ᠡᠮᠴᠢᠯᠡᠭᠡᠨ ᠤ ᠪᠠᠳᠤᠯᠠᠭ᠎ᠠ ᠶᠢᠨ ᠦᠢᠯᠡᠴᠢᠯᠡᠭᠡ ᠶᠢ ᠨᠠᠩ ᠳᠥᠭᠦᠮ ᠳᠥᠲᠡ᠂ ᠨᠠᠩ ᠲᠤᠳᠤᠨᠤᠰᠤᠭ ᠪᠤᠯᠭᠠᠶ᠎ᠠ
ᠨᠡᠶᠢᠲᠡᠯᠡᠭᠰᠡᠨ ᠴᠠᠭ᠄
2023/5/16
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠰᠢᠷᠢᠰ ᠮᠡᠳᠡᠭᠡᠯᠡᠯ ︵ᠬᠤᠶᠠᠷ︶  ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ︽ᠪᠣᠳᠠᠲᠤ ᠶᠠᠪᠤᠳᠠᠯ ᠬᠢᠵᠦ ᠠᠷᠠᠳ ᠤᠨ ᠵᠣᠪᠠᠨᠢᠯ ᠢ ᠰᠢᠢᠳᠪᠤᠷᠢᠯᠡᠬᠦ︾ ᠶᠢ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠬᠦ ᠶᠢᠨ ᠴᠢᠬᠤᠯᠠ ᠠᠭᠤᠯᠭ᠎ᠠ ᠪᠠ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠴᠢᠬᠤᠯᠠ ᠪᠠᠷᠢᠮᠵᠢᠶ᠎ᠠ ᠶᠢᠨ ᠨᠢᠭᠡ ᠪᠣᠯᠭᠠᠵᠤ᠂ ᠣᠯᠠᠨ ᠲᠦᠮᠡᠨ ᠤ ᠡᠮᠴᠢᠯᠡᠭᠡᠨ ᠤ ᠪᠠᠳᠤᠯᠠᠭ᠎ᠠ ᠶᠢᠨ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠬᠦ ᠴᠢᠩᠭ᠎ᠠ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠡᠮᠴᠢᠯᠡᠭᠡᠨ ᠤ ᠪᠠᠳᠤᠯᠠᠭ᠎ᠠ ᠶᠢᠨ ᠭᠠᠷᠲᠠᠨ ᠭᠦᠢᠴᠳᠭᠡᠬᠦ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ 15 ᠮᠢᠨᠦ᠋ᠲ ᠤᠨ ︽ᠡᠮᠴᠢᠯᠡᠭᠡᠨ ᠤ ᠪᠠᠳᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ︾ ᠶᠢ 10 ᠪᠣᠳᠠᠲᠤ ᠶᠠᠪᠤᠳᠠᠯ ᠬᠢᠵᠦ ︽ᠠᠷᠠᠳ ᠤᠨ ᠵᠣᠪᠠᠨᠢᠯ ᠢ ᠰᠢᠢᠳᠪᠤᠷᠢᠯᠡᠬᠦ︾ ᠲᠥᠷᠥᠯ ᠵᠦᠢᠯ ᠳᠤ ᠵᠢᠭᠰᠠᠭᠠᠨ ᠣᠷᠣᠭᠤᠯᠵᠤ᠂ ᠬᠡᠷᠡᠭᠵᠢᠭᠦᠯᠬᠦ ᠲᠥᠰᠦᠯ ᠢ ᠴᠠᠭ ᠲᠤᠬᠠᠶ ᠳᠤ ᠨᠢ ᠰᠤᠳᠤᠯᠤᠨ ᠲᠣᠭᠲᠠᠭᠠᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠳᠤᠯᠠᠭ᠎ᠠ ᠶᠢᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠲᠣᠤᠷ ᠴᠡᠭ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠵᠢᠯ ᠳᠤ 1025 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠮᠴᠢᠯᠡᠭᠡᠨ ᠤ ᠪᠠᠳᠤᠯᠠᠭ᠎ᠠ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ 3900 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠡᠮᠴᠢᠯᠡᠭᠡᠨ ᠤ ᠪᠠᠳᠤᠯᠠᠭ᠎ᠠ ᠶᠢᠨ ᠦᠢᠯᠡᠴᠢᠯᠡᠭᠡᠨ ᠤ ᠴᠡᠭ ᠪᠠᠶᠢᠭᠤᠯᠬᠤ ᠪᠠᠷ ᠲᠥᠯᠥᠪᠯᠡᠵᠦ ᠪᠣᠶ᠃ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠨᠢᠭᠡ ᠳᠤ᠂ ᠠᠵᠢᠯ ᠤᠨ ᠡᠬᠡ ᠲᠠᠩᠰᠠ ᠪᠠᠶᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠳᠤᠭᠳᠤᠭᠰᠠᠨ ᠬᠤᠭᠤᠴᠠᠭ᠎ᠠ  ᠳᠤ ᠳᠣᠭᠢᠷᠠᠭᠤᠯᠤᠨ᠂ ᠬᠢᠨᠠᠨ ᠵᠢᠯᠣᠭᠤᠳᠴᠤ ᠰᠢᠢᠳᠪᠦᠷᠢᠯᠡᠨ᠂ ᠠᠶᠢᠮᠠᠭ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠰᠤᠭᠤᠴᠢᠨ ᠪᠠᠶᠢᠴᠠᠭᠠᠬᠤ ᠶᠢ ᠪᠦᠯᠦᠭ ᠤᠳᠠᠭ᠎ᠠ ᠬᠤᠪᠢᠶᠠᠨ ᠥᠷᠨᠢᠭᠦᠯᠵᠦ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ︔ ᠬᠤᠶᠠᠷ ᠲᠤ᠂ ᠡᠮᠴᠢᠯᠡᠭᠡᠨ ᠤ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠤᠪᠢᠶᠠᠷᠢ ᠰᠢᠰᠲ᠋ᠧᠮ ᠵᠢᠴᠢ ᠦᠨᠳᠦᠰᠦᠨ ᠱᠠᠲᠤᠨ ᠤ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ︔ ᠭᠤᠷᠪᠠ ᠳᠤ᠂ ᠪᠥᠬᠦ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠪᠤᠯᠪᠠᠰᠤᠷᠠᠯ  ᠤᠨ ᠠᠩᠭᠢ ᠡᠷᠭᠢᠯᠡᠵᠦ᠂ ᠪᠥᠬᠦ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠥᠷᠲᠡᠭᠡ ︵ᠴᠡᠭ︶ ᠶᠢᠨ ᠠᠵᠢᠯᠲᠠᠨ ᠤ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠴᠢᠩᠭᠠᠷᠠᠭᠤᠯᠤᠨ᠎ᠠ᠃ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠨᠢᠭᠡᠨᠲᠡ 665 ᠦᠨᠳᠦᠰᠦᠨ ᠱᠠᠲᠤᠨ ᠤ ᠡᠮᠴᠢᠯᠡᠭᠡᠨ ᠤ ᠪᠠᠳᠤᠯᠠᠭ᠎ᠠ  ᠶᠢᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠣᠨ ᠤ ᠡᠭᠦᠷᠭᠡ ᠶᠢᠨ 64.88% ᠶᠢ ᠪᠡᠶᠡᠯᠡᠭᠦᠯᠪᠡ︔ ᠪᠠᠷᠢᠮᠵᠢᠶᠠᠵᠢᠭᠰᠠᠨ ᠦᠨᠳᠦᠰᠦᠨ ᠱᠠᠲᠤᠨ ᠤ ᠡᠮᠴᠢᠯᠡᠭᠡᠨ ᠤ ᠪᠠᠳᠤᠯᠠᠭ᠎ᠠ ᠶᠢᠨ ᠦᠢᠯᠡᠴᠢᠯᠡᠭᠡᠨ ᠤ ᠴᠡᠭ ᠢ 2750 ᠪᠠᠶᠢᠭᠤᠯᠵᠤ᠂ ᠵᠢᠯ ᠤᠨ ᠡᠭᠦᠷᠭᠡ ᠶᠢᠨ 70.51% ᠶᠢ ᠪᠡᠶᠡᠯᠡᠭᠦᠯᠵᠦ᠂ ᠴᠥᠮ ᠲᠣᠭᠲᠠᠭᠰᠠᠨ ᠬᠠᠷᠠᠯᠲᠠ ᠶᠢᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号