ᠴᠢᠰᠤ ᠵᠣᠭᠰᠣᠭᠠᠬᠤ ᠮᠠᠲ᠋ᠧᠷᠢᠶᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠡ ᠵᠠᠩᠭᠢ ᠶᠢ ᠲᠥᠪᠯᠡᠷᠡᠭᠦᠯᠦᠨ ᠬᠠᠮᠠᠭᠠᠯᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/5/9
ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ᠄  ᠠᠵᠢᠯ ᠤᠨ ᠲᠣᠬᠢᠷᠠᠭᠤᠯᠤᠯᠲᠠ ᠶᠣᠰᠣᠭᠠᠷ᠂ 2023 ᠣᠨ ᠤ 5 ᠰᠠᠷ᠎ᠠ ᠶᠢᠨ 9 ᠤ ᠡᠳᠦᠷ ᠠᠴᠠ ᠡᠬᠢᠯᠡᠨ ᠴᠢᠰᠤ ᠵᠣᠭᠰᠣᠭᠠᠬᠤ ᠮᠠᠲ᠋ᠧᠷᠢᠶᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠮᠡᠳᠡᠭᠡ ᠵᠠᠩᠭᠢ ᠶᠢ ᠲᠥᠪᠯᠡᠷᠡᠭᠦᠯᠦᠨ ᠬᠠᠮᠠᠭᠠᠯᠠᠬᠤ ᠠᠵᠢᠯ ᠢ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄  ᠨᠢᠭᠡ᠂ ᠠᠵᠤ ᠠᠬᠤᠶᠢᠯᠠᠯ ᠤᠨ ᠬᠦᠷᠢᠶ᠎ᠡ ᠬᠡᠪᠴᠢᠶ᠎ᠡ  ᠴᠢᠰᠤ ᠵᠣᠭᠰᠣᠭᠠᠬᠤ ᠮᠠᠲ᠋ᠧᠷᠢᠶᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠦᠢᠯᠡᠳᠬᠦᠨ ᠤ ᠬᠠᠤᠯᠢ ᠶᠣᠰᠣᠨ ᠤ ᠬᠢᠷᠢ ᠴᠢᠳᠠᠮᠵᠢ ᠶᠢ ᠣᠯᠤᠭᠰᠠᠨ ᠡᠮᠴᠢᠯᠡᠭᠡ ᠶᠢᠨ ᠪᠠᠭᠠᠵᠢ ᠬᠡᠷᠡᠭᠰᠡᠯ  ᠤᠨ ᠳᠠᠩᠰᠠᠯᠠᠭᠤᠯᠤᠭᠴᠢ ᠬᠠᠮᠠᠭᠠᠯᠠᠬᠤ ᠠᠵᠤ ᠠᠬᠤᠶᠢᠯᠠᠯ  ᠢᠶᠠᠷ ᠣᠷᠣᠯᠴᠠᠵᠤ ᠪᠣᠯᠤᠨ᠎ᠠ᠃ ᠡᠭᠦᠨ ᠳᠤ᠂ ᠬᠢᠯᠢ ᠶᠢᠨ ᠭᠠᠳᠠᠨᠠᠬᠢ ᠡᠮᠴᠢᠯᠡᠭᠡᠨ ᠤ ᠪᠠᠭᠠᠵᠢ ᠬᠡᠷᠡᠭᠰᠡᠯ ᠤᠨ ᠳᠠᠩᠰᠠᠯᠠᠭᠤᠯᠤᠭᠴᠢ ᠨᠢ ᠮᠠᠨ ᠤ ᠤᠯᠤᠰ ᠤᠨ ᠬᠢᠯᠢ ᠶᠢᠨ ᠳᠣᠲᠣᠷᠠᠬᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠢ ᠵᠢᠭᠠᠨ ᠲᠣᠭᠲᠠᠭᠠᠵᠤ ᠲᠡᠭᠦᠨ ᠢ ᠵᠣᠬᠢᠴᠠᠭᠤᠯᠤᠨ ᠵᠣᠬᠢᠴᠠᠩᠭᠤᠶ ᠬᠠᠤᠯᠢ ᠴᠠᠭᠠᠵᠠ ᠶᠢᠨ ᠡᠭᠦᠷᠭᠡ ᠶᠢ ᠭᠦᠢᠴᠡᠳᠬᠡᠯᠭᠡᠵᠦ᠂ ᠲᠡᠭᠦᠨ ᠢᠶᠠᠷ ᠬᠠᠮᠠᠭᠠᠯᠠᠭᠤᠯᠬᠤ ᠠᠵᠤ ᠠᠬᠤᠶᠢᠯᠠᠯ ᠪᠣᠯᠭᠠᠬᠤ ᠬᠡᠷᠡᠭᠲᠡᠶ᠃ ᠠᠳᠠᠯᠢ ᠨᠢᠭᠡᠨ ᠡᠮᠨᠡᠯᠭᠡ ᠶᠢᠨ ᠪᠠᠭᠠᠵᠢ ᠬᠡᠷᠡᠭᠰᠡᠯ ᠤᠨ ᠳᠠᠩᠰᠠᠯᠠᠭᠤᠯᠤᠭᠰᠠᠨ ᠦᠨᠡᠮᠯᠡᠯ ᠤᠨ ᠦᠢᠯᠡᠳᠬᠦᠨ ᠢ ᠠᠳᠠᠯᠢ ᠪᠤᠰᠤ ᠠᠵᠤ ᠠᠬᠤᠶᠢᠯᠠᠯ ᠳᠤ ᠨᠠᠶᠢᠳᠠᠨ ᠬᠠᠮᠠᠭᠠᠯᠠᠵᠤ ᠪᠣᠯᠬᠤ ᠦᠭᠡᠶ᠃  ᠬᠤᠶᠠᠷ᠂ ᠬᠠᠮᠠᠭᠠᠯᠠᠬᠤ ᠠᠷᠭ᠎ᠠ ᠮᠠᠶ᠋ᠢᠭ ᠵᠢᠴᠢ ᠴᠠᠭ ᠬᠤᠭᠤᠴᠠᠭᠠᠨ ᠤ ᠲᠣᠬᠢᠷᠠᠭᠤᠯᠤᠯᠲᠠ  ᠬᠤᠯᠪᠣᠭᠳᠠᠯ ᠪᠦᠬᠦᠢ ᠠᠵᠤ ᠠᠬᠤᠶᠢᠯᠠᠯ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ︵ᠳᠣᠷᠣᠭᠰᠢ ︽ᠰᠢᠰᠲ᠋ᠧᠮ︾ ᠭᠡᠵᠦ ᠲᠣᠪᠴᠢᠯᠠᠨ᠎ᠠ᠄ ᠰᠦᠯᠵᠢᠶᠡᠨ ᠤ ᠬᠠᠶ᠋ᠢᠭ ᠄ ( https://ylbzj.nmg.gov.cn/ggfw/hallEnter/#/unitLogin?action=getAuthCodeInit&authCode=6c216f35-9d89-4f3b-973f-11d5e1225354) ᠳᠤ ᠨᠡᠪᠲᠡᠷᠡᠵᠦ ᠂ ︽ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠬᠤ ︾      ᠬᠡᠰᠡᠭ  ᠲᠤ᠂ ᠲᠣᠰ ᠠᠵᠤ ᠠᠬᠤᠶᠢᠯᠠᠯ ᠤᠨ ᠴᠢᠰᠤ ᠵᠣᠭᠰᠣᠭᠠᠬᠤ ᠮᠠᠲ᠋ᠧᠷᠢᠶᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠭᠦᠨ ᠤ ᠮᠡᠳᠡᠭᠡ ᠵᠠᠩᠭᠢ ᠶᠢ ᠪᠠᠶᠢᠴᠠᠭᠠᠨ ᠦᠵᠡᠵᠦ᠂ ᠰᠢᠰᠲ᠋ᠧᠮ ᠤᠨ ᠳᠣᠲᠣᠷᠠᠬᠢ ᠠᠵᠢᠯᠯᠠᠭᠠᠨ ᠤ ᠭᠠᠷ ᠳᠡᠪᠲᠡᠷ ᠶᠣᠰᠣᠭᠠᠷ ᠦᠢᠯᠡᠳᠬᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠪᠡᠶᠡᠯᠡᠭᠦᠯᠦᠨ᠎ᠡ᠃  ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠳ᠋ᠤᠭᠠᠷᠯᠠᠯ ᠤᠨ ᠮᠡᠳᠡᠭᠡ ᠵᠠᠩᠭᠢ ᠶᠢ ᠬᠠᠷᠠᠬᠠᠨ ᠣᠯᠤᠭᠠᠳᠤᠶ ᠪᠠᠶᠢᠪᠠᠯ᠂ ᠠᠵᠤ ᠠᠬᠤᠶᠢᠯᠠᠯ ᠠᠴᠠ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠳ᠋ᠤᠭᠠᠷᠯᠠᠯ ᠤᠨ ᠪᠠᠷᠢᠮᠵᠢᠶ᠎ᠠ ᠶᠢᠨ ᠳ᠋ᠠᠶᠢᠲ᠋ᠠ ᠬᠥᠮᠥᠷᠭᠡ ᠶᠢᠨ ᠬᠥᠳᠡᠯᠦᠩᠭᠦᠶ ᠬᠠᠮᠠᠭᠠᠯᠠᠯᠲᠠ︾ ᠶᠢᠨ ᠰᠢᠰᠲ᠋ᠧᠮ ᠳᠤ ᠣᠷᠣᠵᠤ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠲᠥᠷᠥᠯ ᠬᠤᠪᠢᠶᠠᠭᠰᠠᠨ ᠳᠣᠤᠷ᠎ᠠ ᠦᠢᠯᠡᠳᠬᠦᠨ ᠤ ᠮᠡᠳᠡᠭᠡ ᠵᠠᠩᠭᠢ  ᠪᠠᠨ ᠬᠠᠮᠠᠭᠠᠯᠠᠬᠤ ᠶᠢᠨ ᠬᠠᠮᠲᠤ ᠬᠠᠮᠠᠭᠠᠯᠠᠭᠰᠠᠨ ᠦᠢᠯᠡᠳᠬᠦᠨ ᠤ ᠮᠡᠳᠡᠭᠡ ᠵᠠᠩᠭᠢ ᠪᠠᠨ ᠪᠠᠭᠤᠯᠭᠠᠨ ᠠᠪᠴᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃ ︽ᠦᠢᠯᠡᠳᠬᠦᠨ ᠢ ᠭᠤᠶᠤᠴᠢᠯᠠᠨ ᠮᠡᠳᠡᠭᠦᠯᠬᠦ ︵ᠨᠡᠮᠡᠵᠦ ᠨᠥᠬᠦᠪᠥᠷᠢᠯᠡᠬᠦ︶ ᠨᠠᠷᠢᠨ ᠬᠠᠭᠤᠳᠠᠰᠤ︾ ︵ᠳᠠᠭᠠᠯᠳᠤᠭᠤᠯᠤᠯ 3 ︶  ᠶᠢᠨ ᠬᠡᠯᠪᠡᠷᠢᠰᠢᠯ ᠤᠨ ᠱᠠᠭᠠᠷᠳᠠᠯᠭ᠎ᠠ ᠶᠣᠰᠣᠭᠠᠷ᠂ ᠨᠡᠮᠡᠵᠦ ᠨᠥᠬᠦᠪᠥᠷᠢᠯᠡᠬᠦ ᠪᠠᠷ ᠪᠠᠶᠢᠭ᠎ᠠ ᠦᠢᠯᠡᠳᠬᠦᠨ ᠤ ᠮᠡᠳᠡᠭᠡ ᠵᠠᠩᠭᠢ ᠶᠢ ᠲᠠᠭᠯᠠᠵᠤ᠂ ︽ᠠᠮᠠᠯᠠᠯᠲᠠ ᠶᠢᠨ ᠪᠢᠴᠢᠭ︾᠂ ︽ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ᠂ ᠬᠠᠤᠯᠢ ᠶᠢᠨ ᠡᠷᠬᠡᠲᠡᠨ ᠤ ᠡᠷᠬᠡ ᠣᠯᠭᠤᠬᠤ ᠪᠢᠴᠢᠭ ᠤᠨ ᠡᠯᠧᠺᠳ᠋ᠷᠣᠨ ᠬᠡᠪᠯᠡᠯ ᠪᠠ ᠲᠠᠮᠠᠭ᠎ᠠ ᠳᠠᠷᠤᠵᠤ ᠰᠢᠷᠪᠢᠭᠰᠡᠨ ᠮᠠᠲ᠋ᠧᠷᠢᠶᠠᠯ︾ ︵ᠳᠠᠭᠠᠯᠳᠤᠭᠤᠯᠤᠯ 1᠂ 2︶ ᠲᠠᠢ ᠨᠢᠭᠡᠳᠦᠯᠲᠡᠶ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠤᠨ ᠢᠮᠧᠯ ᠳᠤ ᠢᠯᠡᠭᠡᠵᠦ᠂ ᠢᠮᠧᠯ ᠤᠨ ᠭᠤᠤᠯ ᠰᠡᠳᠦᠪ  ᠳᠤ ︽ᠴᠢᠰᠤ ᠵᠣᠭᠰᠣᠭᠠᠬᠤ ᠮᠠᠲ᠋ᠧᠷᠢᠶᠠᠯ︾ ᠬᠡᠮᠡᠨ ᠲᠣᠳᠣᠷᠬᠠᠶᠢᠯᠠᠨ᠎ᠠ᠃ ᠮᠡᠳᠡᠭᠡ ᠵᠠᠩᠭᠢ ᠶᠢ ᠬᠠᠮᠠᠭᠠᠯᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠯᠪᠣᠭᠳᠠᠯ ᠪᠥᠬᠦᠶ ᠠᠵᠤ ᠠᠬᠤᠶᠢᠯᠠᠯ 2023 ᠣᠨ ᠤ 5 ᠳ᠋ᠤᠭᠠᠷ ᠰᠠᠷ᠎ᠠ ᠶᠢᠨ 17 ᠤ ᠡᠳᠦᠷ ᠤᠨ 12 ᠴᠠᠭ ᠠᠴᠠ ᠡᠮᠦᠨ᠎ᠡ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠳ᠋ᠤᠭᠠᠷᠯᠠᠯ ᠤᠨ ᠭᠤᠶᠤᠴᠢᠯᠠᠯ ᠢ ᠪᠡᠶᠡᠯᠡᠭᠦᠯᠬᠦ ᠶᠢᠨ ᠬᠠᠮᠲᠤ ᠢᠮᠧᠯ ᠢ ᠢᠯᠡᠭᠡᠬᠦ ᠴᠢᠬᠤᠯᠠᠲᠠᠢ᠃  ᠴᠢᠰᠤ ᠵᠣᠭᠰᠣᠭᠠᠬᠤ ᠮᠠᠲ᠋ᠧᠷᠢᠶᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠠᠮᠠᠭᠠᠯᠠᠬᠤ ᠴᠠᠭ ᠨᠢ᠄ 2023 ᠣᠨ ᠤ 5 ᠳ᠋ᠤᠭᠠᠷ ᠰᠠᠷ᠎ᠠ ᠶᠢᠨ 9 ᠤ ᠡᠳᠦᠷ ᠤᠨ 12 ᠴᠠᠭ ᠠᠴᠠ 5 ᠳ᠋ᠤᠭᠠᠷ ᠰᠠᠷ᠎ᠠ ᠶᠢᠨ 22 ᠤᠨ ᠡᠳᠦᠷ ᠤᠨ 12 ᠴᠠᠭ ᠪᠣᠯᠲᠠᠯ᠎ᠠ᠃  ᠰᠡᠭᠦᠯᠴᠢ ᠶᠢᠨ ᠠᠵᠢᠯ ᠤᠨ ᠲᠣᠬᠢᠷᠠᠭᠤᠯᠤᠯᠲᠠ ᠶᠢ ᠮᠡᠳᠡᠶ᠎ᠡ ᠭᠡᠪᠡᠯ ᠴᠠᠭ ᠲᠤᠬᠠᠢ ᠳᠤᠨᠢ ᠬᠠᠮᠢᠶ᠎ᠠ ᠪᠦᠬᠦᠢ ᠮᠡᠳᠡᠭᠳᠡᠯ ᠢ ᠠᠩᠬᠠᠷᠤᠭᠠᠷᠠᠢ᠃  ᠭᠤᠷᠪᠠ᠂ ᠬᠠᠷᠢᠯᠴᠠᠬᠤ ᠠᠷᠭ᠎ᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ  ᠲᠤᠬᠠᠶᠢᠯᠠᠭᠰᠠᠨ ᠠᠵᠢᠯ ᠤᠨ ᠯᠠᠪᠯᠠᠯᠲᠠ᠄ 0471-4907213  ᠮᠡᠷᠭᠡᠵᠢᠯ ᠤᠨ ᠳᠡᠮᠵᠢᠯᠡᠭᠡ᠄ 0471-4967106  ᠡᠯᠧᠺᠲᠷᠣᠨ‌ᠢᠮᠧᠯ᠄ nmgycqxk@163.com  ᠦᠢᠯᠡᠴᠢᠯᠡᠬᠦ ᠴᠠᠭ᠄9᠄ 00—12᠄ 00᠂14᠄30—18᠄00᠂ ᠠᠮᠠᠷᠠᠯᠲᠠ ᠶᠢᠨ ᠡᠳᠦᠷ ᠢ ᠪᠠᠭᠲᠠᠭᠠᠬᠤ ᠦᠭᠡᠢ᠃         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ        2023ᠣᠨ ᠤ5 ᠳ᠋ᠤᠭᠠᠷ ᠰᠠᠷ᠎ᠠ ᠶᠢᠨ8 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号