ᠡᠯ᠎ᠡ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ᠄ | ᠬᠢᠩᠭᠠᠨ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠵᠢᠴᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ | ᠣᠲᠣ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠨᠠᠶᠢᠳᠠᠵᠤ ᠳᠣᠭᠢᠷᠠᠭᠤᠯᠤᠨ ᠬᠦᠷᠭᠡᠬᠦ ᠵᠥᠪᠯᠡᠯᠴᠡᠭᠡᠷ ᠤᠨ | ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠲᠤ ᠲᠣᠬᠢᠷᠠᠭᠤᠯᠤᠯᠲᠠ | ᠬᠢᠬᠦ ᠶᠠᠪᠤᠳᠠᠯ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠬᠢᠩᠭᠠᠨ ᠠᠶᠢᠮᠠᠭ ᠤᠨ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠢᠯᠡ ᠪᠠᠷ ᠬᠤᠳᠠᠯᠳᠤᠨ ᠠᠪᠴᠤ ᠰᠦᠯᠵᠢᠶᠡᠨ ᠳᠤ ᠬᠤᠯᠪᠤᠭᠰᠠᠨ ᠦᠢᠯᠡᠳᠭᠦᠨ ᠢ | ᠨᠠᠶᠢᠳᠠᠨ ᠳᠣᠭᠢᠷᠠᠭᠤᠯᠤᠨ ᠬᠦᠷᠭᠡᠬᠦ ᠵᠥᠪᠯᠡᠯᠴᠡᠭᠡᠷ ᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢ ᠵᠥᠪᠬᠡᠨ | ᠴᠠᠭᠠᠰᠤᠨ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ ᠪᠠᠷ ᠳᠣᠭᠢᠷᠠᠭᠤᠯᠪᠠ᠃ | ᠬᠤᠶᠠᠷ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ︽ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠤᠨ ᠨᠠᠶᠢᠳᠠᠨ ᠳᠣᠭᠢᠷᠠᠭᠤᠯᠤᠨ ᠬᠦᠷᠭᠡᠬᠦ ᠵᠥᠪᠳᠡᠯᠴᠡᠭᠡᠷ ︵ᠥᠯᠢᠭᠡᠷ ᠬᠡᠪ︶︾ ︵ᠳᠠᠭᠠᠯᠳᠤᠭᠤᠯᠤᠯ︶ | ᠶᠣᠰᠣᠭᠠᠷ ᠦᠢᠯᠡᠳᠪᠦᠷᠢᠯᠡᠯ ᠤᠨ ᠠᠵᠤ ᠠᠬᠤᠶᠢᠯᠠᠯ ᠯᠤᠭ᠎ᠠ ᠨᠠᠶᠢᠳᠠᠵᠤ ᠳᠣᠭᠢᠷᠠᠭᠤᠯᠤᠨ ᠬᠦᠷᠭᠡᠬᠦ ᠵᠥᠪᠳᠡᠯᠴᠡᠭᠡᠷ | ᠲᠣᠭᠲᠠᠬᠤ ᠶᠢᠨ ᠬᠠᠮᠲᠤ ᠰᠦᠯᠵᠢᠶᠡᠨ ᠳᠡᠭᠡᠷ᠎ᠡ ᠳᠣᠭᠢᠷᠠᠭᠤᠯᠤᠨ ᠬᠦᠷᠭᠡᠬᠦ ᠬᠠᠷᠢᠴᠠᠭ᠎ᠠ ᠨᠢᠭᠡᠨᠲᠡ ᠪᠠᠶᠢᠭᠤᠯᠤᠬᠳᠠᠬᠰᠠᠨ | ᠤᠷᠢᠲᠠᠯ ᠳᠣᠤᠷ᠎ᠠ᠂ ᠣᠭ ᠮᠠᠲ᠋ᠧᠷᠢᠶᠠᠯ ᠢᠶᠠᠨ ᠬᠢᠩᠭᠠᠨ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠲᠥᠪ ᠲᠤ ᠢᠯᠡᠭᠡᠬᠦ ᠪᠤᠶᠤ ᠰᠢᠤᠳᠠᠨ ᠢᠶᠠᠷ ᠢᠯᠡᠭᠡᠬᠦ ᠬᠡᠷᠡᠭᠲᠡᠶ᠃ ᠨᠠᠶᠢᠳᠠᠵᠤ ᠲᠣᠬᠢᠷᠠᠭᠤᠯᠤᠨ | ᠬᠦᠷᠭᠡᠬᠦ ᠵᠥᠪᠳᠡᠯᠴᠡᠭᠡᠷ ᠢ ᠡᠷᠬᠡᠪᠰᠢ ᠱᠠᠭᠠᠷᠳᠠᠯᠭ᠎ᠠ ᠶᠣᠰᠣᠭᠠᠷ ᠦᠢᠯᠡᠳᠬᠦᠨ ᠤ ᠮᠡᠳᠡᠭᠡ ᠵᠠᠩᠭᠢ ᠶᠢᠨ ᠬᠦᠰᠦᠨᠦᠭᠲᠦ | ᠵᠢᠴᠢ ᠲᠣᠬᠢᠷᠠᠭᠤᠯᠤᠨ ᠬᠦᠷᠭᠡᠬᠦ ᠣᠷᠣᠨ ᠢ ᠳᠠᠭᠠᠯᠳᠤᠭᠤᠯᠵᠤ᠂ ᠬᠠᠤᠯᠢ ᠶᠢᠨ ᠡᠷᠬᠡᠲᠡᠨ ᠠᠴᠠ ᠭᠠᠷ ᠤᠨ ᠦᠰᠦᠭ | ᠵᠢᠷᠤᠬᠤ ᠶᠢᠨ ᠬᠠᠮᠲᠤ ᠠᠯᠪᠠᠨ ᠲᠠᠮᠠᠭ᠎ᠠ ᠳᠠᠷᠤᠵᠤ᠂ ᠠᠯᠪᠠᠨ ᠲᠠᠮᠠᠭ᠎ᠠ ᠶᠢ ᠲᠣᠳᠣᠷᠬᠠᠶ ᠪᠥᠭᠡᠳ ᠪᠦᠷᠢᠨ ᠪᠦᠲᠦᠨ | ᠪᠠᠶᠢᠯᠭᠠᠨ᠎ᠠ᠂ ᠡᠰᠡ ᠲᠡᠭᠡᠪᠡᠯ ᠬᠢᠨᠠᠨ ᠬᠠᠷᠭᠤᠭᠤᠯᠬᠤ ᠥᠬᠡᠶ᠃ | ᠭᠤᠷᠪᠠ᠂ ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ᠂ ᠮᠠᠨ ᠤ ᠲᠥᠪ ᠲᠤᠯᠤᠭᠠᠨ ᠠᠵᠢᠯᠯᠠᠬᠤ | ᠡᠳᠦᠷ ᠤᠨ ᠳᠣᠲᠣᠷ᠎ᠠ ᠮᠠᠲ᠋ᠧᠷᠢᠶᠠᠯ ᠢ ᠬᠢᠨᠠᠨ ᠬᠠᠷᠭᠤᠭᠤᠯᠬᠤ ᠠᠵᠢᠯ ᠢ ᠳᠠᠭᠤᠰᠬᠠᠨ᠎ᠠ᠃ | ᠳᠥᠷᠪᠡ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶ᠋ᠢᠭ᠃ | ᠰᠢᠤᠳᠠᠨ ᠬᠠᠶ᠋ᠢᠭ᠄ ᠬᠢᠩᠭᠠᠨ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ | 305 ᠲᠠᠰᠤᠭ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠤᠯᠠᠭᠠᠨᠬᠤᠲᠠ | ᠬᠤᠲᠠ ᠶᠢᠨ ᠬᠢᠩᠭᠠᠨ ᠶᠡᠭᠡ ᠵᠠᠮ ᠤᠨ 36 ᠳ᠋ᠤᠭᠠᠷ ᠲᠣᠭᠠᠲᠤ︶ | ᠬᠠᠷᠢᠯᠴᠠᠬᠤ ᠬᠥᠮᠦᠨ᠄ ᠴᠧᠩ ᠶᠢᠨ ᠹᠧᠩ | ᠬᠠᠷᠢᠯᠴᠠᠬᠤ ᠤᠲᠠᠰᠤ᠄ 0482—8250918 | | ᠬᠢᠩᠭᠠᠨ ᠠᠢᠮᠠᠭ ᠤᠨ ᠡᠮ ᠡᠮᠨᠡᠯᠭᠡ ᠶᠢᠨ ᠳᠠᠭᠠᠳᠭᠠᠯ ᠤᠨ ᠦᠢᠯᠡᠴᠢᠯᠡᠭᠡᠨ ᠤ ᠲᠥᠪ | 2023 ᠣᠨ ᠤ 4 ᠳ᠋ᠤᠭᠡᠷ ᠰᠠᠷ᠎ᠠ ᠶᠢᠨ 3 ᠤ ᠡᠳᠦᠷ | | ᠳᠠᠭᠠᠯᠳᠤᠭᠤᠯᠤᠯ᠄ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠵᠥᠪᠯᠡᠯᠴᠡᠭᠡᠷ ︵ᠥᠯᠢᠭᠡᠷ ᠡᠳ᠋︶ | | |