ᠭᠠᠲᠠᠭᠠᠲᠦ ᠬᠠᠷᠢᠯᠴᠠᠭᠠᠨ ᠤ ᠶᠠᠮᠤᠨ ᠤ ᠦᠭᠦᠯᠡᠭᠴᠢ ᠠᠴᠠ ᠼᠠᠢ ᠶᠢᠩ ᠸᠧᠨ ᠤ ︽ᠬᠢᠯᠢ ᠳᠠᠪᠠᠵᠤ︾ ᠠᠮᠧᠷᠢᠺᠠ ᠳᠤ ᠶᠠᠷᠢᠶ᠎ᠠ ᠢᠯᠡᠳᠬᠡᠯ ᠬᠢᠭᠰᠡᠨ ᠢ ᠰᠢᠭᠦᠮᠵᠢᠯᠡᠪᠡ
ᠨᠡᠶᠢᠲᠡᠯᠡᠭᠰᠡᠨ ᠴᠠᠭ᠄
2023/4/6
  ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ ᠠᠴᠠ 6 ᠤ ᠡᠳᠦᠷ ᠼᠠᠢ ᠶᠢᠩ ᠸᠧᠨ ᠤ ︽ᠬᠢᠯᠢ ᠳᠠᠪᠠᠵᠤ︾ ᠠᠮᠧᠷᠢᠺᠠ ᠳᠤ ᠶᠠᠷᠢᠶ᠎ᠠ ᠢᠯᠡᠳᠬᠡᠯ ᠬᠢᠭᠰᠡᠨ ᠢ ᠰᠢᠭᠦᠮᠵᠢᠯᠡᠪᠡ᠃ ᠪᠦᠬᠦ ᠠᠭᠤᠯᠭ᠎ᠠ ᠨᠢ ᠲᠤᠤᠷᠠᠬᠢ ᠮᠡᠳᠤ᠄  ᠣᠶᠢᠷ᠎ᠠ ᠳᠤ᠂ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠶᠢᠨ ᠲᠥᠪ ᠴᠢᠩᠭ᠎ᠠ ᠬᠠᠷᠢᠯᠴᠠᠭ᠎ᠠ ᠪᠣᠯᠤᠨ ᠳᠠᠬᠢᠨ ᠳᠠᠪᠲᠠᠨ ᠰᠡᠷᠡᠮᠵᠢᠯᠡᠭᠦᠯᠦᠯ ᠢ ᠬᠠᠶᠢᠬᠤᠷᠤᠯ ᠦᠭᠡᠶ᠂ ᠲᠠᠶᠢᠸᠠᠨ ᠣᠷᠣᠨ ᠤ ᠤᠳᠤᠷᠢᠳᠤᠭᠴᠢ ᠼᠠᠢ ᠶᠢᠩ ᠸᠧᠨ ︽ᠬᠢᠯᠢ ᠳᠠᠪᠠᠵᠤ︾ ᠠᠮᠧᠷᠢᠺᠠ ᠳᠤ ᠬᠦᠷᠬᠦ ᠶᠢ ᠵᠥᠪᠰᠢᠶᠡᠷᠡᠵᠦ᠂ ᠠᠮᠧᠷᠢᠺᠠ ᠶᠢᠨ ᠵᠠᠰᠠᠭ ᠤᠨ ᠣᠷᠳᠣᠨ ᠤ ᠭᠤᠷᠪᠠᠳᠤᠭᠠᠷ ᠳᠡᠰ ᠤᠨ ᠵᠡᠷᠭᠡᠲᠡᠨ᠂ ᠤᠯᠤᠰ ᠤᠨ ᠬᠤᠷᠠᠯ ᠤᠨ ᠳᠣᠤᠷᠠᠳᠤ ᠵᠥᠪᠯᠡᠯᠭᠡᠨ ᠤ ᠳᠠᠷᠤᠭ᠎ᠠ ᠮᠠᠶᠢᠺᠠᠰᠢ᠂ ᠼᠠᠢ ᠶᠢᠩ ᠸᠧᠨ ᠲᠠᠢ ᠠᠭᠤᠯᠵᠠᠵᠤ᠂ ᠠᠮᠧᠷᠢᠺᠠ ᠶᠢᠨ ᠲᠠᠯ᠎ᠠ ᠶᠢᠨ ᠠᠯᠪᠠᠨ ᠲᠤᠰᠢᠶᠠᠯᠲᠠᠨ᠂ ᠤᠯᠤᠰ ᠤᠨ ᠬᠤᠷᠠᠯ ᠤᠨ ᠵᠥᠪᠯᠡᠯᠭᠡᠨ ᠤ ᠭᠡᠰᠢᠭᠦᠨ ᠲᠡᠳᠡᠨ ᠲᠠᠢ ᠬᠠᠷᠢᠯᠴᠠᠵᠤ᠂ ᠼᠠᠢ ᠶᠢᠩ ᠸᠧᠨ ᠳᠤ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠭᠡᠰᠡᠨ ᠬᠠᠭᠠᠴᠠᠭᠤᠯᠬᠤ ᠶᠠᠷᠢᠶ᠎ᠠ ᠢᠯᠡᠳᠬᠡᠯ ᠨᠡᠶᠢᠲᠡᠯᠡᠬᠦ ᠳᠠᠪᠴᠠᠩ ᠢ ᠬᠠᠩᠭᠠᠭᠠᠵᠠᠢ᠃ ᠲᠡᠭᠦᠨ ᠤ ᠮᠦᠨ ᠴᠢᠨᠠᠷ ᠨᠢ ᠳᠠᠷᠤᠶ ᠠᠮᠧᠷᠢᠺᠠ ᠲᠠᠶᠢᠸᠠᠨ ᠬᠠᠷᠢᠯᠴᠠᠨ ᠰᠦᠯᠪᠡᠭᠡᠯᠡᠵᠦ᠂ ︽ᠬᠢᠯᠢ ᠳᠠᠪᠠᠭ᠋ᠤ︾ ᠪᠠᠷ ᠬᠠᠯᠬᠠᠪᠴᠢ ᠪᠣᠯᠭᠠᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠡᠲᠡᠭᠡᠳ ᠤᠨ ᠠᠮᠧᠷᠢᠺᠠ ᠳᠤ ᠤᠯᠤᠰ ᠲᠥᠷᠥ ᠶᠢᠨ ᠠᠵᠢᠯᠯᠠᠭ᠎ᠠ ᠬᠢᠬᠦ ᠶᠢ ᠳᠤᠷ᠎ᠠ ᠪᠠᠷ ᠨᠢ ᠲᠠᠯᠪᠢᠵᠤ᠂ ᠠᠮᠧᠷᠢᠺᠠ ᠪᠤᠯᠤᠨ ᠲᠠᠶᠢᠸᠠᠨ ᠤ ᠠᠯᠪᠠᠨ ᠤ ᠲᠠᠯ᠎ᠠ ᠶᠢᠨ ᠶᠠᠪᠤᠯᠴᠠᠭ᠎ᠠ ᠶᠢ ᠥᠷᠨᠢᠭᠦᠯᠦᠨ᠂ ᠠᠮᠧᠷᠢᠺᠠ ᠪᠤᠯᠤᠨ ᠲᠠᠶᠢᠸᠠᠨ ᠮᠥᠨ ᠴᠢᠨᠠᠷ ᠤᠨ ᠬᠠᠷᠢᠴᠠᠭ᠎ᠠ ᠶᠢ ᠳᠡᠭᠡᠭᠰᠢᠯᠡᠭᠦᠯᠵᠦ᠂ ᠡᠨᠡ ᠬᠦ ᠠᠵᠢᠯᠯᠠᠭ᠎ᠠ ᠨᠢ ᠨᠢᠭᠡ ᠯᠡ ᠳᠤᠮᠳᠠᠳᠤ ᠤᠯᠤᠰ ᠭᠡᠬᠦ ᠵᠠᠷᠴᠢᠮ ᠪᠠ ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢᠨ ᠲᠣᠭᠲᠠᠭᠠᠯ ᠢ ᠬᠦᠨᠳᠦ ᠨᠣᠴᠢᠲᠠᠶ ᠵᠥᠷᠢᠴᠡᠵᠦ᠂ ᠳᠤᠮᠳᠠᠳᠤ ᠶᠢᠨ ᠲᠠᠯ᠎ᠠ ᠶᠢᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠦᠨᠳᠦ ᠨᠣᠴᠢᠲᠠᠶ ᠬᠤᠬᠢᠷᠠᠭᠤᠯᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠬᠦᠴᠦᠨ ᠳᠤ ᠬᠦᠨᠳᠦ ᠨᠣᠴᠢᠲᠠᠶ ᠪᠤᠷᠤᠭᠤ ᠳᠣᠬᠢᠶ᠎ᠠ ᠥᠭᠪᠡ᠃ ᠳᠣᠮᠲᠠᠲᠤ ᠤᠯᠤᠰ ᠤᠨ ᠲᠠᠯ᠎ᠠ ᠡᠭᠦᠠ ᠢ ᠡᠷᠠᠰ ᠡᠰᠠᠷᠭᠦᠴᠠᠵᠤ᠂ ᠴᠢᠩᠭ᠎ᠠ ᠪᠤᠷᠣᠭᠤᠰᠢᠶᠠᠵᠤ ᠪᠠᠶᠢᠨ᠎ᠠ᠃  ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠤᠯ ᠲᠡᠯᠡᠭᠡᠢ ᠨᠡᠶᠢᠲᠡ ᠶᠢᠨ ᠬᠠᠮᠲᠦ ᠶᠢᠨ ᠲᠠᠨᠢᠯᠲᠠ ᠪᠤᠯᠤᠨ ᠤᠯᠠᠨ ᠤᠯᠤᠰ ᠤᠨ ᠬᠠᠷᠢᠴᠠᠭᠠᠨ ᠤ ᠦᠨᠲᠦᠰᠦᠨ ᠪᠠᠷᠢᠮᠵᠢᠶ᠎ᠠ ᠮᠦᠨ᠂ ᠪᠠᠰᠠ ᠴᠤ ᠲᠤᠮᠲᠠᠲᠦ ᠠᠮᠧᠷᠢᠺᠠ ᠶᠢᠨ ᠬᠤᠭᠤᠷᠤᠨᠲᠤᠭᠢ ᠭᠠᠲᠠᠭᠠᠲᠦ ᠬᠠᠷᠢᠯᠴᠠᠭᠠᠨ ᠤ ᠬᠠᠷᠢᠴᠠᠭ᠎ᠠ ᠶᠢ ᠪᠠᠶᠢᠭᠤᠯᠤᠨ ᠬᠦᠭᠵᠢᠭᠦᠯᠭᠦ ᠶᠢᠨ ᠤᠷᠢᠲᠠᠯ ᠪᠠ ᠰᠠᠭᠤᠷᠢ ᠮᠦᠨ᠃ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠳᠡᠭᠡᠨ ᠵᠥᠪᠬᠡᠨ ᠲᠠᠶᠢᠸᠠᠨ ᠲᠠᠢ ᠠᠯᠪᠠᠨ ᠤ ᠪᠤᠰᠤ ᠲᠠᠯ᠎ᠠ ᠶᠢᠨ ᠬᠠᠷᠢᠴᠠᠭ᠎ᠠ ᠪᠠᠨ ᠪᠠᠲᠤᠯᠠᠨ᠎ᠠ ᠭᠡᠵᠦ ᠲᠤᠳᠤᠷᠬᠠᠢ ᠠᠮᠠᠯᠠᠵᠠᠢ᠃ ᠬᠡᠪᠡᠴᠤ ᠣᠷᠲᠤ ᠬᠤᠭᠤᠴᠠᠭᠠᠨ ᠤ ᠳᠣᠷᠰᠢ ᠠᠮᠧᠷᠢᠺᠠ ᠶᠢᠨ ᠬᠢᠨ ︽ᠲᠠᠶᠢᠸᠠᠨ ᠢᠶᠠᠷ ᠳᠣᠮᠲᠠᠲᠤ ᠤᠯᠤᠰ ᠢ ᠡᠵᠠᠮᠲᠠᠭᠦ︾ ᠪᠠᠶᠢᠯᠲᠣᠬᠤ ᠪᠤᠲᠣᠯᠭ᠎ᠠ ᠶᠢ ᠪᠤᠷᠣᠭᠤ ᠪᠠᠷ ᠬᠡᠷᠡᠭᠵᠢᠭᠦᠯᠵᠦ᠂ ᠠᠮᠠᠯᠠᠯᠲᠠ ᠠᠴᠠ ᠪᠠᠨ ᠵᠥᠷᠢᠴᠡᠵᠦ᠂ ᠲᠠᠶᠢᠸᠠᠨ ᠯᠤᠭ᠎ᠠ ᠠᠯᠪᠠᠨ ᠤ ᠲᠠᠯ᠎ᠠ ᠶᠢᠨ ᠶᠠᠪᠤᠯᠴᠠᠭ᠎ᠠ᠂ ᠲᠠᠶᠢᠸᠠᠨ ᠳᠤ ᠵᠠᠷ ᠵᠡᠪᠰᠡᠭ ᠪᠤᠷᠤᠯᠠᠭᠤᠯᠬᠤ ᠪᠤᠯᠤᠨ ᠴᠡᠷᠢᠭ ᠤᠨ ᠶᠠᠪᠤᠳᠠᠯ ᠤᠨ ᠲᠠᠯ᠎ᠠ ᠪᠠᠷ ᠰᠦᠯᠪᠡᠭᠡᠯᠡᠬᠦ᠂ ᠲᠠᠶᠢᠸᠠᠨ ᠢ ᠲᠤᠰᠠᠯᠠᠨ ︽ᠳᠡᠯᠡᠬᠡᠢ ᠨᠡᠶᠢᠲᠡ ᠶᠢᠨ ᠤᠷᠤᠨ︾ ᠢ ᠦᠷᠭᠡᠳᠬᠡᠬᠦ ᠵᠡᠷᠭᠡ ᠲᠠᠯ᠎ᠠ ᠪᠠᠷ ᠥᠷᠭᠦᠯᠵᠢᠯᠡᠨ ᠱᠤᠭᠤᠮ ᠦᠩᠭᠡᠷᠡᠨ ᠥᠲᠦᠭᠡᠯᠭᠡ ᠬᠢᠵᠦ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠲᠠᠰᠤᠷᠠᠯᠲᠠ ᠦᠭᠡᠢ ᠬᠡᠶᠢᠰᠪᠦᠷᠢ ᠪᠠᠷ ᠠᠭᠤᠳᠠᠯᠵᠤ ᠬᠤᠭᠤᠰᠤᠷᠠᠭᠤᠯᠪᠠ᠃ ᠼᠠᠢ ᠶᠢᠩ ᠸᠧᠨ ᠲᠤᠰᠢᠶᠠᠯ ᠳᠤ ᠭᠠᠷᠤᠬᠰᠠᠨ ᠠᠴᠠ ᠨᠠᠭᠠᠰᠢ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠢᠯᠡᠷᠡᠭᠦᠯᠦᠭᠰᠡᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠮᠡᠳᠡᠷᠡᠬᠦ ᠦᠭᠡᠢ ᠪᠠᠶᠢᠵᠤ᠂ ᠠᠷᠠᠯ ᠳᠤᠲᠤᠷ᠎ᠠ ᠪᠠᠨ ᠡᠯ᠎ᠡ ᠵᠦᠢᠯ ᠤᠨ ︽ᠲᠠᠶᠢᠸᠠᠨ ᠢ ᠲᠤᠰᠠᠭᠠᠷ ᠳᠣᠬᠲᠠᠨᠢᠭᠤᠯᠬᠤ︾ ᠬᠠᠭᠠᠴᠠᠭᠤᠯᠬᠤ ᠦᠭᠡ ᠶᠠᠷᠢᠶ᠎ᠠ ᠶᠢ ᠳᠤᠷ᠎ᠠ ᠪᠠᠷ ᠨᠢ ᠲᠠᠯᠪᠢᠬᠤ᠂ ᠳᠡᠮᠵᠢᠬᠦ᠂ ᠠᠬᠢᠭᠤᠯᠬᠤ᠂ ᠨᠡᠷ᠎ᠡ ᠶᠢ ᠨᠢ ᠬᠤᠪᠢᠷᠠᠭᠤᠯᠵᠤ᠂ ︽ᠠᠭᠠᠵᠢᠮ ᠢᠶᠠᠷ ᠲᠠᠶᠢᠸᠠᠨ ᠢ ᠲᠤᠰᠠᠭᠠᠷ ᠲᠣᠬᠲᠠᠨᠢᠭᠤᠯᠬᠤ︾ ᠶᠢ ᠠᠬᠢᠭᠤᠯᠵᠤ᠂ ᠬᠤᠶᠠᠷ ᠡᠷᠭᠢ ᠶᠢᠨ ᠬᠠᠷᠢᠴᠠᠭ᠎ᠠ ᠶᠢ ᠬᠥᠨᠳᠡᠢ ᠨᠤᠴᠢᠲᠠᠢ ᠬᠥᠴᠢᠷᠳᠡᠯ ᠳᠤ ᠤᠴᠠᠭᠠᠷᠠᠭᠤᠯᠪᠠ᠃  ᠲᠠᠶᠢᠸᠠᠨ ᠤ ᠠᠰᠠᠭᠤᠳᠠᠯ ᠪᠣᠯ ᠳᠤᠮᠳᠠᠳᠤ ᠤᠯᠤᠰ ᠤᠨ ᠭᠤᠣᠯ ᠠᠰᠢᠭ ᠲᠤᠰᠠ ᠶᠢᠨ ᠳᠣᠲᠤᠷᠠᠬᠢ ᠭᠤᠣᠯᠳᠠᠯᠭ᠎ᠠ ᠮᠦᠨ᠂ ᠳᠤᠮᠳᠠᠳᠤ ᠠᠮᠧᠷᠢᠺᠠ ᠶᠢᠨ ᠬᠠᠷᠢᠴᠠᠭᠠᠨ ᠤ ᠳᠠᠪᠠᠵᠤ ᠪᠣᠯᠤᠰᠢ ᠦᠭᠡᠶ ᠲᠡᠷᠢᠭᠦᠨ ᠤ ᠤᠯᠠᠭᠠᠨ ᠱᠤᠭᠤᠮ ᠪᠣᠯᠣᠨ᠎ᠠ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠨᠢ ᠬᠤᠶᠠᠷ ᠡᠷᠭᠢ ᠶᠢᠨ ᠡᠩᠬᠡ ᠲᠠᠶᠢᠪᠣᠩ ᠲᠣᠭᠲᠠᠭᠤᠨ ᠪᠠᠶᠢᠳᠠᠯ ᠨᠢ ᠭᠠᠯ ᠤᠰᠤ ᠰᠢᠭ᠋ ᠬᠠᠷᠰᠢᠯᠳᠤᠵᠤ᠂ ᠮᠦᠨ ᠯᠡ ᠨᠢᠭᠡ ᠮᠥᠬᠦᠯ ᠤᠨ ᠵᠠᠮ ᠪᠤᠯᠤᠨ᠎ᠠ᠃ ᠠᠮᠧᠷᠢᠺᠠ ᠲᠠᠶᠢᠸᠠᠨ ᠤ ᠰᠦᠯᠪᠡᠭᠡᠯᠳᠦᠵᠦ ᠪᠠᠶᠢᠭ᠎ᠠ ᠬᠦᠨᠲᠦ ᠨᠤᠴᠢᠲᠠᠢ ᠪᠤᠷᠤᠭᠤ ᠳᠤ ᠴᠢᠭᠯᠡᠭᠦᠯᠦᠨ᠂ ᠳᠤᠮᠲᠠᠲᠦ ᠶᠢᠨ ᠲᠠᠯ᠎ᠠ ᠶᠢᠨ ᠬᠢᠨᠢ ᠡᠷᠡᠰ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠡᠷᠬᠡ ᠮᠡᠳᠡᠯ ᠪᠤᠯᠤᠨ ᠨᠤᠲᠤᠭ ᠳᠡᠪᠢᠰᠭᠡᠷ ᠤᠨ ᠪᠥᠷᠢᠨ ᠪᠥᠲᠦᠨ ᠪᠠᠶᠢᠬᠤ ᠶᠢ ᠬᠠᠮᠠᠭᠠᠯᠠᠨ᠎ᠠ᠃ ᠪᠢᠳᠡ ᠠᠮᠧᠷᠢᠺᠠ ᠶᠢᠨ ᠲᠠᠯ᠎ᠠ ᠶᠢᠨ ᠬᠢᠨ ᠢ ᠨᠢᠭᠡ ᠳᠤᠮᠳᠠᠳᠤ ᠤᠯᠤᠰ ᠪᠠᠶᠢᠬᠤ ᠵᠠᠷᠴᠢᠮ ᠪᠤᠯᠤᠨ ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠬᠰᠠᠨ ᠠᠯᠪᠠᠨ ᠮᠡᠳᠡᠭᠡ ᠶᠢᠨ ᠳᠤᠬᠲᠠᠭᠠᠯ ᠢ ᠬᠡᠴᠢᠶᠡᠩᠭᠦᠶᠢᠯᠡᠨ ᠰᠠᠬᠢᠬᠤ ᠬᠡᠷᠡᠭᠲᠡᠢ ᠭᠡᠵᠦ ᠳᠠᠬᠢᠨᠲᠠ ᠱᠠᠭᠠᠷᠳᠠᠵᠤ ᠠᠮᠧᠷᠢᠺᠠ ᠶᠢᠨ ᠤᠳᠤᠷᠢᠳᠬᠤ ᠬᠥᠮᠦᠰ ᠤᠨ ᠭᠠᠷᠭᠠᠬᠰᠠᠨ ︽ᠲᠠᠶᠢᠸᠠᠨ ᠢ ᠲᠤᠰᠠᠭᠠᠷ ᠳᠣᠬᠲᠠᠨᠢᠭᠤᠯᠬᠤ︾ ᠶᠢ ᠥᠯᠦ ᠳᠡᠮᠵᠢᠬᠦ᠂ ︽ᠬᠤᠶᠠᠷ ᠳᠤᠮᠳᠠᠳᠤ ᠤᠯᠤᠰ︾ ᠪᠤᠶᠤ ︽ᠨᠢᠭᠡ ᠳᠤᠮᠳᠠᠳᠤ ᠨᠢᠭᠡ ᠲᠠᠶᠢᠸᠠᠨ︾ ᠶᠢ ᠥᠯᠦ ᠳᠡᠮᠵᠢᠬᠦ ᠠᠮᠠᠯᠠᠯᠲᠠ ᠶᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠠᠮᠧᠷᠢᠺᠠ ᠲᠠᠶᠢᠸᠠᠨ ᠤ ᠶᠠᠮᠠᠷᠪᠠ ᠬᠡᠯᠪᠡᠷᠢ ᠶᠢᠨ ᠠᠯᠪᠠᠨ ᠤ ᠲᠠᠯ᠎ᠠ  ᠶᠢᠨ ᠶᠠᠪᠤᠯᠴᠠᠭ᠎ᠠ ᠶᠢ ᠳᠠᠷᠤᠢ ᠲᠥᠷᠭᠡᠨ ᠵᠤᠬᠰᠤᠭᠠᠵᠤ᠂ ᠠᠮᠧᠷᠢᠺᠠ ᠲᠠᠶᠢᠸᠠᠨ ᠤ ᠮᠦᠨ ᠴᠢᠨᠠᠷ ᠤᠨ ᠬᠠᠷᠢᠴᠠᠭ᠎ᠠ ᠶᠢ ᠳᠡᠰ ᠳᠡᠪᠰᠢᠭᠦᠯᠬᠦ ᠶᠢ ᠵᠤᠬᠰᠤᠭᠠᠵᠤ᠂ ᠲᠠᠶᠢᠸᠠᠨ ᠬᠤᠭᠤᠯᠠᠢ ᠶᠢᠨ ᠪᠠᠴᠢᠮ ᠬᠥᠴᠦᠨ ᠵᠦᠢᠯ ᠢ ᠪᠤᠢ ᠪᠤᠯᠭᠠᠬᠤ ᠶᠢ ᠵᠣᠬᠰᠤᠭᠠᠵᠤ᠂ ︽ᠲᠠᠶᠢᠸᠠᠨ ᠢᠶᠠᠷ ᠳᠤᠮᠳᠠᠳᠤ ᠤᠯᠤᠰ ᠢ ᠵᠠᠬᠢᠷᠬᠤ︾ ᠶᠢ ᠵᠣᠬᠰᠤᠭᠠᠵᠤ᠂ ᠪᠤᠷᠤᠭᠤ ᠪᠠ ᠠᠶᠤᠯᠲᠠᠢ ᠵᠠᠮ ᠢᠶᠠᠷ ᠶᠠᠪᠤᠬᠤ ᠳᠤᠲᠤᠮ ᠬᠤᠯᠠᠳᠠᠵᠦ ᠪᠤᠯᠬᠤ ᠦᠭᠡᠢ᠃ 
 
ᠢᠷᠡᠯᠲᠡ᠄ ᠰᠢᠨᠬᠤᠸᠠ ᠬᠤᠷᠢᠶᠠᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号