ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠣᠵᠣ   ᠭᠤᠤᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ
ᠨᠡᠶᠢᠲᠡᠯᠡᠭᠰᠡᠨ ᠴᠠᠭ᠄
2023/5/4
  4 ᠳ᠋ᠦ᠋ᠭᠡᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ`ᠵᠢᠨ‌‍ᠪᠠᠲᠤᠯᠠᠭ᠎ᠠ ᠶᠢᠨ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠠᠵᠢᠯ ᠤᠨ ᠠᠬᠢᠴᠠ ᠪᠠᠨ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠪᠠᠶᠢᠴᠠᠭᠠᠨ ᠦᠵᠡᠭᠰᠡᠨ ᠰᠠᠭᠤᠷᠢᠨ ᠳᠡᠭᠡᠷ᠎ᠡ᠂ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠪᠠ᠃ ᠨᠢᠭᠡ ᠳᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠡᠮᠴᠢᠯᠡᠭᠡᠨ ᠤ ᠪᠠᠲᠤᠯᠠᠭ᠎ᠠ ᠶᠢᠨ ᠬᠥᠭᠵᠢᠯᠲᠡ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠲᠦᠷᠢᠮ ᠲᠣᠭᠲᠠᠭᠠᠯ ᠲᠣᠭᠲᠠᠭᠠᠬᠤ ᠵᠡᠷᠭᠡ 9 ᠵᠦᠢᠯ ᠤᠨ ᠭᠤᠣᠯᠳᠠᠯᠭ᠎ᠠ ᠲᠠᠢ ᠠᠵᠢᠯ ᠢ ᠡᠮᠬᠢᠯᠡᠨ ᠨᠠᠷᠢᠯᠢᠬᠵᠢᠭᠤᠯᠵᠤ᠂ ᠬᠠᠷᠠᠯᠲᠠ ᠱᠠᠭᠠᠷᠳᠠᠯᠭ᠎ᠠ ᠪᠠ ᠬᠡᠷᠡᠭᠵᠢᠭᠦᠯᠬᠦ ᠠᠷᠭ᠎ᠠ ᠵᠠᠮ ᠢ ᠨᠢᠭᠡᠳ ᠨᠢᠭᠡ ᠪᠠᠷ ᠲᠣᠳᠣᠷᠬᠠᠶᠢᠯᠠᠵᠤ᠂ ᠡᠭᠦᠷᠭᠡ ᠲᠣᠳᠣᠷᠬᠠᠢ᠂ ᠬᠠᠷᠢᠭᠤᠴᠠᠯᠭ᠎ᠠ ᠲᠣᠳᠣᠷᠬᠠᠢ᠂ ᠠᠷᠭ᠎ᠠ ᠬᠡᠮᠵᠢᠶ᠎ᠡ ᠪᠣᠳᠠᠲᠠᠢ ᠪᠠᠶᠢᠬᠤ ᠶᠢ ᠦᠨᠡᠨ ᠬᠦ ᠪᠠᠲᠤᠯᠠᠪᠠ᠃ ᠬᠤᠶᠠᠷ ᠲᠤ᠂ ᠰᠤᠷᠤᠯᠴᠠᠬᠤ᠂ ᠪᠠᠶᠢᠴᠠᠭᠠᠨ ᠰᠤᠳᠤᠯᠬᠤ᠂ ᠰᠤᠳᠤᠯᠤᠨ ᠶᠠᠷᠢᠯᠴᠠᠬᠤ᠂ ᠬᠦᠴᠢᠷ ᠠᠰᠠᠭᠤᠳᠠᠯ ᠢ ᠰᠢᠢᠳᠪᠤᠷᠢᠯᠡᠬᠦ᠂ ᠠᠶᠤᠯ ᠲᠦᠭᠰᠢᠭᠦᠷᠢ ᠶᠢ ᠠᠷᠢᠯᠭᠠᠬᠤ᠂ ᠪᠣᠳᠠᠲᠤ ᠶᠠᠪᠤᠳᠠᠯ ᠬᠢᠬᠦ᠂ ᠠᠰᠠᠭᠤᠳᠠᠯ ᠢ ᠪᠠᠶᠢᠴᠠᠭᠠᠨ ᠦᠵᠡᠬᠦ ᠵᠡᠷᠭᠡ 7 ᠡᠭᠦᠷᠭᠡ ᠶᠢᠨ ᠨᠠᠷᠢᠨ ᠲᠠᠩᠰᠠ ᠶᠢ ᠰᠤᠳᠤᠯᠤᠨ ᠲᠣᠭᠲᠠᠭᠠᠵᠤ᠂ ᠠᠬᠢᠭᠤᠯᠬᠤ ᠠᠷᠭ᠎ᠠ ᠬᠡᠮᠵᠢᠶ᠎ᠡ ᠪᠠ ᠬᠠᠷᠢᠭᠤᠴᠠᠯᠭᠠᠲᠤ ᠰᠠᠯᠠᠭ᠎ᠠ ᠮᠥᠴᠢᠷ ᠢ ᠨᠢᠭᠡᠳ ᠨᠢᠭᠡ ᠪᠠᠷ ᠲᠣᠳᠣᠷᠬᠠᠶᠢᠯᠠᠵᠤ᠂ ᠡᠭᠦᠷᠭᠡ ᠶᠢᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠤᠶᠢᠯᠠᠭᠠᠬᠤ ᠢᠲᠡᠭᠡᠬᠦ ᠠᠵᠢᠯᠯᠠᠬᠤ ᠶᠢ ᠨᠢᠭᠡᠳᠦᠯᠲᠡᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠷᠪᠠ ᠳᠤ᠂ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠵᠢᠴᠢ ᠪᠦᠷᠢᠯᠳᠦᠬᠦᠨ᠂ ᠨᠠᠮ ᠤᠨ ᠭᠡᠰᠢᠭᠦᠨ ᠤᠳᠤᠷᠢᠳᠬᠤ ᠺᠠᠳ᠋ᠷ᠂ ᠨᠠᠮ ᠤᠨ ᠡᠭᠦᠷ ᠪᠣᠯᠤᠨ ᠨᠠᠮ ᠤᠨ ᠭᠡᠰᠢᠭᠦᠨ᠂ ᠵᠠᠯᠠᠭᠤᠴᠤᠳ ᠤᠨ ᠡᠪᠯᠡᠯ ᠤᠨ ᠭᠡᠰᠢᠭᠦᠨ᠂ ᠠᠬᠠᠮᠠᠳ ᠺᠠᠳ᠋ᠷ ᠵᠡᠷᠭᠡ 5 ᠲᠠᠯ᠎ᠠ ᠶᠢᠨ ᠭᠤᠤᠯ ᠴᠣᠭᠴᠠ ᠶᠢᠨ ᠭᠤᠤᠯ ᠰᠡᠳᠦᠪᠲᠦ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠪᠠᠶᠢᠷᠢᠯᠠᠭᠤᠯᠵᠤ᠂ ᠡᠭᠦᠷᠭᠡ ᠶᠢᠨ ᠱᠠᠭᠠᠷᠳᠠᠯᠭ᠎ᠠ ᠪᠣᠯᠤᠨ ᠪᠡᠶᠡᠯᠡᠭᠦᠯᠬᠦ ᠴᠠᠭ ᠤᠨ ᠬᠢᠵᠠᠭᠠᠷ ᠢ ᠨᠢᠭᠡᠳ ᠨᠢᠭᠡ ᠪᠠᠷ ᠲᠣᠳᠣᠷᠬᠠᠶᠢᠯᠠᠵᠤ᠂ ᠭᠤᠤᠯ ᠴᠣᠭᠴᠠ ᠶᠢ ᠪᠦᠬᠦᠨ ᠢ ᠬᠠᠮᠤᠷᠬᠤ᠂ ᠠᠭᠤᠯᠭ᠎ᠠ ᠶᠢ ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠨ᠎ᠠ᠃ ᠳᠥᠷᠪᠡ ᠳᠤ᠂ ᠤᠳᠤᠷᠢᠳᠬᠤ ᠳᠤᠭᠤᠶᠢᠯᠠᠩ ᠤᠨ ᠡᠯ᠎ᠡ ᠠᠵᠢᠯᠯᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢᠨ  ᠦᠢᠯᠡᠳᠤᠯ ᠢ ᠭᠦᠢᠴᠢᠳ ᠪᠠᠳᠠᠷᠠᠭᠤᠯᠵᠤ᠂ ᠠᠵᠢᠯᠯᠠᠬᠤ ᠳᠤᠭᠤᠶᠢᠯᠠᠩ ᠨᠢᠭᠡᠪᠦᠷᠢ ᠨᠢᠭᠡ ᠬᠤᠪᠢ ᠪᠥᠬᠦ ᠶᠠᠪᠤᠴᠠ ᠶᠢᠨ ᠠᠵᠢᠯ ᠤᠨ ᠲᠥᠯᠥᠪᠯᠡᠭᠡ ᠲᠣᠭᠲᠠᠭᠠᠵᠤ᠂ ᠡᠭᠦᠷᠭᠡ ᠶᠢᠨ ᠬᠤᠪᠢᠶᠠᠷᠢᠯᠠᠯ ᠪᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠭᠤᠤᠯ ᠰᠡᠳᠦᠪᠲᠦ ᠬᠥᠮᠦᠵᠢᠯ ᠤᠨ ᠡᠮᠬᠢ ᠵᠢᠷᠤᠮ ᠲᠠᠢ᠂ ᠬᠦᠴᠦᠲᠡᠶ᠂ ᠪᠦᠲᠦᠮᠵᠢᠲᠡᠶ ᠠᠬᠢᠭᠤᠯᠬᠤ ᠶᠢ ᠦᠨᠡᠨᠬᠦ ᠪᠠᠳᠤᠯᠠᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号