ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠄ | ᠮᠤᠵᠢ ᠶᠢᠨ ᠬᠤᠭᠤᠷᠣᠨᠳᠣᠬᠢ ᠬᠤᠯᠪᠣᠭᠠᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠯᠪᠠᠨ ᠬᠡᠷ ᠤᠨ ᠠᠵᠢᠯ ᠤᠨ ᠲᠣᠬᠢᠷᠠᠭᠤᠯᠤᠯᠲᠠ | ᠶᠣᠰᠣᠭᠠᠷ᠂ 2023 ᠣᠨ ᠤ 5 ᠳ᠋ᠤᠭᠠᠷ ᠰᠠᠷ᠎ᠠ ᠶᠢᠨ 30 ᠤ ᠡᠳᠦᠷ ᠠᠴᠠ ᠡᠬᠢᠯᠡᠨ ᠤᠷᠢᠳᠴᠢᠯᠠᠨ ᠴᠡᠨᠡᠭᠯᠡᠬᠦ | ᠵᠠᠯᠠᠭᠤᠷ ᠬᠤᠭᠤᠯᠠᠶᠢᠲᠤ ᠤᠬᠢᠶᠠᠭᠤᠷ᠂ ᠳᠠᠷᠤᠯᠲᠠᠲᠤ ᠬᠥᠭᠡᠷᠭᠡ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠡ ᠵᠠᠩᠭᠢ ᠶᠢ ᠲᠥᠪᠯᠡᠷᠡᠭᠦᠯᠦᠨ ᠬᠠᠮᠠᠭᠠᠯᠠᠬᠤ ᠠᠵᠢᠯ ᠢ | ᠥᠷᠨᠢᠭᠦᠯᠦᠨ᠎ᠡ᠃ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠠᠵᠤ ᠠᠬᠤᠶᠢᠯᠠᠯ ᠤᠨ ᠬᠦᠷᠢᠶ᠎ᠡ ᠬᠡᠪᠴᠢᠶ᠎ᠡ | ᠤᠷᠢᠳᠴᠢᠯᠠᠨ ᠴᠡᠨᠡᠭᠯᠡᠬᠦ ᠵᠠᠯᠠᠭᠤᠷ ᠬᠤᠭᠤᠯᠠᠶᠢᠲᠤ ᠤᠬᠢᠶᠠᠭᠤᠷ᠂ ᠳᠠᠷᠤᠯᠲᠠᠲᠤ ᠬᠥᠭᠡᠷᠭᠡ ᠶᠢᠨ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠦᠢᠯᠡᠳᠬᠦᠨ ᠤ ᠬᠠᠤᠯᠢ ᠶᠣᠰᠣᠨ ᠤ | ᠬᠢᠷᠢ ᠴᠢᠳᠠᠮᠵᠢ ᠶᠢ ᠣᠯᠤᠭᠰᠠᠨ ᠡᠮᠴᠢᠯᠡᠭᠡᠨ ᠤ ᠪᠠᠭᠠᠵᠢ ᠬᠡᠷᠡᠭᠰᠡᠯ ᠢ ᠳᠠᠩᠰᠠᠯᠠᠬᠤ ᠳᠤ ᠬᠥᠮᠦᠨ ᠪᠦᠷᠢ ᠳᠤᠮᠳᠠᠴᠢ ᠪᠠᠷ | ᠬᠠᠮᠠᠭᠠᠯᠠᠬᠤ ᠠᠵᠤ ᠠᠬᠤᠶᠢᠯᠠᠯ ᠪᠣᠯᠭᠠᠨ ᠣᠷᠣᠯᠴᠠᠵᠤ ᠪᠣᠯᠤᠨ᠎ᠠ᠃ | ᠬᠤᠶᠠᠷ᠂ ᠪᠦᠲᠦᠭᠡᠭᠳᠡᠬᠦᠨ ᠤ ᠬᠦᠷᠢᠶ᠎ᠡ ᠬᠡᠪᠴᠢᠶ᠎ᠡ | ︵ᠨᠢᠭᠡ ︶ ᠤᠷᠢᠳᠴᠢᠯᠠᠨ ᠴᠡᠨᠡᠭᠯᠡᠬᠦ ᠵᠠᠯᠠᠭᠤᠷ ᠬᠤᠭᠤᠯᠠᠶᠢᠲᠤ ᠤᠬᠢᠶᠠᠭᠤᠷ᠂ ᠡᠭᠦᠨ ᠳᠤ ᠤᠯᠤᠰ ᠤᠨ | ᠡᠮᠴᠢᠯᠡᠭᠡᠨ ᠤ ᠳᠠᠭᠠᠳᠬᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠥᠷᠥᠯ ᠠᠩᠭᠢᠯᠠᠯ ᠪᠣᠯᠤᠨ | ᠣᠷᠣᠯᠠᠬᠤ ᠨᠣᠮᠧᠷ ᠨᠢ C142313 ᠦᠢᠯᠡᠳᠬᠦᠨ ︵14 — ᠰᠠᠭᠤᠷᠢ ᠡᠷᠡᠭᠦᠯ ᠬᠠᠮᠠᠭᠠᠯᠠᠯ ᠤᠨ ᠮᠠᠲ᠋ᠧᠷᠢᠶᠠᠯ᠂ | 23 — ᠡᠮ ᠶᠡᠭᠦᠯᠡᠬᠦ᠂ ᠴᠢᠰᠤ ᠶᠡᠭᠦᠯᠡᠬᠦ ᠪᠠᠭᠠᠵᠢ ᠬᠡᠷᠡᠭᠰᠡᠯ ᠵᠢᠴᠢ ᠬᠤᠭᠤᠯᠠᠶ ᠶᠢ ᠪᠠᠭᠲᠠᠭᠠᠵᠤ᠂ 13 — | ᠤᠷᠢᠳᠴᠢᠯᠠᠨ ᠴᠡᠨᠡᠭᠯᠡᠬᠦ ᠵᠠᠯᠠᠭᠤᠷ ᠬᠤᠭᠤᠯᠠᠶᠢᠲᠤ ᠤᠬᠢᠶᠠᠭᠤᠷ ᠪᠠᠭᠠᠵᠢ ︶ ᠢ ᠪᠠᠭᠲᠠᠭᠠᠨ᠎ᠠ᠃ | ︵ᠬᠤᠶᠠᠷ ︶᠂ ᠳᠠᠷᠤᠯᠲᠠᠲᠤ ᠬᠥᠭᠡᠷᠭᠡ᠂ ᠡᠭᠦᠨ ᠳᠤ ᠤᠯᠤᠰ ᠤᠨ ᠡᠮᠴᠢᠯᠡᠭᠡᠨ ᠤ ᠳᠠᠭᠠᠳᠬᠠᠯ ᠤᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠥᠷᠥᠯ ᠠᠩᠭᠢᠯᠠᠯ ᠬᠢᠭᠡᠳ ᠣᠷᠣᠯᠠᠬᠤ ᠨᠣᠮᠧᠷ ᠨᠢ | C020721 ᠦᠢᠯᠡᠳᠬᠦᠨ ︵02 — ᠴᠢᠰᠤᠨ ᠰᠤᠳᠠᠯ ᠤᠨ ᠡᠮᠴᠢᠯᠡᠭᠡᠨ ᠤ ᠲᠥᠷᠥᠯ ᠤᠨ ᠮᠠᠲ᠋ᠧᠷᠢᠶᠠᠯ᠂ 07 — | ᠨᠡᠶᠢᠳᠡᠮ ᠬᠡᠷᠡᠭᠯᠡᠵᠦ ᠡᠮᠴᠢᠯᠡᠭᠡᠨ ᠤ ᠮᠠᠲ᠋ᠧᠷᠢᠶᠠᠯ ᠂ 21— ᠳᠠᠷᠤᠯᠲᠠᠲᠤ ᠬᠥᠭᠡᠷᠭᠡ ︶ ᠢ ᠪᠠᠭᠲᠠᠭᠠᠨ᠎ᠠ᠃ | ᠭᠤᠷᠪᠠ᠂ ᠮᠡᠳᠡᠭᠦᠯᠬᠦ ᠱᠠᠭᠠᠷᠳᠠᠯᠭ᠎ᠠ | ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠨᠢ ᠨᠢᠭᠡᠨᠲᠡ ᠲᠣᠰ ᠤᠳᠠᠭᠠᠨ ᠤ | ᠦᠢᠯᠡᠳᠬᠦᠨ ᠤ ᠬᠠᠤᠯᠢ ᠶᠣᠰᠣᠨ ᠤ ᠬᠢᠷᠢ ᠬᠡᠮ ᠢ ᠲᠥᠪᠯᠡᠷᠡᠭᠦᠯᠦᠨ ᠬᠤᠳᠠᠯᠳᠤᠨ ᠠᠪᠤᠭᠰᠠᠨ | ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠴᠢ ︵ᠣᠷᠣᠯᠠᠭᠴᠢ︶ ᠶᠢ ᠨᠢᠭᠡᠨᠲᠡ ᠣᠯᠤᠭᠰᠠᠨ ᠪᠠᠶᠢᠨ᠎ᠠ᠃ | ᠡᠭᠦᠨ ᠳᠤ᠂ ᠬᠢᠯᠢ ᠶᠢᠨ ᠭᠠᠳᠠᠨᠠᠬᠢ ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠤᠯᠤᠭᠴᠢ ︵ᠣᠷᠣᠯᠠᠭᠴᠢ︶ ᠨᠢ | ᠮᠠᠨ ᠤ ᠤᠯᠤᠰ ᠤᠨ ᠬᠢᠯᠢ ᠶᠢᠨ ᠳᠣᠲᠣᠷᠠᠬᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠵᠢᠭᠠᠨ ᠲᠣᠭᠲᠠᠭᠠᠵᠤ | ᠲᠡᠭᠦᠨ ᠢ ᠵᠣᠬᠢᠬᠤ ᠬᠠᠤᠯᠢ ᠴᠠᠭᠠᠵᠠ ᠶᠢᠨ ᠡᠭᠦᠷᠭᠡ ᠶᠢ ᠭᠦᠢᠴᠡᠳᠬᠡᠯᠭᠡᠵᠦ᠂ ᠲᠡᠭᠦᠨ ᠳᠤ ᠨᠠᠶᠢᠳᠠᠵᠤ ᠮᠡᠳᠡᠭᠦᠯᠬᠦ ᠠᠵᠤ | ᠠᠬᠤᠶᠢᠯᠠᠯ ᠪᠣᠯᠭᠠᠬᠤ ᠬᠡᠷᠡᠭᠲᠡᠶ᠃ ᠠᠳᠠᠯᠢ ᠨᠢᠭᠡᠨ ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠤᠯᠤᠭᠴᠢ ︵ | ᠣᠷᠣᠯᠠᠭᠴᠢ︶ ᠠᠳᠠᠯᠢ ᠨᠢᠭᠡᠨ ᠦᠢᠯᠡᠳᠬᠦᠨ ᠤ ᠰᠢᠰᠲ᠋ᠧᠮ ᠨᠢ ᠠᠳᠠᠯᠢ ᠪᠤᠰᠤ ᠠᠵᠤ ᠠᠬᠤᠶᠢᠯᠠᠯ ᠳᠤ ᠨᠠᠶᠢᠳᠠᠵᠤ | ᠭᠤᠶᠤᠴᠢᠯᠠᠨ ᠮᠡᠳᠡᠭᠦᠯᠵᠦ ᠪᠣᠯᠬᠤ ᠦᠭᠡᠶ᠃ ᠠᠳᠠᠯᠢ ᠪᠤᠰᠤ ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠴᠢ ︵ | ᠣᠷᠣᠯᠠᠭᠴᠢ︶ ᠨᠢ ᠠᠳᠠᠯᠢ ᠨᠢᠭᠡᠨ ᠠᠵᠤ ᠠᠬᠤᠶᠢᠯᠠᠯ ᠳᠤ ᠨᠠᠶᠢᠳᠠᠵᠤ ᠮᠡᠳᠡᠭᠦᠯᠦᠭᠰᠡᠨ ᠪᠠᠶᠢᠪᠠᠯ᠂ ᠵᠢᠱᠢᠶᠡᠯᠡᠪᠡᠯ | ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠤᠯᠴᠢ ᠨᠢ ᠠᠳᠠᠯᠢ ᠨᠢᠭᠡᠨ ᠪᠣᠳᠠᠲᠠᠶ ᠡᠵᠡᠮᠳᠡᠭᠴᠢ ᠪᠢᠰᠢ ᠮᠥᠷᠲᠡᠭᠡᠨ | ᠬᠤᠪᠢ ᠡᠵᠡᠮᠳᠡᠭᠰᠡᠨ ᠬᠠᠷᠢᠴᠠᠭ᠎ᠠ ᠪᠠᠶᠢᠬᠤ ᠦᠭᠡᠢ ᠪᠣᠯ ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠤᠯᠤᠭᠰᠠᠨ | ᠬᠥᠮᠦᠨ ᠤ ᠲᠤᠭ᠎ᠠ ᠶᠢ ᠦᠨᠳᠦᠰᠦᠯᠡᠨ ᠣᠯᠠᠨ ᠮᠡᠳᠡᠭᠦᠯᠦᠭᠰᠡᠨ ᠠᠵᠤ ᠠᠬᠤᠶᠢᠯᠠᠯ ᠢᠶᠠᠷ ᠦᠵᠡᠨ᠎ᠡ᠃ | ᠳᠥᠷᠪᠡ᠂ ᠮᠡᠳᠡᠭᠦᠯᠬᠦ ᠠᠭᠤᠯᠭ᠎ᠠ | ᠠᠵᠤ ᠠᠬᠤᠶᠢᠯᠠᠯ ᠢᠶᠠᠷ ᠨᠢᠭᠡᠴᠢ ᠪᠣᠯᠭᠠᠨ ᠭᠤᠶᠤᠴᠢᠯᠠᠨ ᠮᠡᠳᠡᠭᠦᠯᠵᠦ᠂ ᠠᠳᠠᠯᠢ ᠪᠤᠰᠤ ᠡᠮᠴᠢᠯᠡᠭᠡᠨ ᠤ ᠪᠠᠭᠠᠵᠢ | ᠬᠡᠷᠡᠭᠰᠡᠯ ᠤᠨ ᠳᠠᠩᠰᠠᠯᠠᠭᠴᠢ ︵ᠣᠷᠣᠯᠠᠭᠴᠢ︶ ᠶᠢᠨ ᠬᠤᠭᠤᠷᠣᠨᠳᠤ᠂ ᠵᠢᠱᠢᠶᠡᠯᠡᠪᠡᠯ ᠠᠳᠠᠯᠢ ᠨᠢᠭᠡᠨ ᠪᠣᠳᠠᠲᠠᠶ | ᠡᠵᠡᠮᠰᠢᠭᠴᠢ ᠪᠤᠶᠤ ᠬᠤᠪᠢ ᠡᠵᠡᠮᠳᠡᠬᠦ ᠬᠠᠷᠢᠴᠠᠭ᠎ᠠ ᠣᠷᠣᠰᠢᠵᠤ ᠪᠠᠶᠢᠪᠠᠯ᠂ ᠠᠵᠤ ᠠᠬᠤᠶᠢᠯᠠᠯ ᠤᠨ ᠬᠤᠭᠤᠷᠣᠨᠳᠣ | ᠬᠤᠯᠪᠣᠭᠳᠠᠬᠤ ᠬᠠᠷᠢᠴᠠᠭ᠎ᠠ ᠣᠷᠣᠰᠢᠵᠤ ᠪᠠᠶᠢᠬᠤ ᠪᠠᠷ ᠦᠵᠡᠵᠦ᠂ ᠬᠤᠯᠪᠣᠭᠳᠠᠬᠤ ᠬᠠᠷᠢᠴᠠᠭ᠎ᠠ ᠣᠷᠣᠰᠢᠵᠤ ᠪᠠᠶᠢᠭ᠎ᠠ | ᠪᠣᠶ ᠪᠥᠬᠦᠶ ᠠᠵᠤ ᠠᠬᠤᠶᠢᠯᠠᠯ ᠤᠨ ᠳᠣᠲᠣᠷ᠎ᠠ ᠠᠯᠢ ᠨᠢᠭᠡᠨ ᠲᠥᠯᠥᠭᠡᠯᠡᠭᠴᠢ ᠪᠣᠶ ᠪᠥᠬᠦᠶ ᠠᠵᠤ ᠠᠬᠤᠶᠢᠯᠠᠯ ᠠᠴᠠ | ᠮᠡᠳᠡᠭᠡ ᠵᠠᠩᠭᠢ ᠪᠠᠨ ᠳᠤᠷ᠎ᠠ ᠪᠠᠷ ᠢᠶᠠᠨ ᠬᠠᠮᠠᠭᠠᠯᠠᠬᠤ ᠶᠢᠨ ᠬᠠᠮᠲᠤ ᠲᠥᠪᠯᠡᠷᠡᠭᠦᠯᠦᠨ ᠬᠤᠳᠠᠯᠳᠤᠨ ᠠᠪᠬᠤ ᠳᠤ | ᠣᠷᠣᠯᠴᠠᠬᠤ ᠶᠢᠨ ᠬᠠᠮᠲᠤ ︽ᠠᠵᠤ ᠠᠬᠤᠶᠢᠯᠠᠯ ᠤᠨ ᠬᠤᠯᠪᠣᠭᠳᠠᠬᠤ ᠬᠠᠷᠢᠴᠠᠭᠠᠨ ᠤ ᠬᠦᠰᠦᠨᠦᠭᠲᠦ︾ ᠶᠢ ᠲᠠᠭᠯᠠᠨ᠎ᠠ | ︵ᠳᠠᠭᠠᠯᠳᠤᠭᠤᠯᠤᠯ 1 ᠶᠢ ᠦᠵᠡ︶᠃ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ︽ᠦᠢᠯᠡᠳᠬᠦᠨ ᠤ ᠭᠠᠷᠴᠠᠭ | ︾ ︵ᠳᠠᠭᠠᠯᠳᠤᠭᠤᠯᠤᠯ 2᠂ 3 ᠶᠢ ᠦᠵᠡ︶ ᠲᠠᠢ ᠬᠠᠷᠢᠴᠠᠭᠤᠯᠤᠨ᠂ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ | ᠵᠢᠴᠢ ᠬᠤᠯᠪᠣᠭᠳᠠᠬᠤ ᠠᠵᠤ ᠠᠬᠤᠶᠢᠯᠠᠯ ᠳᠤ ᠬᠠᠷᠢᠶᠠᠯᠠᠭᠳᠠᠬᠤ ᠬᠤᠯᠪᠣᠭᠳᠠᠯ ᠪᠥᠬᠦᠶ ᠲᠤᠭ᠎ᠠ ᠪᠠᠷᠢᠮᠲᠠ ᠶᠢ ︽ | ᠤᠷᠢᠳᠴᠢᠯᠠᠨ ᠴᠡᠨᠡᠭᠯᠡᠬᠦ ᠵᠠᠯᠠᠭᠤᠷ ᠬᠤᠭᠤᠯᠠᠶᠢᠲᠤ ᠤᠬᠢᠶᠠᠭᠤᠷ ᠮᠠᠰᠢᠨ / ᠳᠠᠷᠤᠯᠲᠠᠲᠤ ᠬᠥᠭᠡᠷᠭᠡ ᠶᠢᠨ ᠦᠢᠯᠡᠳᠬᠦᠨ ᠤ | ᠭᠤᠶᠤᠴᠢᠯᠠᠨ ᠮᠡᠳᠡᠭᠦᠯᠦᠭᠰᠡᠨ ᠨᠠᠷᠢᠨ ᠲᠠᠩᠰᠠ︾ ︵ᠳᠠᠭᠠᠯᠳᠤᠭᠤᠯᠤᠯ 4 ᠶᠢ ᠦᠵᠡ︶ ᠳᠤ ᠨᠢᠭᠡᠳᠦᠯᠲᠡᠶ ᠲᠠᠭᠯᠠᠵᠤ᠂ | ︽ᠠᠵᠤ ᠠᠬᠤᠶᠢᠯᠠᠯ ᠤᠨ ᠠᠮᠠᠯᠠᠯᠲᠠ ᠶᠢᠨ ᠵᠠᠬᠢᠳᠠᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ | ᠣᠯᠭᠤᠬᠤ ᠪᠢᠴᠢᠭ︾ ᠲᠠᠢ ᠲᠠᠮᠠᠭ᠎ᠠ ᠳᠠᠷᠤᠵᠤ ᠰᠢᠷᠪᠢᠯᠲᠡ ᠶᠢᠨ ᠮᠠᠲ᠋ᠧᠷᠢᠶᠠᠯ ︵ᠳᠠᠭᠠᠯᠳᠤᠭᠤᠯᠤᠯ 5 ᠶᠢ ᠦᠵᠡ︶ | ᠲᠠᠢ ᠬᠠᠮᠲᠤ ᠳᠤᠨᠢ ᠲᠣᠭᠲᠠᠭᠰᠠᠨ ᠰᠢᠦᠳᠠᠨ ᠤ ᠬᠠᠶᠢᠷᠴᠠᠭ ᠲᠤ ᠢᠯᠡᠭᠡᠵᠦ᠂ ᠰᠢᠤᠳᠠᠨ ᠤ ᠭᠤᠤᠯ ᠰᠡᠳᠦᠪ ᠨᠢ ︽ | ᠶᠠᠮᠠᠷ ᠨᠢᠭᠡᠨ ᠠᠵᠤ ᠠᠬᠤᠶᠢᠯᠠᠯ ᠤᠨ ᠤᠷᠢᠳᠴᠢᠯᠠᠨ ᠴᠡᠨᠡᠭᠯᠡᠬᠦ ᠵᠠᠯᠠᠭᠤᠷ ᠬᠤᠭᠤᠯᠠᠶᠢᠲᠤ ᠤᠬᠢᠶᠠᠭᠤᠷ / ᠳᠠᠷᠤᠯᠲᠠᠲᠤ | ᠬᠥᠭᠡᠷᠭᠡ︾ ᠭᠡᠬᠦ ᠥᠰᠥᠭ ᠢ ᠲᠣᠳᠣᠷᠬᠠᠶᠢᠯᠠᠭᠠᠷᠠᠢ︵ᠳᠠᠭᠠᠯᠳᠤᠭᠤᠯᠤᠯ 1᠂ 4 ᠱᠠᠭᠠᠷᠳᠠᠯᠭ᠎ᠠ ᠶᠢᠨ ᠨᠠᠶᠢᠷᠠᠭᠤᠯᠤᠨ | ᠵᠣᠬᠢᠶᠠᠵᠤ ᠪᠣᠯᠬᠤ ᠪᠠ ᠲᠠᠮᠠᠭ᠎ᠠ ᠳᠠᠷᠤᠵᠤ ᠰᠢᠷᠪᠢᠬᠦ ᠬᠡᠪᠯᠡᠯ ᠳᠤ ᠲᠣᠰ ᠲᠣᠰ ᠨᠢᠭᠡ ᠬᠤᠪᠢ︶ ᠃ | ᠲᠠᠪᠤ᠂ ᠮᠡᠳᠡᠭᠦᠯᠬᠦ ᠴᠠᠭ ᠤᠨ ᠬᠢᠵᠠᠭᠠᠷ | 2023 ᠣᠨ ᠤ 5 ᠳ᠋ᠤᠭᠠᠷ ᠰᠠᠷ᠎ᠠ ᠶᠢᠨ 30 ᠤ ᠡᠳᠦᠷ ᠤᠨ 12᠄ 00 ᠴᠠᠭ ᠠᠴᠠ 2023 ᠣᠨ ᠤ 6 | ᠳ᠋ᠤᠭᠠᠷ ᠰᠠᠷ᠎ᠠ ᠶᠢᠨ 8 ᠤ ᠡᠳᠦᠷ ᠤᠨ 12᠄ 00 ᠴᠠᠭ ᠪᠣᠯᠲᠠᠯ᠎ᠠ᠂ ᠮᠡᠳᠡᠭᠦᠯᠬᠦ ᠴᠠᠭ ᠤᠨ ᠬᠢᠵᠠᠭᠠᠷ ᠢ ᠰᠢᠤᠳᠠᠨ ᠤ | ᠬᠠᠶᠢᠷᠴᠠᠭ ᠲᠤ ᠭᠥᠯᠢᠶᠡᠨ ᠠᠪᠬᠤ ᠴᠠᠭ ᠢᠶᠠᠷ ᠪᠠᠷᠢᠮᠵᠢᠶ᠎ᠠ ᠪᠣᠯᠭᠠᠨ᠎ᠠ᠃ ᠬᠠᠮᠲᠤᠷᠠᠨ ᠬᠤᠳᠠᠯᠳᠤᠨ ᠠᠪᠬᠤ ᠠᠯᠪᠠᠨ | ᠬᠡᠷ ᠨᠢ ᠲᠣᠰ ᠤᠳᠠᠭᠠᠨ ᠤ ᠳᠠᠭᠠᠯᠳᠤᠭᠤᠯᠤᠯ 4 ᠠᠭᠤᠯᠭ᠎ᠠ ᠪᠠᠷ ᠬᠠᠮᠤᠭ ᠡᠴᠦᠰ ᠤᠨ ᠲᠥᠪᠯᠡᠷᠡᠭᠦᠯᠦᠨ ᠬᠤᠳᠠᠯᠳᠤᠨ | ᠠᠪᠬᠤ ᠦᠢᠯᠡᠳᠬᠦᠨ ᠢᠶᠠᠨ ᠲᠣᠭᠲᠠᠭᠠᠬᠤ ᠶᠢᠨ ᠬᠠᠮᠲᠤ ᠭᠠᠳᠠᠭᠰᠢ ᠨᠡᠶᠢᠲᠡᠯᠡᠵᠦ᠂ ᠡᠭᠦᠨ ᠤ ᠬᠠᠮᠲᠤ ᠭᠤᠮᠣᠳᠠᠯ | ᠲᠣᠭᠠᠴᠢᠯᠲᠠ ᠶᠢ ᠬᠦᠯᠢᠶᠡᠨ᠎ᠡ᠃ | ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ | ᠬᠠᠷᠢᠯᠴᠠᠬᠤ ᠬᠥᠮᠦᠨ᠄ ᠯᠢ ᠪᠠᠭᠰᠢ 17684727777 | ᠵᠠᠩ ᠪᠠᠭᠰᠢ 18647383365 | ᠡᠯᠧᠺᠲᠷᠤᠨ ᠰᠢᠤᠳᠠᠨ ᠬᠠᠶᠢᠷᠴᠠᠭ᠄ sjlmdlcgbgs@163.com | ᠦᠢᠯᠡᠴᠢᠯᠡᠬᠦ ᠴᠠᠭ᠄ 9᠄ 00—12᠄ 00 ᠴᠠᠭ ᠂ 14᠄ 30—18᠄ 00 ᠴᠠᠭ᠂ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠪᠤᠰᠤᠳ᠃ | ᠳᠠᠭᠠᠯᠳᠤᠭᠤᠯᠤᠯ | 1. ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠴᠠᠭᠠᠨ ᠤ ᠬᠦᠰᠦᠨᠦᠭᠲᠦ | 2. ᠤᠷᠢᠳᠴᠢᠯᠠᠨ ᠴᠡᠨᠡᠭᠯᠡᠬᠦ ᠵᠠᠯᠠᠭᠤᠷ ᠬᠤᠭᠤᠯᠠᠶᠢᠲᠤ ᠤᠬᠢᠶᠠᠭᠤᠷ ᠤᠨ ᠦᠢᠯᠡᠳᠬᠦᠨ ᠤ ᠭᠠᠷᠴᠠᠭ | 3. ᠳᠠᠷᠤᠯᠲᠠᠲᠤ ᠬᠥᠭᠡᠷᠭᠡ ᠶᠢᠨ ᠦᠢᠯᠡᠳᠬᠦᠨ ᠤ ᠭᠠᠷᠴᠠᠭ | 4.ᠤᠷᠢᠳᠴᠢᠯᠠᠨ ᠴᠡᠨᠡᠭᠯᠡᠬᠦ ᠵᠠᠯᠠᠭᠤᠷ ᠬᠤᠭᠤᠯᠠᠶᠢᠲᠤ ᠤᠬᠢᠶᠠᠭᠤᠷ / ᠳᠠᠷᠤᠯᠲᠠᠲᠤ ᠬᠥᠭᠡᠷᠭᠡ ᠶᠢᠨ | ᠦᠢᠯᠡᠳᠬᠦᠨ ᠤ ᠮᠡᠳᠡᠭᠦᠯᠦᠯᠲᠡ ᠶᠢᠨ ᠨᠠᠷᠢᠨ ᠳᠠᠩᠰᠠ | 5. ᠠᠵᠤ ᠠᠬᠤᠶᠢᠯᠠᠯ ᠤᠨ ᠠᠮᠠᠯᠠᠯᠲᠠ ᠶᠢᠨ ᠪᠢᠴᠢᠭ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ | ᠡᠷᠬᠡ ᠣᠯᠭᠤᠬᠤ ᠪᠢᠴᠢᠭ | | ᠮᠤᠵᠢ ᠶᠢᠨ ᠬᠤᠭᠤᠷᠣᠨᠳᠣᠬᠢ ᠬᠤᠯᠪᠤᠭ᠎ᠠ ᠶᠢᠨ ᠬᠤᠳᠠᠯᠳᠤᠨ ᠠᠪᠬᠤ ᠠᠯᠪᠠᠨ ᠭᠡᠷ | ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠣᠷᠣᠯᠠᠨ ᠲᠠᠮᠠᠭ᠎ᠠ ᠳᠠᠷᠤᠨ᠎ᠠ︶ | | 2023 ᠣᠨ ᠤ 5 ᠳ᠋ᠤᠭᠠᠷ ᠰᠠᠷ᠎ᠠ ᠶᠢᠨ 29 ᠤ ᠡᠳᠦᠷ | | | |