ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠭ᠎ᠠ ᠶᠢᠨ ᠲᠣᠪᠴᠢᠶ᠎ᠠ ︽ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠵᠠᠯᠠᠭᠤ ᠨᠠᠰᠤᠨ ᠤ ᠠᠵᠢᠯ ᠤᠨ ᠪᠠᠶᠢᠷᠢ ᠳᠤ ᠭᠠᠪᠢᠶ᠎ᠠ ᠪᠠᠶᠢᠭᠤᠯᠤᠶ᠎ᠠ︾ ᠭᠤᠣᠯ ᠰᠡᠳᠦᠪᠲᠦ ᠶᠠᠷᠢᠶ᠎ᠠ ᠢᠯᠡᠳᠭᠡᠯ ᠤᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2023/5/6
  ︽5 · 4 ᠤ ᠬᠥᠳᠡᠯᠭᠡᠭᠡᠨ︾ ᠤ 104 ᠵᠢᠯ ᠤᠨ ᠤᠢ ᠶᠢ ᠳᠤᠷᠠᠰᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ 5 · 4  ᠤ ᠵᠠᠯᠠᠭᠤᠴᠤᠳ ᠤᠨ ᠪᠠᠶᠠᠷ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠭ᠎ᠠ ᠶᠢᠨ ᠲᠣᠪᠴᠢᠶ᠎ᠠ ᠶᠢᠨ ᠡᠪᠯᠡᠯ ᠤᠨ ᠬᠤᠷᠢᠶ᠎ᠠ ︽ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠵᠠᠯᠠᠭᠤ ᠨᠠᠰᠤᠨ ᠤ ᠠᠵᠢᠯ ᠤᠨ ᠪᠠᠶᠢᠷᠢ ᠳᠤ ᠭᠠᠪᠢᠶ᠎ᠠ ᠪᠠᠶᠢᠭᠤᠯᠤᠶ᠎ᠠ︾ ᠭᠤᠣᠯ ᠰᠡᠳᠦᠪᠲᠦ ᠶᠠᠷᠢᠶ᠎ᠠ ᠢᠯᠡᠳᠬᠡᠯ ᠥᠷᠨᠢᠭᠦᠯᠵᠦ᠂ ᠲᠣᠪᠴᠢᠶ᠎ᠠ ᠶᠢᠨ ᠰᠢᠰᠲ᠋ᠧᠮ ᠤᠨ 40 ᠭᠠᠷᠤᠢ ᠵᠠᠯᠠᠭᠤᠴᠤᠳ ᠠᠵᠢᠯᠯᠠᠭ᠎ᠠ ᠳᠤ ᠣᠷᠣᠯᠴᠠᠪᠠ᠃  ᠠᠵᠢᠯᠯᠠᠭ᠎ᠠ ᠶᠢᠨ ᠳᠤᠮᠳᠠ᠂ 8 ᠵᠠᠯᠠᠭᠤ ᠶᠠᠷᠢᠶᠠᠨ ᠤ ᠲᠠᠪᠴᠠᠩ ᠳᠤ ᠭᠠᠷᠴᠤ᠂ ᠬᠦᠰᠡᠯᠡᠩ᠂ ᠠᠵᠢᠯ᠂ ᠢᠷᠡᠭᠡᠳᠦᠢ ᠶᠢᠨ ᠲᠤᠬᠠᠢ ᠶᠠᠷᠢᠯᠴᠠᠵᠤ᠂ ᠡᠮᠴᠢᠯᠡᠭᠡᠨ ᠤ ᠪᠠᠳᠤᠯᠭ᠎ᠠ ᠶᠢᠨ ᠵᠠᠯᠠᠭᠤᠴᠤᠳ ᠤᠨ ᠶᠡᠭᠡ ᠵᠣᠷᠢᠭ ᠢ ᠪᠣᠶ ᠪᠣᠯᠭᠠᠬᠤ᠂ ᠶᠡᠭᠡ ᠮᠣᠷᠠᠯ ᠢ ᠮᠡᠳᠡᠬᠦ᠂ ᠶᠡᠭᠡ ᠴᠢᠳᠠᠪᠤᠷᠢᠲᠠᠨ ᠪᠣᠯᠬᠤ᠂ ᠶᠡᠭᠡ ᠡᠭᠦᠷᠭᠡ ᠶᠢ ᠡᠭᠦᠷᠭᠡᠯᠡᠬᠦ ᠠᠤᠭ᠎ᠠ ᠰᠡᠳᠬᠢᠯᠭᠡ ᠡᠷᠡᠯᠬᠡᠭ ᠵᠣᠷᠢᠭ ᠢ ᠢᠯᠡᠳᠬᠡᠵᠡᠢ᠃ ᠳᠡᠳᠡ ᠤᠳᠤ ᠦᠶ᠎ᠡ ᠶᠢᠨ ᠵᠠᠯᠠᠭᠤᠴᠤᠳ ᠴᠠᠭ ᠦᠶ᠎ᠡ ᠳᠡᠭᠡᠨ ᠲᠣᠬᠢᠶᠠᠯᠳᠤᠵᠤ᠂ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠦᠴᠦ ᠨᠡᠮᠡᠷᠢᠯᠡᠵᠦ᠂ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠶᠢ ᠠᠮᠰᠠᠵᠤ ᠴᠢᠳᠠᠬᠤ᠂ ᠴᠢᠷᠮᠠᠶᠢᠨ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠬᠤ ᠪᠠᠷ ᠵᠣᠷᠢᠭ ᠰᠢᠭᠤᠳᠬᠤ ᠬᠡᠷᠡᠭᠲᠡᠢ ᠭᠡᠵᠦ ᠢᠯᠡᠳᠬᠡᠵᠡᠭᠡᠪᠡ᠃  ᠲᠣᠰ ᠤᠳᠠᠭᠠᠨ ᠤ ᠶᠠᠷᠢᠶ᠎ᠠ ᠢᠯᠡᠳᠬᠡᠯ ᠤᠨ ᠠᠵᠢᠯᠯᠠᠭ᠎ᠠ ᠨᠢ ᠡᠮᠴᠢᠯᠡᠭᠡᠨ ᠤ ᠪᠠᠳᠤᠯᠭ᠎ᠠ ᠶᠢᠨ ᠵᠠᠯᠠᠭᠤᠴᠤᠳ ᠤᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ ᠵᠠᠯᠠᠭᠤ ᠨᠠᠰᠤᠨ ᠤ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠤᠭ ᠰᠠᠨᠠᠭ᠎ᠠ ᠪᠠᠨ ᠥᠯᠥ ᠮᠠᠷᠲᠠᠨ᠂ ᠡᠷᠡᠯᠬᠡᠭᠯᠡᠨ ᠲᠡᠮᠡᠴᠡᠬᠦ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠪᠠ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠶᠢ ᠬᠥᠭᠵᠢᠭᠡᠭᠰᠡᠨ ᠪᠠᠶᠢᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号