ᠡᠮᠴᠢᠯᠡᠭᠡᠨ ᠳᠤ ᠬᠡᠷᠡᠭᠯᠡᠬᠦ ᠬᠡᠰᠡᠭ ᠬᠤᠷᠣᠭᠳᠠᠯ ᠮᠠᠲ᠋ᠧᠷᠢᠶᠠᠯ ᠤᠨ ᠦᠢᠯᠡᠳᠭᠦᠨ ᠤ ᠦᠨ᠎ᠡ ᠬᠠᠩᠰᠢ ᠶᠢ ᠲᠣᠳᠣᠷᠬᠠᠶᠢᠯᠠᠬᠤ ᠲᠤᠬᠠᠶ ᠮᠡᠳᠡᠭᠳᠡᠯ ︵ᠳᠥᠷᠪᠡᠳᠦᠭᠡᠷ ᠪᠦᠯᠦᠭ︶
ᠨᠡᠶᠢᠲᠡᠯᠡᠭᠰᠡᠨ ᠴᠠᠭ᠄
2023/5/16
  ᠥᠪᠥᠷ ᠡᠮ ᠬᠤᠳᠠᠯᠳᠤᠨ ᠠᠪᠬᠤ ᠲᠥᠪ ᠦᠰᠦᠭ ﹇ 2023﹈ 97 ᠳ᠋ᠤᠭᠠᠷ ᠲᠣᠭᠠᠲᠤᠡᠯ᠎ᠡ ᠬᠠᠮᠢᠶ᠎ᠠ ᠪᠥᠬᠦᠶ ᠠᠵᠤ ᠠᠬᠤᠶᠢᠯᠠᠯ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇ 2022﹈ 246 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠣᠷᠣᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠣᠬᠤ ᠠᠵᠢᠯ ᠢ ᠥᠷᠨᠢᠭᠦᠯᠵᠦ᠂ ᠨᠡᠨ ᠬᠤᠭᠤᠴᠠᠭᠠᠨ ᠳᠤ ᠬᠡᠰᠡᠭ ᠵᠠᠭᠠᠯᠳᠤᠯᠭ᠎ᠠ ᠶᠢᠨ ᠮᠠᠲ᠋ᠧᠷᠢᠶᠠᠯ ᠢ ᠭᠥᠯᠢᠶᠡᠨ ᠠᠪᠴᠤ᠂ ᠬᠠᠮᠢᠶ᠎ᠠ ᠪᠥᠬᠦᠶ ᠵᠠᠭᠠᠯᠳᠤᠭᠳᠠᠭᠰᠠᠨ ᠠᠵᠤ ᠠᠬᠤᠶᠢᠯᠠᠯ ᠨᠢ ᠵᠠᠭᠠᠯᠳᠤᠯᠭ᠎ᠠ ᠶᠢᠨ ᠵᠦᠢᠯᠡᠰ ᠢ ᠡᠷᠬᠡᠪᠰᠢ ᠲᠣᠳᠣᠷᠬᠠᠶᠢᠯᠠᠬᠤ ᠬᠡᠷᠡᠭᠲᠡᠶ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ᠄  ᠨᠢᠭᠡ᠂ ᠮᠠᠲ᠋ᠧᠷᠢᠶᠠᠯ ᠢ ᠲᠣᠳᠣᠷᠬᠠᠢᠯᠠᠬᠤ  ᠠᠵᠤ ᠠᠬᠤᠶᠢᠯᠠᠯ ᠬᠡᠷᠪᠡ ᠵᠠᠭᠠᠯᠳᠤᠯᠭ᠎ᠠ ᠶᠢᠨ ᠠᠭᠤᠯᠭ᠎ᠠ ᠳᠤ ᠣᠨᠳᠣᠤ ᠰᠠᠨᠠᠯ ᠲᠠᠢ ᠪᠣᠯ ︽ᠬᠡᠨ ᠵᠣᠷᠢᠭᠰᠠᠨ ᠪᠣᠯ ᠲᠡᠷᠡ ᠭᠡᠷᠡᠴᠢ ᠭᠠᠷᠭᠠᠬᠤ︾ ᠵᠠᠷᠴᠢᠮ ᠤᠨ ᠶᠣᠰᠣᠭᠠᠷ᠂ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠦᠨᠡᠨ ᠪᠣᠳᠠᠲᠠᠶ ᠪᠥᠭᠡᠳ ᠬᠦᠴᠦᠨ ᠲᠠᠢ᠂ ᠪᠦᠷᠢᠨ ᠭᠦᠢᠴᠡᠳ ᠭᠡᠷᠡᠴᠢ ᠪᠠᠷᠢᠮᠲᠠ ᠪᠣᠯᠤᠨ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ᠃ ᠲᠤᠰᠢᠶᠠᠭᠰᠠᠨ ᠮᠠᠲ᠋ᠧᠷᠢᠶᠠᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠤᠭ᠍ᠳᠤ ︵ᠳᠠᠭᠠᠯᠳᠤᠭᠤᠯᠤᠯ 2︶᠂ ᠬᠠᠤᠯᠢ ᠶᠢᠨ ᠡᠷᠬᠡᠳᠡᠨ ᠤ ᠡᠷᠬᠡ ᠣᠯᠭᠤᠭᠰᠠᠨ ᠪᠢᠴᠢᠭ ︵ᠳᠠᠭᠠᠯᠳᠤᠭᠤᠯᠤᠯ 3︶᠂ ᠰᠦᠯᠵᠢᠶᠡᠨ ᠳᠤ ᠬᠤᠯᠪᠤᠭᠰᠠᠨ ᠦᠢᠯᠡᠳᠬᠦᠨ ᠤ ᠦᠨ᠎ᠡ ᠬᠠᠩᠰᠢ ᠶᠢᠨ ᠮᠡᠳᠡᠭᠦᠯᠬᠦ ᠬᠦᠰᠦᠨᠦᠭᠲᠦ ︵ᠳᠠᠭᠠᠯᠳᠤᠭᠤᠯᠤᠯ 4︶᠂ ᠲᠣᠳᠣᠷᠬᠠᠶᠢᠯᠠᠯᠲᠠ ᠪᠠ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠳᠤ ᠨᠢᠭᠤᠷ ᠳᠠᠷᠠᠭᠠᠯᠠᠨ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ᠃  ᠬᠤᠶᠠᠷ᠂ ᠲᠤᠰᠢᠶᠠᠬᠤ ᠠᠷᠭ᠎ᠠ ᠮᠠᠶ᠋ᠢᠭ  ︵ᠨᠢᠭᠡ︶ ᠰᠦᠯᠵᠢᠶᠡᠨ ᠳᠡᠭᠡᠷ᠎ᠡ ᠮᠠᠲ᠋ᠧᠷᠢᠶᠠᠯ ᠲᠤᠰᠢᠶᠠᠬᠤ ᠠᠵᠤ ᠠᠬᠤᠶᠢᠯᠠᠯ ᠨᠢ ︽ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ︾ ︱ ︽ᠲᠤᠰᠬᠠᠶ ᠲᠤᠬᠠᠶᠢᠯᠠᠭᠰᠠᠨ ᠠᠵᠢᠯ︾ ︱ ︽ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠤᠭᠰᠠᠨ ᠦᠨ᠎ᠡ ᠬᠠᠩᠰᠢ ᠶᠢᠨ ᠲᠣᠳᠣᠷᠠᠭᠤᠯᠤᠯᠲᠠ︾ ᠳᠤ ᠣᠷᠣᠵᠤ᠂ PDF ᠶᠢᠨ ᠬᠡᠯᠪᠡᠷᠢ ᠪᠠᠷ ᠮᠠᠲ᠋ᠧᠷᠢᠶᠠᠯ ᠢ ᠳᠡᠭᠡᠭᠰᠢ ᠳᠠᠮᠵᠢᠭᠤᠯᠵᠤ᠂ ᠣᠯᠠᠨ ᠵᠦᠢᠯ ᠤᠨ ᠠᠭᠤᠯᠭ᠎ᠠ ᠶᠢ ᠨᠢᠭᠡᠨ PDF ᠪᠢᠴᠢᠭ ᠮᠠᠲ᠋ᠧᠷᠢᠶᠠᠯ ᠪᠣᠯᠭᠠᠬᠤ ᠴᠢᠬᠤᠯᠠᠲᠠᠶ᠃  ︵ᠬᠤᠶᠠᠷ︶ ᠠᠵᠤ ᠠᠬᠤᠶᠢᠯᠠᠯ ᠨᠢ ᠲᠤᠬᠠᠶ ᠶᠢᠨ ᠲᠠᠯᠠᠪᠤᠷ ᠲᠤ ᠮᠠᠲ᠋ᠧᠷᠢᠶᠠᠯ ᠲᠤᠰᠢᠶᠠᠬᠤ ᠳᠤ᠂ ᠭᠡᠷᠡᠴᠢ ᠮᠠᠲ᠋ᠧᠷᠢᠶᠠᠯ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠨᠢᠭᠡᠳᠦᠭᠡᠷ ᠳᠠᠪᠬᠤᠷᠯᠢᠭ ᠤᠨ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠲᠠᠰᠤᠭ ᠲᠤ      ᠲᠤᠰᠢᠶᠠᠨ᠎ᠠ᠃  ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠴᠠᠭ  2023 ᠣᠨ ᠤ 5 ᠳ᠋ᠤᠭᠠᠷ ᠰᠠᠷ᠎ᠠ ᠶᠢᠨ 16 ᠤ ᠡᠳᠦᠷ ᠠᠴᠠ 2023 ᠣᠨ ᠤ 5 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠃  ᠳᠥᠷᠪᠡ᠂ ᠪᠤᠰᠤᠳ ᠵᠦᠢᠯ  ᠠᠵᠤ ᠠᠬᠤᠶᠢᠯᠠᠯ ᠨᠢ ᠲᠣᠭᠲᠠᠭᠰᠠᠨ ᠬᠤᠭᠤᠴᠠᠭᠠᠨ ᠳᠤ ᠱᠠᠭᠠᠷᠳᠠᠯᠭ᠎ᠠ ᠶᠣᠰᠣᠭᠠᠷ ᠲᠣᠳᠣᠷᠬᠠᠶᠢᠯᠠᠭᠰᠠᠨ ᠥᠬᠡᠶ ᠪᠠᠶᠢᠪᠠᠯ᠂ ᠡᠮᠴᠢᠯᠡᠭᠡᠨ ᠤ ᠬᠠᠩᠭᠠᠯᠭ᠎ᠠ ᠶᠢ ᠨᠥᠯᠥᠭᠡᠯᠡᠬᠦ ᠥᠬᠡᠶ ᠪᠠᠶᠢᠳᠠᠯ ᠳᠣᠤᠷ᠎ᠠ᠂ ᠡᠮᠴᠢᠯᠡᠭᠡᠨ ᠤ ᠬᠤᠯᠪᠣᠭᠳᠠᠯ ᠪᠥᠬᠦᠶ ᠬᠤᠷᠣᠭᠳᠠᠯ ᠮᠠᠲ᠋ᠧᠷᠢᠶᠠᠯ ᠤᠨ ᠦᠢᠯᠡᠳᠬᠦᠨ ᠢ ᠰᠦᠯᠵᠢᠶᠡᠨ ᠳᠤ ᠬᠤᠯᠪᠣᠬᠤ ᠬᠠᠮᠢᠶ᠎ᠠ ᠪᠥᠬᠦᠶ ᠬᠢᠷᠢ ᠬᠡᠮ ᠢ ᠲᠦᠷ ᠵᠣᠭᠰᠣᠭᠠᠵᠤ᠂ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠵᠤ ᠲᠠᠭᠠᠴᠢᠯᠠᠯᠳᠠ ᠬᠦᠯᠢᠶᠡᠬᠦ ᠢᠳᠡᠭᠡᠮᠵᠢ ᠶᠢᠨ ᠦᠨᠡᠯᠡᠯᠳᠡ ᠲᠠᠰᠤᠯᠤᠯᠲᠠ ᠶᠢᠨ ᠪᠠᠷᠢᠮᠵᠢᠶ᠎ᠠ ︵2020 ᠬᠡᠪᠯᠡᠯ︶︾ ᠶᠢᠨ ᠶᠣᠰᠣᠭᠠᠷ ᠰᠢᠢᠳᠪᠤᠷᠢᠯᠡᠨ᠎ᠡ᠃    ᠬᠠᠷᠢᠯᠴᠠᠬᠤ ᠬᠡᠯᠪᠡᠷᠢ᠄ 0471 - 4907267    ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 19 ᠳ᠋ᠦ᠋ᠭᠡᠷ ᠨᠤᠮᠧᠷᠳᠦ    ᠳᠠᠭᠠᠯᠳᠤᠭᠤᠯᠤᠯ᠄ 1. ᠬᠤᠷᠣᠭᠳᠠᠯ ᠮᠠᠲ᠋ᠧᠷᠢᠶᠠᠯ ᠤᠨ ᠦᠢᠯᠡᠳᠭᠦᠨ ᠤ ᠲᠣᠳᠣᠷᠬᠠᠶᠢᠯᠠᠯᠲᠠ ᠶᠢᠨ ᠬᠦᠰᠦᠨᠦᠭᠲᠦ ︵ᠳᠥᠷᠪᠡᠳᠦᠭᠡᠷ ᠪᠦᠯᠦᠭ︶  2 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ  3 . ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ  4 . ᠰᠦᠯᠵᠢᠶᠡᠨ ᠳᠤ ᠬᠤᠯᠪᠤᠭᠰᠠᠨ ᠦᠢᠯᠡᠳᠭᠦᠨ ᠤ ᠦᠨ᠎ᠡ ᠬᠠᠩᠰᠢ ᠶᠢᠨ ᠮᠡᠳᠡᠭᠦᠯᠬᠦ ᠬᠦᠰᠦᠨᠦᠭᠲᠦ  5 . ᠦᠢᠯᠡᠳᠬᠦᠨ ᠬᠤᠳᠠᠯᠳᠤᠨ ᠠᠪᠬᠤ ᠪᠠᠶᠢᠳᠠᠯ ᠤᠨ ᠬᠦᠰᠦᠨᠦᠭᠲᠦ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ    2023 ᠣᠨ ᠤ 5 ᠳ᠋ᠤᠭᠠᠷ ᠰᠠᠷ᠎ᠠ ᠶᠢᠨ 16 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号