ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠨᠠᠢᠮᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠭᠦᠨᠵᠡᠭᠡᠶᠢᠷᠡᠨ ᠭᠤᠤᠯ ᠰᠡᠳᠦᠪᠲᠦ ᠬᠥᠮᠦᠵᠢᠯ ᠤᠨ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2023/5/29
  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠥᠵᠢᠯ ᠢ ᠰᠤᠷᠤᠯᠴᠠᠨ ᠲᠤᠭᠤᠰᠢᠯᠠᠭᠤᠯᠬᠤ  ᠶᠢ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠨᠠᠢᠮᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠭᠡᠷᠡᠯᠳᠦ ᠳᠤᠭᠤᠶᠢᠯᠠᠩ ᠳᠠᠭᠠᠭᠤᠯᠤᠨ ᠮᠠᠨ ᠤ ᠲᠣᠪᠴᠢᠶ᠎ᠠ ᠳᠤ ᠭᠦᠨᠵᠡᠭᠡᠶᠢᠷᠡᠨ᠂ ᠰᠤᠷᠪᠤᠯᠵᠢᠯᠠᠨ ᠶᠠᠷᠢᠯᠴᠠᠬᠤ ᠠᠵᠢᠯ ᠢ ᠰᠤᠭᠤᠴᠢᠨ ᠪᠠᠶᠢᠴᠠᠭᠠᠵᠤ ᠵᠢᠯᠣᠭᠤᠳᠬᠤ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ᠂ ᠲᠤᠰᠬᠠᠶ ᠶᠠᠷᠢᠯᠴᠠᠬᠤ᠂ ᠮᠠᠲ᠋ᠧᠷᠢᠶᠠᠯ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠮᠠᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠧᠩ ᠵᠣᠣ ᠰᠢᠶᠠᠩ ᠮᠠᠨ ᠤ ᠲᠣᠪᠴᠢᠶ᠎ᠠ ᠶᠢᠨ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠵᠢᠴᠢ ᠳᠣᠪᠣᠶᠢᠭᠰᠠᠨ ᠠᠵᠢᠯ ᠤᠨ ᠲᠤᠬᠠᠢ ᠳᠤ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠬᠢᠪᠠ᠃  ᠭᠡᠷᠡᠯᠲᠤ ᠳᠡᠳ᠋ ᠳᠠᠷᠤᠭ᠎ᠠ ᠵᠢᠭᠠᠵᠤ ᠭᠠᠷᠭᠠᠭᠰᠠᠨ ᠨᠢ᠂ ᠳᠠᠷᠠᠭᠠᠴᠢ ᠶᠢᠨ ᠠᠯᠬᠤᠮ ᠳᠤ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠨ᠂ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠭᠦᠨᠵᠡᠭᠡᠶᠢᠷᠡᠨ᠂ ᠪᠠᠶᠢᠴᠠᠭᠠᠨ ᠰᠤᠳᠤᠯᠤᠯᠲᠠ ᠬᠢᠬᠦ ᠶᠢ ᠨᠠᠷᠢᠯᠢᠭ ᠪᠣᠳᠠᠲᠠᠢ ᠬᠢᠵᠦ᠂ ᠲᠤᠪᠤᠶᠢᠮ᠎ᠠ ᠠᠰᠠᠭᠤᠳᠠᠯ ᠢ ᠣᠨᠣᠪᠴᠢᠲᠠᠢ ᠡᠷᠢᠨ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠠᠳᠬᠤᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠢᠭ ᠵᠢᠱᠢᠶ᠎ᠡ ᠪᠠᠷ ᠬᠦᠳᠦᠯᠦᠨ ᠳᠠᠭᠠᠭᠤᠯᠬᠤ ᠶᠢ ᠴᠢᠬᠤᠯᠠᠴᠢᠯᠠᠵᠤ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠥᠷᠨᠢᠬᠦ ᠶᠢ ᠠᠬᠢᠭᠤᠯᠬᠤ ᠬᠡᠷᠡᠭᠲᠡᠢ ᠭᠡᠵᠡᠢ᠃     
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号