ᠬᠡᠰᠡᠭ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠳᠣᠭᠢᠷᠠᠭᠤᠯᠤᠨ ᠬᠦᠷᠭᠡᠬᠦ ᠬᠢᠷᠢ ᠬᠡᠮ ᠢ ᠬᠦᠴᠦᠨ ᠥᠬᠡᠶ ᠪᠣᠯᠭᠠᠬᠤ ᠲᠤᠬᠠᠶ ᠨᠡᠶᠢᠳᠡᠯᠡᠯ
ᠨᠡᠶᠢᠲᠡᠯᠡᠭᠰᠡᠨ ᠴᠠᠭ᠄
2023/5/17
                   ᠪᠤᠭᠤᠳᠤ ᠡᠮᠴᠢᠯᠡᠭᠡᠨ ᠪᠠᠳᠤᠯᠠᠭ᠎ᠠ ᠵᠠᠬᠢᠳᠠᠯ ﹇ 2023 ﹈ 21 ᠳ᠋ᠤᠭᠡᠷ ᠲᠣᠭᠠᠲᠤᠡᠯ᠎ᠡ ᠬᠠᠮᠢᠶ᠎ᠠ ᠪᠥᠬᠦᠶ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠳᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇ 2019 ﹈ 41 ᠳ᠋ᠤᠭᠡᠷ ᠲᠣᠭᠠᠲᠤ︶ ᠪᠠ ᠪᠤᠭᠤᠲᠤ ᠬᠤᠲᠠ ᠶᠢᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ︽ᠪᠤᠭᠤᠲᠤ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠦᠨᠡᠯᠡᠨ ᠰᠢᠯᠭᠠᠬᠤ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶ ︾ ︵ ᠪᠤᠭᠤᠳᠤ ᠡᠮᠴᠢᠯᠡᠭᠡᠨ ᠪᠠᠳᠤᠯᠠᠭ᠎ᠠ ᠲᠠᠷᠬᠠᠭᠠᠭᠰᠠᠨ ﹇2023 ﹈35 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠤᠭᠤᠲᠤ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠪᠣᠳᠠᠲᠠᠶ ᠲᠠᠢ ᠤᠶᠠᠯᠳᠤᠭᠤᠯᠤᠨ᠂ ᠬᠤᠲᠠ ᠶᠢᠨ ᠡᠮᠴᠢᠯᠡᠭᠡᠨ ᠤ ᠪᠠᠳᠤᠯᠠᠭ᠎ᠠ ᠵᠢᠨ‌‍ᠲ᠋ᠣᠪᠴᠢᠶ᠎ᠠ ᠠᠴᠠ ᠮᠠᠨ ᠤ ᠬᠤᠲᠠ ᠶᠢᠨ ᠨᠢᠭᠡᠨᠲᠡ ᠳᠡᠩᠰᠡᠯᠡᠵᠦ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠪᠠ ᠨᠢᠭᠡᠨᠲᠡ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠤᠪᠢᠶᠠᠷᠢ ᠰᠢᠰᠲ᠋ᠧᠮ ᠳᠤ ᠣᠷᠣᠭᠤᠯᠤᠨ ᠪᠤᠭᠤᠲᠤ ᠶᠢᠨ ᠳᠣᠭᠢᠷᠠᠭᠤᠯᠤᠨ ᠬᠦᠷᠭᠡᠬᠦ ᠣᠷᠣᠨ ᠪᠦᠰᠡ ᠶᠢᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠦᠨᠡᠯᠡᠨ ᠰᠢᠯᠭᠠᠵᠤ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ ᠮᠡᠲᠦ ᠨᠡᠶᠢᠳᠡᠯᠡᠶ᠎ᠡ᠄  ᠨᠢᠭᠡ᠂ ᠢᠯᠡ ᠨᠡᠶᠢᠲᠡᠯᠡᠬᠦ ᠠᠭᠤᠯᠭ᠎ᠠ     2022 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ 2023 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯᠠᠬᠢ ᠬᠤᠭᠤᠴᠠᠭᠠᠨ ᠳᠤ᠂ ᠮᠠᠨ ᠤ ᠬᠤᠲᠠ ᠳᠤ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ 79 ᠡᠮ ᠤᠨ ᠵᠦᠢᠯᠡᠰ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠪᠠ ᠡᠮᠴᠢᠯᠡᠭᠡᠨ ᠳᠤ ᠬᠡᠷᠡᠭᠯᠡᠬᠦ 1055 ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ︵ᠳᠠᠭᠠᠯᠳᠤᠭᠤᠯᠤᠯ ᠳᠤ ᠦᠵᠡ︶ ᠂ ᠪᠤᠭᠤᠲᠤ ᠬᠤᠲᠠ ᠳᠠᠬᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠬᠢᠷᠢ ᠬᠡᠮ ᠢ ᠬᠦᠴᠦᠨ ᠥᠬᠡᠶ ᠪᠣᠯᠭᠠᠨ᠎ᠠ᠃   ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ  2023 ᠣᠨ ᠤ 5 ᠳ᠋ᠤᠭᠠᠷ ᠰᠠᠷ᠎ᠠ ᠶᠢᠨ 16 ᠤ ᠡᠳᠦᠷ ᠠᠴᠠ 2023 ᠣᠨ ᠤ 5 ᠳ᠋ᠤᠭᠠᠷ ᠰᠠᠷ᠎ᠠ ᠶᠢᠨ 22 ᠤᠨ ᠡᠳᠦᠷ ᠪᠤᠯᠳᠠᠯ᠎ᠠ  ᠭᠤᠷᠪᠠ᠂ ᠠᠵᠢᠯ ᠤᠨ ᠱᠠᠭᠠᠷᠳᠠᠯᠭ᠎ᠠ  ︵ᠨᠢᠭᠡ︶ ᠠᠵᠤ ᠠᠬᠤᠶᠢᠯᠠᠯ ᠬᠡᠷᠪᠡ ᠵᠠᠷᠯᠠᠨ ᠨᠡᠶᠢᠲᠡᠯᠡᠭᠰᠡᠨ ᠦᠷ᠎ᠡ ᠳ᠋ᠦᠩ ᠳᠤ ᠣᠨᠳᠣᠤ ᠰᠠᠨᠠᠯ ᠲᠠᠢ ᠪᠣᠯ᠂ ︽ᠬᠡᠨ ᠵᠣᠷᠢᠭᠰᠠᠨ ᠪᠣᠯ ᠲᠡᠷᠡ ᠭᠡᠷᠡᠴᠢ ᠭᠠᠷᠭᠠᠬᠤ︾ ᠵᠠᠷᠴᠢᠮ ᠤᠨ ᠶᠣᠰᠣᠭᠠᠷ᠂ ᠢᠯᠡ ᠨᠡᠶᠢᠲᠡᠯᠡᠬᠦ ᠬᠤᠭᠤᠴᠠᠭᠠᠨ ᠳᠤ ᠱᠠᠭᠠᠷᠳᠠᠯᠭ᠎ᠠ ᠶᠣᠰᠣᠭᠠᠷ ᠦᠨᠡᠨ ᠪᠣᠳᠠᠲᠠᠶ᠂ ᠪᠦᠷᠢᠨ ᠭᠦᠢᠴᠡᠳ ᠭᠤᠶᠤᠴᠢᠯᠠᠯ ᠢ ᠬᠠᠩᠭᠠᠭᠠᠨ ᠵᠠᠭᠠᠯᠳᠤᠬᠤ ᠮᠠᠲ᠋ᠧᠷᠢᠶᠠᠯ ᠵᠢᠴᠢ ᠭᠡᠷᠡᠴᠢ ᠮᠠᠲ᠋ᠧᠷᠢᠶᠠᠯ ᠢ ᠴᠤᠭᠯᠠᠭᠤᠯᠤᠭᠰᠠᠨ ᠤ ᠳᠠᠷᠠᠭ᠎ᠠ᠂ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠭᠰᠠᠨ ᠤ ᠳᠠᠷᠠᠭ᠎ᠠ ᠪᠤᠭᠤᠲᠤ ᠬᠤᠲᠠ ᠶᠢᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠪᠠᠷᠠᠭᠤᠨ ᠠᠰᠠᠷ 416 ᠲᠠᠰᠤᠭ ᠲᠤ ᠲᠤᠰᠢᠶᠠᠬᠤ ᠪᠤᠶᠤ ᠴᠠᠭᠠᠰᠤᠨ ᠮᠠᠲ᠋ᠧᠷᠢᠶᠠᠯ ᠢ ᠲᠣᠳᠣᠷᠬᠠᠶ ᠵᠢᠷᠤᠭᠯᠠᠭᠰᠠᠨ PDF ᠡᠯᠧᠺᠲᠷᠣᠨ ᠬᠡᠪᠯᠡᠯ ᠪᠣᠯᠭᠠᠨ ᠰᠢᠤᠳᠠᠨ ᠤ ᠬᠠᠶᠢᠷᠴᠠᠭ ᠤᠨ btyzb2011@163.com ᠢᠯᠡᠭᠡᠵᠦ᠂ ᠰᠢᠤᠳᠠᠨ ᠤ ᠵᠦᠢᠯ ᠤᠨ ᠭᠤᠤᠯ ᠰᠡᠳᠦᠪ ᠨᠢ ᠠᠵᠤ ᠠᠬᠤᠶᠢᠯᠠᠯ ᠤᠨ ᠨᠡᠷᠡᠶᠢᠳᠦᠯ ᠢ ᠰᠢᠢᠳᠪᠦᠷᠢᠯᠡᠬᠦ ᠵᠦᠢᠯᠡᠰ ᠢ ᠲᠣᠳᠣᠷᠬᠠᠶᠢᠯᠠᠵᠤ᠂ ᠮᠠᠨ ᠤ ᠲᠣᠪᠴᠢᠶ᠎ᠠ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ ᠳᠠᠭᠤᠰᠬᠠᠨ᠎ᠠ᠃   ︵ᠬᠤᠶᠠᠷ ︶ ᠭᠤᠮᠣᠳᠠᠯ ︵ᠵᠠᠭᠠᠯᠳᠤᠬᠤ︶ ᠲᠣᠭᠠᠴᠢᠯᠲᠠ ᠶᠢ ᠬᠦᠯᠢᠶᠡᠨ ᠠᠪᠴᠤ ᠰᠢᠢᠳᠪᠤᠷᠢᠯᠡᠬᠦ ᠴᠠᠭ᠄ ᠵᠠᠷᠯᠠᠨ ᠨᠡᠶᠢᠲᠡᠯᠡᠬᠦ ᠬᠤᠭᠤᠴᠠᠭᠠᠨ ᠤ ᠠᠵᠢᠯ ᠤᠨ ᠡᠳᠦᠷ ᠤᠨ ᠦᠳᠡ ᠶᠢᠨ ᠡᠮᠦᠨ᠎ᠡ 9᠄ 00 - 12᠄ 00  ︵ᠭᠤᠷᠪᠠ ︶ ᠵᠠᠷᠭᠤ ᠶᠢᠨ ᠮᠠᠲ᠋ᠧᠷᠢᠶᠠᠯ ᠳᠤ ᠄  ᠪᠤᠭᠤᠲᠤ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠭᠤᠮᠣᠳᠠᠯ ︵ᠵᠠᠭᠠᠯᠳᠤᠬᠤ︶ ᠲᠣᠭᠠᠴᠢᠯᠲᠠ ᠶᠢ ᠭᠥᠯᠢᠶᠡᠨ ᠠᠪᠴᠤ ᠰᠢᠢᠳᠪᠤᠷᠢᠯᠡᠬᠦ ᠬᠦᠰᠦᠨᠦᠭᠲᠦ ︵ᠳᠠᠭᠠᠯᠳᠤᠭᠤᠯᠤᠯ ᠳᠤ ᠦᠵᠡ︶ ᠪᠠ ᠭᠡᠷᠡᠴᠢ ᠮᠠᠲ᠋ᠧᠷᠢᠶᠠᠯ ᠢ ᠬᠡᠷᠡᠭᠯᠡᠨ᠎ᠡ᠃   ᠭᠤᠮᠣᠳᠠᠯ ︵ᠵᠠᠭᠠᠯᠳᠤᠬᠤ︶ ᠲᠣᠭᠠᠴᠢᠬᠤ ᠯᠠᠪᠯᠠᠯᠲᠠ᠄ 0472 - 6185845 ᠰᠠᠬᠢᠯᠭ᠎ᠠ ᠪᠠᠲᠤ ᠶᠢᠨ ᠵᠠᠭᠠᠯᠳᠤᠯᠭ᠎ᠠ᠄ 0472 - 6169511       ᠳᠠᠭᠠᠯᠳᠤᠭᠤᠯᠤᠯ᠄1 ᠂ ᠪᠤᠭᠤᠲᠤ ᠬᠤᠲᠠ ᠶᠢᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠶᠢ ᠬᠦᠴᠦᠨ ᠦᠭᠡᠢ ᠪᠤᠯᠭᠠᠭᠰᠠᠨ ᠠᠵᠤ ᠠᠬᠤᠶᠢᠯᠠᠯ ᠤᠨ ᠨᠡᠷᠡᠰ   2 ᠂ ᠪᠤᠭᠤᠲᠤ ᠬᠤᠲᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ  3 ᠂ ᠪᠤᠭᠤᠲᠤ ᠬᠤᠲᠠ ᠶᠢᠨ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠭᠤᠮᠣᠳᠠᠯ ︵ᠵᠠᠭᠠᠯᠳᠤᠬᠤ︶ ᠲᠣᠭᠠᠴᠢᠯᠲᠠ ᠶᠢ ᠬᠦᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ  ᠪᠤᠭᠤᠲᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  2023 ᠣᠨ ᠤ 5 ᠰᠠᠷ᠎ᠠ ᠶᠢᠨ 16 ᠤ ᠡᠳᠦᠷ

 

 

 
ᠢᠷᠡᠯᠲᠡ᠄ ᠪᠤᠭᠤᠲᠤ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号