨ ᠤ ᠬᠠᠮᠲᠤᠷᠠᠭᠰᠠᠨ ᠬᠡᠮᠵᠢᠶ᠎ᠡ ᠲᠠᠢ ᠬᠤᠳᠠᠯᠳᠤᠨ ᠠᠪᠬᠤ ᠲᠥᠷᠥᠯ ᠵᠦᠢᠯ ᠪᠣᠯ ᠬᠤᠣᠰ | ᠬᠥᠨᠳᠡᠢ ᠲᠠᠢ ᠯᠤᠭᠰᠢᠭᠤᠯᠤᠭᠤᠷ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠣᠯᠣᠨ᠎ᠠ᠂ | ᠡᠭᠦᠨ ᠳᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳ᠋ᠤᠭᠠᠷᠯᠠᠯ ᠤᠨ ᠡᠮᠦᠨᠡᠬᠢ 15 ᠣᠷᠤᠨᠲᠤ ᠨᠣᠮᠧᠷ ᠪᠥᠬᠦᠢ | C02040205800001᠂ C02040205800002᠂ C02040205800003᠂ | C02040205800004᠂ C02040205800005᠂ C02040205800006 ᠶᠢᠨ | ᠦᠢᠯᠡᠳᠬᠦᠨ ᠪᠠᠭᠲᠠᠨ᠎ᠠ᠃ | | ᠬᠤᠶᠠᠷ᠂ ᠲᠠᠭᠯᠠᠨ ᠮᠡᠳᠡᠭᠦᠯᠬᠦ ᠭᠤᠣᠯ ᠴᠣᠭᠴᠠ | ᠪᠣᠶ ᠪᠦᠬᠦᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ | ᠡᠮᠴᠢᠯᠡᠭᠡᠨ ᠤ ᠪᠠᠶᠢᠭᠤᠯᠤᠮᠵᠢ ᠪᠠᠭᠲᠠᠨ᠎ᠠ᠂ ᠳᠣᠷᠣᠭᠰᠢ ᠠᠳᠠᠯᠢ︶ ᠪᠣᠯᠣᠨ ᠡᠮᠴᠢᠯᠡᠭᠡᠨ ᠤ ᠪᠠᠲᠤᠯᠠᠭ᠎ᠠ ᠶᠢᠨ | ᠲᠣᠭᠲᠠᠭᠠᠭᠰᠠᠨ ᠨᠡᠶᠢᠭᠡᠮ ᠤᠨ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ᠃ | | ᠭᠤᠷᠪᠠ᠂ ᠲᠠᠭᠯᠠᠨ ᠮᠡᠳᠡᠭᠦᠯᠬᠦ ᠠᠷᠭ᠎ᠠ ᠮᠠᠶ᠋ᠢᠭ | ︵ᠨᠢᠭᠡ︶ ᠪᠡᠭᠡᠵᠢᠩ ᠲᠢᠶᠠᠨᠵᠢᠨ ᠾᠧᠪᠧᠢ ᠶᠢᠨ ᠡᠮ ᠡᠮᠨᠡᠯᠭᠡ ᠶᠢᠨ ᠬᠠᠮᠲᠤᠷᠠᠨ ᠬᠤᠳᠠᠯᠳᠤᠨ ᠠᠪᠬᠤ | ᠲᠠᠪᠴᠠᠩ ︵https://hc.tjmpc.cn:17055︶ ᠳᠤ ᠭᠠᠷᠴᠤ᠂ ᠰᠢᠰᠲ᠋ᠧᠮ ᠤᠨ ᠲᠤᠳᠤᠭᠠᠳᠤ ᠳᠠᠬᠢ | ᠠᠵᠢᠯᠯᠠᠬᠤ ᠭᠠᠷ ᠳᠡᠪᠲᠡᠷ ᠢᠶᠠᠷ ᠯᠠᠪᠯᠠᠯᠲᠠ ᠪᠣᠯᠭᠠᠵᠤ᠂ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠨ᠎ᠡ᠃ ᠡᠯ᠎ᠡ ᠠᠶᠢᠮᠠᠭ | ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠣᠨ ᠡᠮᠴᠢᠯᠡᠭᠡᠨ ᠤ ᠪᠠᠶᠢᠭᠤᠯᠤᠮᠵᠢ ᠨᠤᠭᠤᠳ | ᠤᠤᠯ ᠤᠨ ᠲᠠᠩᠰᠠᠨ ᠨᠣᠮᠧᠷ ᠢᠶᠠᠷ ᠢᠶᠠᠨ ᠭᠠᠷᠴᠤ ᠪᠣᠯᠣᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠰᠢᠨ᠎ᠡ ᠪᠠᠷ ᠨᠡᠮᠡᠭᠰᠡᠨ | ᠲᠠᠩᠰᠠᠨ ᠨᠣᠮᠧᠷ ᠢ ᠡᠯ᠎ᠡ ᠠᠶᠢᠮᠠᠭ ᠬᠤᠲᠠ ᠠᠴᠠ ᠬᠠᠮᠢᠶ᠎ᠠ ᠪᠦᠬᠦᠢ ᠮᠡᠳᠡᠭᠡ ᠵᠠᠩᠭᠢ ᠶᠢ ᠬᠤᠷᠢᠶᠠᠩᠭᠤᠶᠢᠯᠠᠵᠤ᠂ | ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠤ ᠮᠡᠳᠡᠭᠦᠯᠦᠨ ᠬᠦᠷᠭᠡᠵᠦ | ᠨᠢᠭᠡᠳᠦᠯᠲᠡᠢ ᠠᠵᠢᠯᠯᠠᠭᠤᠯᠬᠤ ᠬᠡᠷᠡᠭᠲᠡᠢ᠃ | ︵ᠬᠤᠶᠠᠷ︶ ᠲᠡᠦᠬᠡᠨ ᠬᠡᠮᠵᠢᠶ᠎ᠡ ᠶᠢ ᠲᠠᠭᠯᠠᠨ ᠮᠡᠳᠡᠭᠦᠯᠬᠦ ᠳᠤ ᠪᠠᠨ᠂ ᠡᠮᠴᠢᠯᠡᠭᠡᠨ ᠤ ᠪᠠᠶᠢᠭᠤᠯᠤᠮᠵᠢ ᠨᠢ ᠲᠣᠰ | ᠨᠢᠭᠡᠴᠢ ᠶᠢᠨ ᠢᠶᠠᠨ 2021 ᠣᠨ᠂ 2022 ᠣᠨ ᠳᠤ ᠬᠡᠷᠡᠭᠯᠡᠭᠰᠡᠨ ᠯᠤᠭᠰᠢᠭᠤᠯᠤᠭᠤᠷ ᠤᠨ ᠲᠥᠷᠥᠯ ᠤᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ HIS ᠰᠢᠰᠲ᠋ᠧᠮ ᠤᠨ ᠪᠣᠳᠠᠲᠠᠢ ᠬᠡᠷᠡᠭᠯᠡᠭᠰᠡᠨ ᠶᠡᠷᠦᠩᠬᠡᠢ | ᠬᠡᠮᠵᠢᠶ᠎ᠡ᠂ HIS ᠰᠢᠰᠲ᠋ᠧᠮ ᠤᠨ ᠪᠣᠳᠠᠲᠠᠢ ᠬᠡᠷᠡᠭᠯᠡᠭᠰᠡᠨ ᠶᠡᠷᠦᠩᠬᠡᠢ ᠵᠣᠭᠤᠰ ᠤᠨ ᠲᠤᠭ᠎ᠠ ᠵᠢᠴᠢ ᠬᠤᠳᠠᠯᠳᠤᠨ | ᠠᠪᠤᠭᠰᠠᠨ ᠲᠡᠦᠬᠡᠨ ᠲᠤᠭ᠎ᠠ ᠪᠠᠷᠢᠮᠲᠠ ︵ᠬᠤᠳᠠᠯᠳᠤᠨ ᠠᠪᠤᠭᠰᠠᠨ ᠲᠡᠦᠬᠡᠨ ᠨᠢᠭᠡᠴᠢ ᠶᠢᠨ ᠦᠨ᠎ᠡ ᠪᠠ | ᠬᠠᠷᠠᠭᠠᠯᠵᠠᠭᠰᠠᠨ ᠬᠤᠳᠠᠯᠳᠤᠨ ᠠᠪᠤᠭᠰᠠᠨ ᠬᠡᠮᠵᠢᠶ᠎ᠡ ᠶᠢ ᠪᠠᠭᠲᠠᠭᠠᠨ᠎ᠠ᠂ ᠬᠡᠪ ᠪᠠᠷᠢᠮᠵᠢᠶ᠎ᠠ᠂ ᠬᠡᠯᠪᠡᠷᠢ ᠮᠠᠶ᠋ᠢᠭ ᠬᠦᠷᠲᠡᠯ᠎ᠡ | ᠪᠤᠳᠠᠲᠠᠢ ᠲᠠᠬᠯᠠᠨ᠎ᠠ︶ ᠶᠢ ᠬᠤᠷᠢᠶᠠᠩᠭᠤᠶᠢᠯᠠᠬᠤ ᠶᠢᠨ ᠬᠠᠮᠲᠤ ᠲᠠᠭᠯᠠᠨ ᠮᠡᠳᠡᠭᠦᠯᠦᠨ᠎ᠡ᠃ | ︵ᠭᠤᠷᠪᠠ︶ ᠬᠡᠷᠡᠭᠴᠡᠭᠡᠨ ᠤ ᠬᠡᠮᠵᠢᠶ᠎ᠡ ᠶᠢ ᠲᠠᠭᠯᠠᠨ ᠮᠡᠳᠡᠭᠦᠯᠬᠦ ᠳᠤ ᠪᠠᠨ᠂ ᠬᠤᠳᠠᠯᠳᠤᠨ ᠠᠪᠤᠭᠰᠠᠨ ᠲᠡᠦᠬᠡᠨ | ᠲᠤᠭ᠎ᠠ ᠪᠠᠷᠢᠮᠲᠠ ᠪᠠᠷ ᠯᠠᠪᠯᠠᠯᠲᠠ ᠪᠣᠯᠭᠠᠨ᠂ ᠯᠤᠭᠰᠢᠭᠤᠯᠤᠭᠤᠷ ᠤᠨ ᠲᠥᠷᠥᠯ ᠤᠨ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠤᠨ ᠦᠢᠯᠡᠳᠬᠦᠨ ᠤ ᠢᠷᠡᠬᠦ ᠨᠢᠭᠡ ᠵᠢᠯ ᠤᠨ ᠬᠤᠳᠠᠯᠳᠤᠨ ᠠᠪᠬᠤ ᠬᠡᠷᠡᠭᠴᠡᠭᠡᠨ ᠤ | ᠬᠡᠮᠵᠢᠶ᠎ᠡ ᠶᠢ ᠲᠠᠭᠯᠠᠨ ᠮᠡᠳᠡᠭᠦᠯᠬᠦ ᠪᠦᠭᠡᠳ ᠬᠡᠪ ᠪᠠᠷᠢᠮᠵᠢᠶ᠎ᠠ᠂ ᠬᠡᠯᠪᠡᠷᠢ ᠮᠠᠶ᠋ᠢᠭ ᠲᠤ ᠬᠦᠷᠲᠡᠯ᠎ᠡ ᠪᠤᠲᠠᠲᠠᠢ ᠲᠠᠬᠯᠠᠨ᠎ᠠ᠃ | | ᠳᠥᠷᠪᠡ᠂ ᠴᠠᠭ ᠤᠨ ᠲᠣᠬᠢᠷᠠᠭᠤᠯᠤᠯᠲᠠ | ᠲᠠᠭᠯᠠᠨ ᠮᠡᠳᠡᠭᠦᠯᠬᠦ ᠴᠠᠭ᠄ 2023 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ ᠤᠨ 9 ᠴᠠᠭ ᠠᠴᠠ | 14 ᠤ ᠡᠳᠦᠷ ᠤᠨ 17 ᠴᠠᠭ᠃ | | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠡᠮᠴᠢᠯᠡᠭᠡᠨ ᠤ ᠪᠠᠶᠢᠭᠤᠯᠤᠮᠵᠢ ᠲᠠᠭᠯᠠᠨ ᠮᠡᠳᠡᠭᠦᠯᠬᠦ ᠶᠢ ᠪᠡᠶᠡᠯᠡᠭᠦᠯᠦᠭᠰᠡᠨ ᠤ ᠳᠠᠷᠠᠭ᠎ᠠ᠂ ᠠᠶᠢᠮᠠᠭ | ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠳᠡᠪᠰᠢᠭᠦᠯᠦᠨ ᠬᠢᠨᠠᠭᠤᠯᠤᠨ᠎ᠠ᠂ ᠡᠯ᠎ᠡ ᠠᠶᠢᠮᠠᠭ | ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠡᠯ᠎ᠡ ᠡᠮᠴᠢᠯᠡᠭᠡᠨ ᠤ | ᠪᠠᠶᠢᠭᠤᠯᠤᠮᠵᠢ ᠶᠢᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠴᠢᠨᠠᠷ ᠢ ᠪᠠᠲᠤᠯᠠᠵᠤ᠂ ᠠᠯᠳᠠᠭ᠎ᠠ ᠦᠭᠡᠢ | ᠪᠠᠶᠢᠬᠤ ᠶᠢ ᠨᠤᠲᠠᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ | ᠲᠥᠪ ᠲᠤ ᠲᠤᠰᠢᠶᠠᠨ᠎ᠠ᠃ | ︵ᠬᠤᠶᠠᠷ︶ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠤᠨ ᠲᠥᠪ ᠴᠢᠩᠭ᠎ᠠ ᠪᠠ ᠣᠨᠣᠪᠴᠢᠲᠠᠶ | ᠪᠠᠶᠢᠬᠤ ᠶᠢ ᠪᠠᠲᠤᠯᠠᠬᠤ ᠶᠢᠨ ᠲᠤᠰᠠᠳᠠ᠂ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠬᠤᠳᠠᠯᠳᠤᠨ ᠠᠪᠤᠬᠰᠠᠨ | ᠲᠡᠦᠬᠡᠨ ᠲᠤᠭ᠎ᠠ ᠪᠠᠷᠢᠮᠲᠠ ᠵᠢᠴᠢ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠪᠠᠨ ᠲᠤᠰᠢᠶᠠᠬᠤ ᠦᠶ᠎ᠡ ᠳᠤ ᠪᠠᠨ | ᠡᠷᠬᠡᠪᠰᠢ ᠡᠮᠴᠢᠯᠡᠭᠡᠨ ᠤ ᠪᠠᠶᠢᠭᠤᠯᠤᠮᠵᠢ ᠶᠢᠨ ᠱᠦᠵᠢ ᠪᠣᠯᠣᠨ ᠬᠤᠷᠢᠶᠠᠨ ᠳᠠᠷᠤᠭ᠎ᠠ ᠬᠤᠶᠠᠷ ᠢᠶᠠᠷ ᠭᠠᠷ ᠤᠨ ᠥᠰᠥᠭ | ᠵᠢᠷᠤᠭᠤᠯᠵᠤ ᠨᠤᠲᠠᠯᠠᠨ ᠵᠥᠪᠰᠢᠶᠡᠷᠡᠭᠦᠯᠬᠦ ᠬᠡᠷᠡᠭᠲᠡᠢ᠃ | ︵ᠭᠤᠷᠪᠠ︶ ᠡᠯ᠎ᠡ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠨᠤᠭᠤᠳ ᠲᠣᠰ ᠤᠳᠠᠭᠠᠨ ᠤ ᠲᠤᠭ᠎ᠠ | ᠪᠠᠷᠢᠮᠲᠠ ᠲᠠᠭᠯᠠᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠳᠤ ᠪᠠᠨ ᠳᠠᠳᠮᠠᠭᠠᠢ | ᠲᠤᠰᠬᠠᠢ ᠬᠥᠮᠥᠨ ᠢ ᠲᠤᠬᠢᠷᠠᠭᠤᠯᠵᠤ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ | ᠬᠠᠷᠢᠭᠤᠴᠠᠭᠤᠯᠵᠤ᠂ ᠲᠣᠭᠲᠠᠭᠰᠠᠨ ᠴᠠᠭ ᠲᠤ ᠬᠠᠮᠢᠶ᠎ᠠ ᠪᠦᠬᠦᠢ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠠᠭᠯᠠᠨ | ᠮᠡᠳᠡᠭᠦᠯᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠵᠥᠪ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠢ᠃ | ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ | ︵ᠨᠢᠭᠡ︶ ᠪᠡᠭᠡᠵᠢᠩ ᠲᠢᠶᠠᠨᠵᠢᠨ ᠾᠧᠪᠧᠢ ᠶᠢᠨ ᠡᠮ ᠡᠮᠨᠡᠯᠭᠡ ᠶᠢᠨ ᠬᠠᠮᠲᠤᠷᠠᠨ ᠬᠤᠳᠠᠯᠳᠤᠨ ᠠᠪᠬᠤ ᠠᠯᠪᠠᠨ | ᠭᠡᠷ᠄ | ᠬᠠᠷᠢᠯᠴᠠᠬᠤ ᠤᠲᠠᠰᠤ᠄ ︵ᠲᠥᠷᠦ ᠶᠢᠨ ᠪᠣᠳᠤᠯᠭ᠎ᠠ ᠶᠢᠨ ᠯᠠᠪᠯᠠᠬᠤ︶ 010 ︱ 89152636᠂ ︵ | ᠮᠡᠳᠡᠭᠡ ᠵᠠᠩᠭᠢ ᠶᠢᠨ ᠰᠠᠯᠠᠭ᠎ᠠ︶ 010 ︱ 89152642᠂ ︵ᠰᠢᠰᠲ᠋ᠧᠮ ᠤᠨ ᠠᠵᠢᠯᠯᠠᠭ᠎ᠠ︶ 010 ︱ | 63359338᠂ 010 ︱ 63359686᠂ 010 ︱ 63350020 | ︵ᠬᠤᠶᠠᠷ︶ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮ ᠡᠮᠨᠡᠯᠭᠡ ᠶᠢᠨ ᠬᠤᠳᠠᠯᠳᠤᠨ | ᠠᠪᠬᠤ ᠲᠥᠪ | ᠬᠠᠷᠢᠯᠴᠠᠬᠤ ᠤᠲᠠᠰᠤ᠄ 0471-4904515᠂ 4908367 | | ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ | 2023 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ | |