ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭᠠᠨ ᠤ | ᠭᠤᠤᠯ ᠰᠡᠳᠦᠪᠲᠦ ᠬᠥᠮᠦᠵᠢᠯ ᠤᠨ ᠰᠢᠷᠢᠰ ᠮᠡᠳᠡᠭᠡᠯᠡᠯ ︵ᠭᠤᠷᠪᠠ︶ | | ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ | ᠠᠬᠢᠭᠤᠯᠬᠤ ᠪᠣᠯ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠮᠥᠨ᠂ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠨ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠦᠨᠡᠨ ᠬᠦ ᠨᠡᠮᠡᠭᠳᠡᠭᠦᠯᠬᠦ ᠪᠣᠳᠠᠲᠠᠶ ᠤᠶᠢᠯᠡᠳᠤᠯᠭᠡ ᠮᠥᠨ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ | ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠭᠤᠤᠯ ᠰᠡᠳᠦᠪᠲᠦ | ᠬᠥᠮᠦᠵᠢᠯ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠥᠷᠨᠢᠭᠦᠯᠬᠦ ᠶᠢ ᠠᠬᠢᠭᠤᠯᠵᠤ᠂ ᠡᠮᠨᠡᠯᠭᠡ ᠳᠤ ᠰᠠᠭᠤᠬᠤ | ᠵᠠᠷᠤᠳᠠᠯ᠂ ᠡᠩ ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ᠂ | ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠶᠢ | ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠬᠡᠪᠴᠢᠶ᠎ᠡ ᠶᠢ ᠡᠮ ᠤᠨ | ᠳᠡᠯᠭᠡᠭᠦᠷ ᠤᠨ ᠡᠮ ᠬᠤᠳᠠᠯᠳᠤᠨ ᠠᠪᠬᠤ ᠵᠠᠷᠤᠳᠠᠯ ᠬᠦᠷᠲᠡᠯ᠎ᠡ ᠤᠯᠠᠮ ᠨᠢᠭᠡ ᠠᠯᠬᠤᠮ ᠥᠷᠭᠡᠳᠬᠡᠪᠡ᠃ ᠣᠳᠣᠬᠠᠨ | ᠪᠣᠯᠲᠠᠯ᠎ᠠ᠂ ᠪᠥᠬᠦ ᠣᠷᠣᠨ ᠳᠤ ᠨᠢᠭᠡᠨᠲᠡ ᠮᠤᠵᠢ ᠠᠯᠤᠰᠯᠠᠨ ᠣᠨᠳᠣᠤ ᠭᠠᠵᠠᠷ ᠲᠤ ᠰᠢᠭᠤᠳ ᠳ᠋ᠦᠩᠨᠡᠨ ᠪᠤᠳᠤᠬᠤ ᠴᠡᠭ | ᠲᠣᠭᠲᠠᠭᠠᠭᠰᠠᠨ ᠡᠮ ᠤᠨ ᠳᠡᠯᠭᠡᠭᠦᠷ ᠢ 6069 ᠨᠡᠭᠡᠭᠡᠵᠦ᠂ 68097 ᠬᠥᠮᠦᠨ ᠤᠳᠠᠭ᠎ᠠ ᠳᠤ ᠡᠮ ᠬᠤᠳᠠᠯᠳᠤᠨ | ᠠᠪᠬᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠵᠦ᠂ ᠣᠨᠳᠣᠤ ᠭᠠᠵᠠᠷ ᠲᠤ ᠡᠮᠨᠡᠭᠦᠯᠬᠦ ᠶᠢᠨ ᠳᠥᠭᠦᠮ ᠳᠥᠲᠡ | ᠴᠢᠨᠠᠷ᠂ ᠪᠣᠯᠤᠮᠵᠢᠲᠤ ᠴᠢᠨᠠᠷ ᠢ ᠶᠡᠭᠡ ᠪᠠᠷ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠭᠤᠷᠪᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ | ᠬᠢᠨ᠎ᠠ᠄ ᠨᠢᠭᠡ ᠳᠤ᠂ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠠᠩ ᠣᠯᠠᠨ ᠬᠦᠰᠡᠯ ᠡᠷᠡᠮᠡᠯᠵᠡᠯ ᠲᠠᠢ | ᠪᠥᠭᠡᠳ ᠱᠠᠭᠠᠷᠳᠠᠯᠭ᠎ᠠ ᠳᠤ ᠨᠡᠶᠢᠴᠡᠬᠦ ᠲᠣᠭᠲᠠᠭᠠᠭᠰᠠᠨ ᠡᠮ ᠤᠨ ᠳᠡᠯᠭᠡᠭᠦᠷ ᠢ ᠮᠤᠵᠢ ᠠᠯᠤᠰᠯᠠᠨ ᠣᠨᠳᠣᠤ ᠭᠠᠵᠠᠷ ᠲᠤ | ᠡᠮᠴᠢᠯᠡᠭᠦᠯᠦᠭᠰᠡᠨ ᠵᠠᠷᠤᠳᠠᠯ ᠢ ᠰᠦᠯᠵᠢᠶ᠎ᠡ ᠪᠠᠷ ᠰᠢᠭᠤᠳ ᠳ᠋ᠦᠩᠨᠡᠨ ᠪᠤᠳᠤᠬᠤ ᠬᠡᠪᠴᠢᠶᠡᠨ ᠳᠤ ᠣᠷᠣᠭᠤᠯᠬᠤ ᠶᠢ | ᠠᠬᠢᠭᠤᠯᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠣᠨᠳᠣᠤ ᠭᠠᠵᠠᠷ ᠲᠤ ᠡᠮᠴᠢᠯᠡᠭᠦᠯᠦᠭᠰᠡᠨ | ᠵᠠᠷᠤᠳᠠᠯ ᠢ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠬᠦᠷᠳᠡᠭᠡᠨ᠎ᠡ︔ ᠬᠤᠶᠠᠷ ᠲᠤ᠂ ᠮᠤᠵᠢ ᠠᠯᠤᠰᠯᠠᠨ | ᠰᠢᠭᠤᠳ ᠳ᠋ᠦᠩᠨᠡᠨ ᠪᠤᠳᠤᠬᠤ ᠴᠡᠭ ᠲᠣᠭᠲᠠᠭᠠᠭᠰᠠᠨ ᠡᠮ ᠤᠨ ᠳᠡᠯᠭᠡᠭᠦᠷ ᠲᠤ ᠭᠦᠨᠵᠡᠭᠡᠶᠢᠷᠡᠭᠦᠯᠦᠨ᠂ ᠳ᠋ᠦᠩᠨᠡᠨ | ᠪᠤᠳᠤᠬᠤ ᠶᠠᠪᠤᠴᠠ ᠳᠤ ᠡᠭᠦᠰᠦᠭᠰᠡᠨ ᠪᠣᠳᠠᠲᠠᠶ ᠠᠰᠠᠭᠤᠳᠠᠯ ᠢ ᠰᠣᠨᠣᠰᠴᠤ᠂ ᠠᠰᠠᠭᠤᠳᠠᠯ ᠤᠨ ᠡᠬᠡ ᠲᠠᠩᠰᠠ | ᠪᠠᠶᠢᠭᠤᠯᠤᠨ᠂ ᠵᠦᠢᠯ ᠳᠠᠷᠠᠭᠠᠯᠠᠨ ᠳ᠋ᠤᠭᠠᠷ ᠢ ᠨᠢ ᠬᠠᠰᠤᠵᠤ ᠴᠡᠭᠴᠡᠯᠡᠨ ᠰᠠᠶᠢᠵᠢᠷᠠᠭᠤᠯᠤᠨ᠎ᠠ︔ ᠭᠤᠷᠪᠠ ᠳᠤ᠂ | ᠲᠣᠭᠲᠠᠭᠰᠠᠨ ᠡᠮ ᠤᠨ ᠳᠡᠯᠭᠡᠭᠦᠷ ᠤᠨ ᠠᠵᠢᠯᠲᠠᠨ ᠤ ᠰᠢᠰᠲ᠋ᠧᠮ ᠤᠨ ᠪᠤᠯᠪᠠᠰᠤᠷᠠᠯ ᠢ ᠴᠢᠩᠭᠠᠳᠬᠠᠵᠤ᠂ ᠲᠡᠭᠦᠨ ᠤ | ᠳ᠋ᠦᠩᠨᠡᠨ ᠪᠤᠳᠤᠬᠤ ᠰᠢᠰᠲ᠋ᠧᠮ ᠤᠨ ᠠᠵᠢᠯᠯᠠᠭᠠᠨ ᠤ ᠪᠣᠯᠪᠠᠰᠤᠷᠠᠩᠭᠤᠶ ᠬᠡᠮᠵᠢᠶ᠎ᠡ ᠶᠢ ᠳᠡᠭᠡᠭᠰᠢᠯᠡᠭᠦᠯᠦᠨ᠂ ᠡᠨᠡ ᠬᠦ ︽ | ᠪᠣᠳᠠᠲᠠᠶ ᠶᠠᠪᠤᠳᠠᠯ ᠬᠢᠵᠦ ᠠᠷᠠᠳ ᠤᠨ ᠵᠣᠪᠠᠨᠢᠯ ᠢ ᠰᠢᠢᠳᠪᠦᠷᠢᠯᠡᠬᠦ︾ ᠠᠵᠢᠯ ᠤᠨ ︽ᠴᠡᠭ︾ ᠨᠠᠩ ᠣᠯᠠᠨ᠂ ︽ | ᠬᠠᠷᠠᠭᠠᠯᠵᠠᠯ︾ ᠨᠠᠩ ᠪᠣᠳᠠᠲᠠᠶ ᠪᠠᠶᠢᠬᠤ ᠶᠢ ᠦᠨᠡᠨ ᠬᠦ ᠪᠠᠲᠤᠯᠠᠨ᠎ᠠ᠃ | |