ᠨᠠᠢᠮᠠᠳᠤᠭᠠᠷ ᠪᠦᠯᠦᠭ ᠤᠯᠤᠰ ᠠᠴᠠ ᠵᠤᠬᠢᠶᠠᠨ ᠪᠠᠶᠢᠭᠤᠯᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠩᠭᠤᠭᠳᠠᠭᠰᠠᠨ ᠲᠥᠷᠥᠯ ᠵᠦᠢᠯ ᠤᠨ ᠳᠤᠲᠠᠭᠤ ᠳᠣᠷᠭᠤᠨ ᠵᠦᠢᠯᠡᠰ ᠢ ᠬᠠᠩᠭᠠᠬᠤ ᠰᠠᠨᠠᠮᠵᠢ ᠶᠢᠨ ᠲᠤᠬᠠᠶ ᠰᠠᠨᠠᠯ ᠬᠤᠷᠢᠶᠠᠬᠤ ᠮᠡᠳᠡᠭᠳᠡᠯ
ᠨᠡᠶᠢᠲᠡᠯᠡᠭᠰᠡᠨ ᠴᠠᠭ᠄
2023/5/25
        ᠥᠪᠥᠷ ᠡᠮ ᠬᠤᠳᠠᠯᠳᠤᠨ ᠠᠪᠬᠤ ᠲᠥᠪ ᠦᠰᠦᠭ ﹇2023﹈ 109 ᠳ᠋ᠤᠭᠡᠷ ᠲᠣᠭᠠᠲᠤ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ᠄  ᠤᠯᠤᠰ ᠠᠴᠠ ᠵᠤᠬᠢᠶᠠᠨ ᠪᠠᠶᠢᠭᠤᠯᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠶᠢ ᠬᠠᠮᠲᠤᠷᠠᠨ ᠬᠤᠳᠠᠯᠳᠤᠨ ᠠᠪᠬᠤ ᠠᠯᠪᠠᠨ ᠬᠡᠷ ᠤᠨ ︽ᠨᠠᠢᠮᠠᠳᠤᠭᠠᠷ ᠪᠦᠯᠦᠭ ᠤᠯᠤᠰ ᠠᠴᠠ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠳᠤ ᠰᠤᠩᠭᠤᠭᠳᠠᠭᠰᠠᠨ‌ᠦᠷ᠎ᠡ ᠳ᠋ᠦᠩ ᠢ ᠯᠠᠪᠳᠠᠭᠤᠨ ᠲᠣᠭᠲᠠᠭᠤᠨ ᠢᠶᠠᠷ ᠬᠡᠷᠡᠭᠵᠢᠭᠦᠯᠬᠦ ᠠᠵᠢᠯ ᠤᠨ ᠰᠠᠨᠠᠭᠤᠯᠤᠮᠵᠢ︾ ᠪᠤᠯᠤᠨ ︽ᠲᠠᠪᠤᠳᠤᠭᠠᠷ ᠪᠦᠯᠦᠭ ᠤᠯᠤᠰ ᠠᠴᠠ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠬᠡᠪ ᠤᠨ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠶᠢ ᠵᠣᠬᠢᠶᠠᠨ ᠪᠠᠶᠢᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠰᠤᠳᠤᠯᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠰᠤᠩᠭᠤᠭᠳᠠᠭᠰᠠᠨ 2 ᠲᠥᠷᠥᠯ ᠵᠦᠢᠯ ᠤᠨ 2 ᠳᠤᠲᠠᠭᠤ ᠲᠣᠷᠭᠤᠨ ᠬᠡᠪ ᠪᠠᠷᠢᠮᠵᠢᠶ᠎ᠠ ︵ᠳᠠᠭᠠᠯᠳᠤᠭᠤᠯᠤᠯ 1 ᠶᠢ ᠦᠵᠡ︶ ᠳᠤ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠠᠵᠢᠯ ᠢ ᠥᠷᠨᠢᠭᠦᠯᠵᠦ᠂ ᠡᠳᠦᠭᠡ ᠬᠠᠮᠢᠶ᠎ᠠ ᠪᠥᠬᠦᠶ ᠠᠵᠤ ᠠᠬᠤᠶᠢᠯᠠᠯ ᠠᠴᠠ ᠰᠠᠨᠠᠯ ᠬᠤᠷᠢᠶᠠᠨ᠎ᠠ᠃  ᠨᠢᠭᠡ᠂ ᠮᠡᠳᠡᠭᠦᠯᠬᠦ ᠬᠡᠪᠴᠢᠶ᠎ᠡ ᠵᠢᠴᠢ ᠱᠠᠭᠠᠷᠳᠠᠯᠭ᠎ᠠ  ᠨᠠᠢᠮᠠᠳᠤᠭᠠᠷ ᠪᠦᠯᠦᠭ ᠤᠯᠤᠰ ᠠᠴᠠ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠵᠤ ᠪᠥᠬᠦ ᠤᠯᠤᠰ ᠤᠨ ᠰᠤᠩᠭᠤᠭᠳᠠᠭᠰᠠᠨ ᠠᠵᠤ ᠠᠬᠤᠶᠢᠯᠠᠯ ᠤᠨ ᠵᠣᠬᠢᠴᠠᠩᠭᠤᠶ ᠬᠡᠪ ᠬᠡᠮᠵᠢᠶ᠎ᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠩᠭᠤᠭᠳᠠᠭᠰᠠᠨ ᠲᠥᠷᠥᠯ ᠵᠦᠢᠯ ᠤᠨ ᠦᠯᠡᠳᠡᠭᠳᠡᠯ ᠬᠡᠪ ᠪᠠᠷᠢᠮᠵᠢᠶ᠎ᠠ ᠶᠢ ᠪᠠᠭᠲᠠᠭᠠᠭᠰᠠᠨ ᠪᠥᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠴᠢᠳᠠᠪᠤᠷᠢ ᠲᠠᠢ ᠪᠠᠶᠢᠳᠠᠭ᠃  ᠬᠤᠶᠠᠷ᠂ ᠬᠠᠩᠭᠠᠬᠤ ᠦᠨ᠎ᠡ  ᠤᠯᠤᠰ ᠠᠴᠠ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠶᠢ ᠵᠣᠬᠢᠶᠠᠨ ᠪᠠᠶᠢᠭᠤᠯᠵᠤ ᠬᠠᠮᠲᠤᠷᠠᠨ ᠬᠤᠳᠠᠯᠳᠤᠨ ᠠᠪᠬᠤ ᠠᠯᠪᠠᠨ ᠬᠡᠷ ᠤᠨ 2023 ᠣᠨ ᠤ 4 ᠳ᠋ᠦ᠋ᠭᠡᠷ ᠰᠠᠷ᠎ᠠ ᠶᠢᠨ 11 ᠤ ᠡᠳᠦᠷ ᠨᠡᠶᠢᠲᠡᠯᠡᠭᠰᠡᠨ ︽ᠪᠥᠬᠦ ᠤᠯᠤᠰ ᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠳᠤ ᠰᠤᠩᠭᠤᠭᠳᠠᠭᠰᠠᠨ ᠲᠥᠷᠥᠯ ᠵᠦᠢᠯ ᠢ ᠬᠠᠩᠭᠠᠬᠤ ᠨᠠᠷᠢᠨ ᠲᠠᠩᠰᠠ︾ ᠶᠢᠨ ᠳᠣᠲᠣᠷᠠᠬᠢ ᠲᠥᠷᠥᠯ ᠵᠦᠢᠯ  ᠳᠤ ᠰᠤᠩᠭᠤᠭᠳᠠᠭᠰᠠᠨ ᠦᠨ᠎ᠡ ᠬᠠᠩᠰᠢ ᠪᠠᠷ ᠮᠠᠨ ᠤ ᠣᠷᠣᠨ ᠳᠤ ᠬᠠᠩᠭᠠᠬᠤ ᠦᠨ᠎ᠡ ᠬᠠᠩᠰᠢ ᠪᠣᠯᠭᠠᠨ᠎ᠠ᠃  ᠭᠤᠷᠪᠠ᠂ ᠦᠨ᠎ᠡ ᠯᠠᠪᠯᠠᠬᠤ ᠲᠦᠷᠢᠮ  ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠬᠠᠩᠭᠠᠬᠤ ᠰᠠᠨᠠᠮᠵᠢ ᠲᠠᠢ ᠠᠵᠤ ᠠᠬᠤᠶᠢᠯᠠᠯ ᠨᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠂ ᠲᠥᠷᠥᠯ ᠵᠦᠢᠯ ᠨᠢᠭᠡ ᠪᠦᠷᠢ ᠶᠢᠨ ᠳᠤᠲᠠᠭᠤ ᠳᠣᠷᠭᠤᠨ ᠪᠠᠷᠢᠮᠵᠢᠶ᠎ᠠ ᠶᠢ 1 ᠠᠵᠦ ᠠᠬᠤᠶᠢᠯᠠᠯ ᠲᠤᠭᠳᠠᠭᠠᠨ᠎ᠠ᠂ ᠪᠣᠳᠠᠲᠠᠢ ᠳᠦᠷᠢᠮ ᠨᠢ ᠳᠣᠣᠷᠠᠬᠢ ᠮᠡᠲᠦ᠄  ︵ᠨᠢᠭᠡ︶ ᠬᠢᠮᠳᠠ ᠦᠨ᠎ᠡ ᠶᠢ ᠤᠷᠢᠳᠠᠪᠡᠷ ᠰᠤᠩᠭᠤᠨ᠎ᠠ᠃  ︵ᠬᠤᠶᠠᠷ︶ ᠰᠤᠩᠭᠤᠭᠳᠠᠭᠰᠠᠨ ᠦᠨ᠎ᠡ ᠨᠢ ᠠᠳᠠᠯᠢ᠂ ᠳᠡᠭᠡᠷ᠎ᠡ ᠵᠢᠯ ᠮᠠᠨ ᠤ ᠣᠷᠣᠨ ᠤ ᠲᠠᠪᠴᠠᠩ ᠠᠴᠠ ᠬᠤᠳᠠᠯᠳᠤᠨ ᠠᠪᠤᠭᠰᠠᠨ ᠬᠡᠮᠵᠢᠶ᠎ᠡ ᠨᠢ ᠠᠷᠪᠢᠨ ᠢ ᠤᠷᠢᠳᠠᠪᠡᠷ ᠰᠤᠩᠭᠤᠨ᠎ᠠ᠃  ᠮᠡᠳᠡᠭᠦᠯᠦᠭᠰᠡᠨ ᠦᠨ᠎ᠡ ᠬᠠᠩᠰᠢ ᠶᠢᠨ ᠳᠤᠲᠠᠭᠤ ᠲᠤᠷᠭᠤᠨ ᠪᠠᠷᠢᠮᠵᠢᠶ᠎ᠠ ᠶᠢ᠂ ᠪᠠᠷᠢᠮᠵᠢᠶ᠎ᠠ ᠠᠴᠠ ᠭᠤᠭᠤᠵᠢᠭᠳᠠᠭᠰᠠᠨ ᠢᠶᠠᠷ ᠰᠢᠢᠳᠪᠦᠷᠢᠯᠡᠵᠦ᠂ ᠰᠣᠩᠭᠤᠭᠰᠠᠨ ᠦᠭᠡᠶ ᠦᠢᠯᠡᠳᠬᠦᠨ ᠤ ᠶᠣᠰᠣᠭᠠᠷ ᠪᠦᠬᠦ ᠤᠯᠤᠰ ᠤᠨ ᠬᠠᠮᠤᠭ ᠤᠨ ᠳᠣᠤᠷ᠎ᠠ ᠦᠨ᠎ᠡ ᠪᠠᠷ ᠰᠦᠯᠵᠢᠶᠡᠨ ᠳᠤ ᠬᠤᠯᠪᠣᠬᠤ ᠦᠨ᠎ᠡ ᠬᠠᠩᠰᠢ ᠶᠢ ᠲᠣᠬᠢᠷᠠᠭᠤᠯᠵᠤ᠂ ᠡᠮᠴᠢᠯᠡᠭᠡᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠤᠨ ᠵᠥᠪᠯᠡᠭᠰᠡᠨ ᠦᠨ᠎ᠡ ᠪᠠᠷ ᠬᠤᠳᠠᠯᠳᠤᠨ ᠠᠪᠬᠤ ᠬᠡᠷᠡᠭᠲᠡᠶ᠃  ᠳᠥᠷᠪᠡ᠂ ᠣᠷᠣᠯᠴᠠᠬᠤ ᠠᠷᠭ᠎ᠠ ᠮᠠᠶ᠋ᠢᠭ  ︵ᠨᠢᠭᠡ︶ ᠮᠠᠲ᠋ᠧᠷᠢᠶᠠᠯ ᠢᠶᠠᠨ ᠲᠤᠰᠢᠶᠠᠨ᠎ᠠ᠃  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠢᠭᠤᠯᠬᠤ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾ ︵ᠳᠠᠭᠠᠯᠳᠤᠭᠤᠯᠤᠯ 2︶᠂ ︽ᠬᠠᠤᠯᠢ ᠡᠷᠬᠡᠳᠡᠨ ᠤ ᠡᠷᠬᠡ ᠣᠯᠭᠤᠬᠤ ᠪᠢᠴᠢᠭ︾ ︵ᠳᠠᠭᠠᠯᠳᠤᠭᠤᠯᠤᠯ 3︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠪᠦᠯᠦᠭ ᠤᠨ ᠤᠯᠤᠰ ᠠᠴᠠ ᠡᠮ ᠤᠨ ᠵᠦᠢᠯ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠢᠭᠤᠯᠵᠤ ᠡᠮ ᠤᠨ ᠵᠦᠢᠯ ᠳᠤᠲᠠᠭᠤ ᠳᠤᠭᠤᠢᠯᠠᠩ ᠤᠨ ᠬᠠᠷᠢᠴᠠᠯ ᠢᠶᠠᠷ ᠬᠠᠩᠭᠠᠬᠤ ᠠᠮᠠᠯᠠᠯᠲᠠ ᠶᠢᠨ ᠪᠢᠴᠢᠭ︾ ︵ᠳᠠᠭᠠᠯᠳᠤᠭᠤᠯᠤᠯ 4︶᠃  ︵ᠬᠤᠶᠠᠷ︶ ᠲᠤᠰᠢᠶᠠᠬᠤ ᠠᠷᠭ᠎ᠠ᠃  1. ᠰᠦᠯᠵᠢᠶᠡᠨ ᠳᠡᠭᠡᠷ᠎ᠡ ᠬᠦᠯᠢᠶᠡᠨ ᠠᠪᠴᠤ ᠰᠢᠢᠳᠪᠦᠷᠢᠯᠡᠨ᠎ᠡ᠃ ᠠᠵᠤ ᠠᠬᠤᠶᠢᠯᠠᠯ ︽ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠰᠢᠰᠲ᠋ᠧᠮ︾ - ︽ᠲᠤᠰᠬᠠᠶ ᠵᠦᠢᠯ ᠤᠨ ᠲᠤᠬᠠᠶᠢᠯᠠᠭᠰᠠᠨ ᠠᠵᠢᠯ ᠤᠨ ᠬᠡᠰᠡᠭ︾ - ︽ᠨᠠᠢᠮᠠᠳᠤᠭᠠᠷ ᠪᠦᠯᠦᠭ ᠤᠯᠤᠰ ᠠᠴᠠ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠳᠤᠲᠠᠭᠤ ᠲᠣᠷᠭᠤᠨ ᠵᠦᠢᠯᠡᠰ ᠢ ᠬᠠᠩᠭᠠᠬᠤ ᠰᠠᠨᠠᠮᠵᠢ ᠶᠢᠨ ᠮᠡᠳᠡᠭᠦᠯᠦᠯᠲᠡ︾ ᠶᠢ ᠵᠣᠬᠢᠶᠠᠨ ᠪᠠᠶᠢᠭᠤᠯᠵᠤ᠂ PDF ᠶᠢᠨ ᠬᠡᠯᠪᠡᠷᠢ ᠪᠠᠷ ᠮᠠᠲ᠋ᠧᠷᠢᠶᠠᠯ ᠢ ᠳᠡᠭᠡᠭᠰᠢ ᠳᠠᠮᠵᠢᠭᠤᠯᠵᠤ᠂ ᠣᠯᠠᠨ ᠵᠦᠢᠯ ᠤᠨ ᠠᠭᠤᠯᠭ᠎ᠠ ᠶᠢ ᠨᠢᠭᠡPDF ᠪᠢᠴᠢᠭ ᠮᠠᠲ᠋ᠧᠷᠢᠶᠠᠯ ᠪᠣᠯᠭᠠᠨ ᠳᠡᠭᠡᠭᠰᠢ ᠳᠠᠮᠵᠢᠭᠤᠯᠬᠤ ᠬᠡᠷᠡᠭᠲᠡᠶ᠃  2. ᠲᠤᠬᠠᠶ ᠶᠢᠨ ᠲᠠᠯᠠᠪᠠᠶ ᠳᠤ ᠲᠤᠰᠢᠶᠠᠨ᠎ᠠ᠃ ᠠᠵᠤ ᠠᠬᠤᠶᠢᠯᠠᠯ ᠤᠨ ᠡᠷᠬᠡ ᠣᠯᠭᠤᠭᠰᠠᠨ ᠬᠥᠮᠦᠨ ᠨᠢ ᠮᠠᠲ᠋ᠧᠷᠢᠶᠠᠯ ᠢᠶᠠᠨ ᠨᠢᠭᠤᠷ ᠳᠠᠷᠠᠭᠠᠯᠠᠨ ᠠᠵᠤ ᠠᠬᠤᠶᠢᠯᠠᠯ ᠤᠨ ᠠᠯᠪᠠᠨ ᠲᠠᠮᠠᠭ᠎ᠠ ︵ᠠᠯᠪᠠᠨ ᠲᠠᠮᠠᠭ᠎ᠠ ᠶᠢ ᠲᠣᠳᠣᠷᠬᠠᠶ ᠣᠯᠵᠤ ᠦᠵᠡᠬᠦ ᠬᠡᠷᠡᠭᠲᠡᠶ︶ ᠶᠢ ᠴᠣᠩᠬᠤ ᠪᠠᠷ ᠭᠠᠷᠳᠠᠭᠤᠯᠵᠤ ᠭᠦᠢᠴᠡᠳᠬᠡᠨ᠎ᠡ᠃  ︵ᠭᠤᠷᠪᠠ︶ ᠲᠤᠰᠢᠶᠠᠬᠤ ᠴᠠᠭ᠃  2023 ᠣᠨ ᠤ 5 ᠳ᠋ᠤᠭᠠᠷ ᠰᠠᠷ᠎ᠠ ᠶᠢᠨ 24 ᠤ ᠡᠳᠦᠷ ᠠᠴᠠ 5 ᠳ᠋ᠤᠭᠠᠷ ᠰᠠᠷ᠎ᠠ ᠶᠢᠨ 29 ᠤ ᠡᠳᠦᠷ  ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 19 ᠳ᠋ᠦ᠋ᠭᠡᠷ ᠲᠤᠭᠠᠲᠤ᠃  ᠬᠠᠷᠢᠯᠴᠠᠬᠤ ᠣᠳᠠᠰᠣ᠄ 0471 – 4966290  ᠳᠠᠭᠠᠯᠳᠤᠭᠤᠯᠤᠯ᠄  1. ᠨᠠᠢᠮᠠᠳᠤᠭᠠᠷ ᠪᠦᠯᠦᠭ ᠤᠯᠤᠰ ᠠᠴᠠ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠢᠭᠤᠯᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠩᠭᠤᠭᠳᠠᠭᠰᠠᠨ ᠲᠥᠷᠥᠯ ᠵᠦᠢᠯ ᠤᠨ ᠳᠤᠲᠠᠭᠤ ᠲᠤᠷᠭᠤᠨ ᠵᠦᠢᠯᠡᠰ ᠢ ᠬᠠᠩᠭᠠᠬᠤ ᠨᠠᠷᠢᠨ ᠬᠠᠭᠤᠳᠠᠰᠤ   2. ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ  3. ᠬᠠᠤᠯᠢ ᠶᠢᠨ ᠡᠷᠬᠡᠲᠡᠨ ᠤ ᠡᠷᠬᠡ ᠣᠯᠭᠤᠭᠰᠠᠨ ᠪᠢᠴᠢᠭ  4. ᠨᠠᠢᠮᠠᠳᠣᠭᠠᠷ ᠪᠦᠯᠦᠭ ᠤᠨ ᠤᠯᠤᠰ ᠠᠴᠠ ᠵᠤᠬᠢᠶᠠᠨ ᠪᠠᠶᠢᠭᠤᠯᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠩᠭᠤᠭᠳᠠᠭᠰᠠᠨ ᠲᠥᠷᠦᠯ ᠵᠦᠢᠯ  ᠤᠨ ᠳᠤᠲᠠᠭᠤ ᠲᠤᠷᠭᠤᠨ ᠵᠦᠢᠯᠡᠰ ᠢ ᠬᠠᠩᠭᠠᠬᠤ ᠠᠮᠠᠯᠠᠯᠲᠠ ᠶᠢᠨ ᠪᠢᠴᠢᠭ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ        2023 ᠣᠨ ᠤ 5 ᠳ᠋ᠤᠭᠠᠷ ᠰᠠᠷ᠎ᠠ ᠶᠢᠨ 24 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号