ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠭ᠎ᠠ ᠶᠢᠨ ᠲᠣᠪᠴᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠰᠤᠷᠭᠠᠨ ᠬᠥᠮᠦᠵᠢᠯ ᠤᠨ ᠨᠣᠮ ᠤᠩᠰᠢᠬᠤ ᠠᠩᠭᠢ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/5/7
  5 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠲᠡᠭᠦᠰ ᠠᠮᠵᠢᠯᠲᠠ ᠲᠠᠢ ᠲᠡᠭᠦᠰᠴᠦ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶ᠎ᠠ ᠶᠢᠨ ᠳᠠᠷᠤᠭ᠎ᠠ ᠶᠢᠨ ᠮᠠᠨ ᠢ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠤᠪᠴᠢᠶ᠎ᠠ ᠶᠢᠨ ᠳᠡᠳ᠋ ᠳᠠᠷᠤᠭ᠎ᠠ ᠽᠧᠩ ᠵᠣᠣ ᠰᠢᠶᠠᠩ ᠰᠤᠷᠤᠯᠭ᠎ᠠ ᠲᠡᠭᠦᠰᠬᠦ ᠶᠣᠰᠣᠯᠠᠯ ᠢ ᠡᠷᠭᠢᠯᠡᠪᠡ᠃  ᠶᠢᠨ ᠮᠠᠨ ᠢ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠲᠣᠰ ᠤᠳᠠᠭᠠᠨ ᠤ ᠨᠣᠮ ᠤᠩᠰᠢᠬᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠨᠢ ᠭᠤᠣᠯ ᠰᠡᠳᠦᠪ ᠨᠢ ᠢᠯᠡ ᠲᠣᠳᠣ᠂ ᠭᠤᠣᠯᠳᠠᠯᠭ᠎ᠠ ᠨᠢ ᠲᠣᠪᠣᠶᠢᠮ᠎ᠠ᠂ ᠲᠣᠬᠢᠷᠠᠭᠤᠯᠤᠯᠲᠠ ᠨᠢ ᠵᠦᠢ ᠵᠣᠬᠢᠰᠲᠠᠢ᠂ ᠰᠤᠳᠤᠯᠤᠨ ᠰᠤᠷᠤᠯᠴᠠᠬᠤ ᠳᠤ ᠦᠨᠡᠨᠴᠢ ᠰᠢᠳᠤᠷᠭᠤ ᠪᠠᠶᠢᠬᠤ ᠣᠨᠴᠠᠯᠢᠭ ᠲᠠᠢ᠃ ᠲᠤᠯᠤᠭᠠᠨ ᠡᠳᠦᠷ ᠤᠨ ᠬᠤᠭᠤᠴᠠᠭ᠎ᠠ ᠲᠠᠢ ᠰᠤᠷᠤᠯᠴᠠᠯᠭ᠎ᠠ ᠪᠠᠷ ᠳᠠᠮᠵᠢᠭᠠᠳ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠵᠠᠢ᠃ ᠪᠦᠬᠦ ᠲᠤᠪᠴᠢᠶ᠎ᠠ ᠶᠢᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠢᠳᠡᠪᠬᠢᠲᠡᠢ ᠣᠷᠣᠯᠴᠠᠵᠤ᠂ ᠭᠦᠨᠵᠡᠭᠡᠢ ᠠᠭᠤᠰᠤᠯᠴᠠᠵᠤ ︽ᠦᠵᠡᠯ ᠰᠠᠨᠠᠭ᠎ᠠ ᠶᠢ      ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ      ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ ᠰᠤᠷᠤᠯᠴᠠᠬᠤ᠂ ᠬᠠᠷᠢᠴᠠᠭᠤᠯᠵᠤ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ᠂ ᠨᠢᠭᠡ ᠤᠳᠠᠭᠠᠨ ᠤ ᠡᠷᠡᠰ ᠪᠠᠲᠤ ᠢᠲᠡᠭᠡᠯ ᠪᠢᠰᠢᠷᠡᠯ ᠤᠨ ᠬᠥᠮᠦᠵᠢᠯ᠂ ᠴᠢᠩᠭ᠎ᠠ ᠨᠢᠮᠪᠠᠢ ᠦᠵᠡᠯ ᠰᠠᠨᠠᠭᠠᠨ ᠤ ᠳᠠᠪᠲᠠᠯᠲᠠ᠂ ᠭᠦᠨ ᠭᠦᠨᠵᠡᠭᠡᠢ ᠤᠶᠤᠨ ᠰᠠᠨᠠᠭᠠᠨ ᠤ ᠳᠠᠪᠲᠠᠯᠲᠠ ᠶᠢ ᠦᠨᠡᠨᠬᠦ ᠬᠦᠷᠳᠡᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠳᠤ ᠤᠨᠤᠯ ᠤᠨ ᠰᠠᠭᠤᠷᠢ ᠶᠢ ᠲᠠᠯᠪᠢᠭᠰᠠᠨ ᠪᠠᠶᠢᠨ᠎ᠠ ᠭᠡᠵᠦ ᠵᠢᠭᠠᠨ ᠭᠠᠷᠭᠠᠪᠠ᠃  ᠶᠢᠨ ᠮᠠᠨ ᠢ᠂ ᠲᠣᠰ ᠤᠳᠠᠭᠠᠨ ᠤ ᠭᠤᠣᠯ ᠰᠡᠳᠦᠪᠲᠦ ᠬᠥᠮᠦᠵᠢᠯ ᠢ ᠱᠠᠲᠤ ᠦᠶ᠎ᠡ ᠬᠤᠪᠢᠶᠠᠬᠤ ᠦᠭᠡᠢ᠂ ᠭᠤᠭᠴᠤᠭ᠎ᠠ ᠬᠤᠪᠢᠶᠠᠬᠤ ᠦᠭᠡᠢ᠂ ᠨᠣᠮ ᠤᠩᠰᠢᠵᠤ ᠰᠤᠷᠤᠯᠴᠠᠬᠤ ᠪᠣᠯ ᠨᠠᠮ ᠤᠨ ᠭᠡᠰᠢᠭᠦᠨ ᠺᠠᠳ᠋ᠷᠴᠤᠳ ᠤᠨ ᠥᠨᠢ ᠡᠭᠦᠷᠢᠳᠡ ᠶᠢᠨ ᠵᠠᠪᠠᠯ ᠰᠤᠷᠬᠤ ᠬᠢᠴᠢᠶᠡᠯ ᠮᠥᠨ᠃ ᠪᠦᠬᠦ ᠲᠤᠪᠴᠢᠶ᠎ᠠ ᠶᠢᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠠᠵᠢᠯᠯᠠᠵᠤ ᠰᠤᠷᠤᠯᠴᠠᠬᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠡᠮᠴᠢᠯᠡᠭᠡ ᠶᠢᠨ ᠪᠠᠳᠤᠯᠠᠭ᠎ᠠ ᠶᠢᠨ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢ ᠠᠬᠢᠭᠤᠯᠬᠤ ᠬᠦᠴᠦᠷᠬᠡᠭ ᠶᠡᠭᠡ ᠬᠦᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠦᠬᠦ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠨᠢᠭᠡ ᠳᠤ᠂ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ ᠶᠢ ᠭᠤᠣᠯ ᠰᠡᠳᠦᠪᠲᠦ ᠬᠥᠮᠦᠵᠢᠯ ᠳᠤ ᠢᠮᠠᠭᠲᠠ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠢᠮᠪᠠᠢ ᠪᠠᠷᠢᠮᠲᠠᠯᠠᠨ ᠦᠨᠡᠨᠴᠢ ᠪᠠᠷ ᠬᠡᠷᠡᠭᠵᠢᠭᠦᠯᠵᠦ᠂ ᠢᠲᠡᠭᠡᠯ ᠪᠢᠰᠢᠷᠡᠯ ᠲᠠᠢ ᠰᠤᠷᠤᠯᠴᠠᠵᠤ᠂ ᠠᠰᠠᠭᠤᠳᠠᠯ ᠪᠤᠯᠭᠠᠨ ᠰᠤᠷᠤᠯᠴᠠᠵᠤ᠂ ᠵᠣᠷᠢᠯᠲᠠ ᠲᠠᠢ ᠰᠤᠷᠤᠯᠴᠠᠵᠤ᠂ ᠰᠡᠳᠬᠢᠨ ᠪᠤᠳᠤᠯᠬᠢᠯᠠᠵᠦ ᠰᠤᠷᠤᠯᠴᠠᠵᠤ᠂ ᠬᠠᠷᠢᠭᠤᠴᠠᠯᠭ᠎ᠠ ᠲᠠᠢ ᠰᠤᠷᠤᠯᠴᠠᠵᠤ᠂ ᠦᠨᠡᠨᠬᠦ ᠰᠡᠳᠬᠢᠯ ᠳᠡᠭᠡᠨ ᠬᠠᠳᠠᠩᠰᠢᠭᠤᠯᠵᠤ᠂ ᠦᠨᠡᠨᠬᠦ ᠢᠲᠡᠭᠡᠵᠦ ᠦᠨᠡᠨᠬᠦ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠦᠷᠨᠢᠭᠦᠯᠦᠨ᠎ᠡ᠃ ᠪᠠᠶᠢᠴᠠᠭᠠᠨ ᠰᠤᠳᠤᠯᠤᠯᠲᠠ ᠬᠢᠬᠦ ᠡᠨᠡ ᠬᠦ ᠤᠯᠠᠮᠵᠢᠯᠠᠯᠲᠤ ᠡᠷᠳᠡᠨᠢ ᠶᠢ ᠰᠠᠶᠢᠲᠤᠷ ᠬᠡᠷᠡᠭᠯᠡᠬᠦ ᠶᠢ ᠪᠠᠷᠢᠮᠲᠠᠯᠠᠵᠤ᠂ ᠦᠨᠳᠦᠰᠦᠨ ᠪᠣᠯᠪᠠᠰᠤᠷᠠᠯ ᠢᠶᠠᠨ ᠰᠠᠶᠢᠲᠤᠷ ᠪᠣᠯᠪᠠᠰᠤᠷᠠᠵᠤ᠂ ᠠᠰᠠᠭᠤᠳᠠᠯ ᠢ ᠦᠨᠡᠨ ᠬᠦ ᠰᠤᠳᠤᠯᠵᠤ᠂ ᠦᠨᠡᠨ ᠠᠰᠠᠭᠤᠳᠠᠯ ᠢ ᠦᠨᠡᠨ ᠬᠦ ᠰᠤᠳᠤᠯᠬᠤ ᠬᠡᠷᠡᠭᠲᠡᠢ᠃ ︽ᠭᠦᠨᠵᠡᠭᠡᠢ ᠪᠣᠳᠠᠲᠠᠢ ᠨᠠᠷᠢᠯᠢᠭ ᠣᠨᠣᠪᠴᠢᠲᠠᠢ ᠦᠷ᠎ᠡ ᠪᠦᠲᠦᠮᠵᠢ︾ ᠭᠡᠬᠦ ᠲᠠᠪᠤᠨ ᠦᠰᠦᠭ ᠤᠨ ᠤᠩᠰᠢᠯᠭ᠎ᠠ ᠶᠢᠨ ᠱᠠᠭᠠᠷᠳᠠᠯᠭ᠎ᠠ ᠶᠣᠰᠣᠭᠠᠷ᠂ ᠪᠠᠶᠢᠴᠠᠭᠠᠨ ᠰᠤᠳᠤᠯᠬᠤ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ᠂ ᠪᠠᠶᠢᠴᠠᠭᠠᠨ ᠰᠤᠳᠤᠯᠬᠤ ᠶᠠᠪᠤᠴᠠ ᠶᠢ ᠤᠨᠤᠯ ᠤᠨ ᠰᠤᠷᠤᠯᠴᠠᠯᠭ᠎ᠠ ᠶᠢ ᠦᠢᠯᠡᠳᠦᠯᠭᠡ ᠶᠢᠨ ᠬᠡᠷᠡᠭᠯᠡᠯᠲᠡ ᠪᠣᠯᠭᠠᠨ ᠬᠤᠪᠢᠷᠠᠭᠤᠯᠬᠤ ᠶᠠᠪᠤᠴᠠ ᠪᠣᠯᠭᠠᠵᠤ᠂ ᠰᠤᠷᠲᠠᠯ ᠢᠶᠠᠨ ᠬᠤᠪᠢᠷᠠᠭᠤᠯᠬᠤ᠂ ᠤᠯᠠᠨ ᠲᠦᠮᠡᠨ ᠯᠦᠭᠡ ᠶᠢᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠬᠤ ᠶᠠᠪᠤᠴᠠ ᠪᠣᠯᠭᠠᠵᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠶᠠᠪᠤᠴᠠ ᠪᠣᠯᠭᠠᠬᠤ ᠬᠡᠷᠡᠭᠲᠡᠢ᠃ ᠭᠤᠷᠪᠠ ᠳᠤ᠂ ᠠᠰᠠᠭᠤᠳᠠᠯ ᠢ ᠭᠦᠨᠵᠡᠭᠡᠢ ᠪᠠᠶᠢᠴᠠᠭᠠᠨ ᠲᠤᠩᠭᠠᠨ ᠪᠣᠳᠣᠯᠬᠢᠯᠠᠬᠤ ᠬᠡᠷᠡᠭᠲᠡᠢ᠃ ᠪᠡᠶᠡᠴᠢ ᠲᠠᠯ᠎ᠠ ᠠᠴᠠ᠂ ᠦᠵᠡᠯ ᠰᠠᠨᠠᠭᠠᠨ ᠤ ᠲᠠᠯ᠎ᠠ ᠠᠴᠠ ᠵᠠᠳᠠᠯᠤᠨ ᠰᠢᠨᠵᠢᠯᠡᠵᠦ᠂ ᠥᠪᠡᠷ ᠤᠨ ᠪᠡᠶ᠎ᠡ ᠪᠠᠷ ᠢᠶᠠᠨ᠂ ᠡᠭᠦᠷᠭᠡ ᠬᠠᠷᠢᠭᠤᠴᠠᠯᠭ᠎ᠠ ᠲᠠᠢ ᠪᠠᠷ ᠠᠵᠢᠯ ᠢᠶᠠᠨ ᠬᠢᠬᠦ ᠬᠡᠷᠡᠭᠲᠡᠢ᠃ ᠨᠠᠷᠢᠨ ᠬᠢᠨᠠᠮᠠᠭᠠᠢ ᠪᠠᠶᠢᠴᠠᠭᠠᠨ ᠲᠤᠩᠭᠠᠨ ᠪᠣᠳᠣᠯᠬᠢᠯᠠᠵᠤ᠂ ᠠᠰᠠᠭᠤᠳᠠᠯ ᠢ ᠣᠨᠣᠪᠴᠢᠲᠠᠢ ᠡᠷᠢᠵᠦ ᠪᠣᠳᠠᠲᠠᠢ ᠡᠷᠢᠵᠦ᠂ ᠠᠵᠢᠯ ᠤᠨ ᠳᠤᠲᠠᠭᠤᠳᠠᠯ᠂ ᠪᠣᠳᠠᠲᠠᠢ ᠠᠰᠠᠭᠤᠳᠠᠯ ᠳᠤ ᠴᠢᠭᠯᠡᠭᠦᠯᠦᠨ᠂ ᠠᠰᠠᠭᠤᠳᠠᠯ ᠢ ᠪᠠᠶᠢᠴᠠᠭᠠᠨ ᠦᠵᠡᠬᠦ ᠨᠠᠷᠢᠨ ᠳᠠᠩᠰᠠ ᠶᠢ ᠪᠦᠷᠢᠯᠳᠦᠭᠦᠯᠵᠦ᠂ ᠴᠡᠭᠴᠡᠯᠡᠨ ᠰᠠᠶᠢᠵᠢᠷᠠᠭᠤᠯᠬᠤ ᠲᠥᠰᠥᠯ᠂ ᠡᠬᠡ ᠳᠠᠩᠰᠠ ᠶᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠵᠦᠢᠯ ᠳᠠᠷᠠᠭᠠᠯᠠᠨ ᠠᠬᠢᠭᠤᠯᠬᠤ ᠬᠡᠷᠡᠭᠲᠡᠢ᠃ ᠳᠥᠷᠪᠡ ᠳᠤ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠨ᠎ᠡ᠃ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢᠶᠠᠨ ᠪᠠᠲᠤᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠴᠤᠭ ᠵᠢᠪᠬᠤᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠶᠤᠯ ᠲᠦᠭᠰᠢᠭᠦᠷᠢ ᠶᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠳᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠤᠯᠠᠨ ᠡᠮᠴᠢᠯᠡᠭᠡ ᠶᠢᠨ ᠪᠠᠳᠤᠯᠠᠭ᠎ᠠ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃  ᠲᠤᠰ ᠤᠳᠠᠭ᠎ᠠ ᠶᠢᠨ ᠨᠣᠮ ᠤᠩᠰᠢᠬᠤ ᠠᠩᠭᠢ ᠶᠢ ᠬᠤᠶᠠᠷ ᠬᠤᠭᠤᠴᠠᠭ᠎ᠠ ᠬᠤᠪᠢᠶᠠᠵᠤ᠂ ᠲᠤᠰᠬᠠᠢ ᠮᠡᠷᠭᠡᠵᠢᠯᠲᠡᠨ ᠤ ᠲᠠᠶᠢᠯᠤᠮᠵᠢ᠂ ᠲᠥᠪᠯᠡᠷᠡᠭᠦᠯᠦᠨ ᠰᠤᠷᠤᠯᠴᠠᠭᠤᠯᠬᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠤᠯᠠᠨ ᠵᠦᠢᠯ ᠤᠨ ᠬᠡᠯᠪᠡᠷᠢ ᠶᠢᠨ ᠰᠤᠷᠤᠯᠴᠠᠯᠭ᠎ᠠ ᠶᠢ ᠲᠣᠬᠢᠷᠠᠭᠤᠯᠵᠠᠢ᠃ ᠰᠤᠷᠤᠯᠴᠠᠬᠤ ᠪᠠᠷ ᠲᠠᠮᠵᠢᠨ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠴᠢᠨᠠᠭᠰᠢᠳᠠ ᠣᠶᠢᠯᠠᠭᠠᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠵᠠᠢ ᠭᠡᠵᠦ ᠤᠯᠠᠨ ᠢᠶᠠᠷ ᠢᠶᠠᠨ ᠰᠠᠨᠠᠯ ᠨᠢᠭᠡᠲᠡᠢ ᠦᠵᠡᠪᠡ᠃ ᠤᠯᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠦᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠨ᠎ᠡ ᠠᠶᠠᠨ ᠵᠠᠮ ᠳᠤ ᠡᠮᠴᠢᠯᠡᠭᠡ ᠶᠢᠨ ᠪᠠᠳᠤᠯᠠᠭ᠎ᠠ ᠶᠢᠨ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠡᠮᠴᠢᠯᠡᠭᠡ ᠶᠢᠨ ᠪᠠᠳᠤᠯᠠᠭ᠎ᠠ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠭ᠎ᠠ ᠶᠢᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号