ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠭᠢᠯᠭᠠᠨ ᠮᠡᠳᠡᠭᠡ 6 ᠰᠠᠷ᠎ᠠ ᠶᠢᠨ 1 ᠤ ᠡᠳᠦᠷ | ᠬᠡᠪᠯᠡᠭᠳᠡᠭᠰᠡᠨ 11 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ | ᠨᠡᠶᠢᠭᠡᠮ ᠵᠢᠷᠤᠮᠲᠤ ᠣᠳᠣᠬᠢᠴᠢᠯᠠᠯᠲᠠ ᠮᠥᠨ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠄ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ | ᠣᠳᠣᠬᠢᠴᠢᠯᠠᠯᠲᠠ ᠮᠥᠨ︾ ᠭᠡᠵᠦ ᠲᠣᠳᠣᠷᠬᠠᠢ ᠵᠢᠭᠠᠵᠤ ᠭᠠᠷᠭᠠᠪᠠ᠃ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨᠵᠢ ᠴᠢᠨᠠᠷ ᠢ ᠲᠣᠭᠲᠠᠭᠠᠭᠰᠠᠨ ᠦᠭᠡ ᠮᠥᠨ᠂ ᠶᠡᠷᠦᠩᠬᠡᠢ ᠳᠤᠨᠢ ᠬᠠᠮᠢᠶᠠᠷᠴᠤ᠂ ᠦᠨᠳᠦᠰᠦᠨ | ᠵᠦᠢᠯ ᠢ ᠬᠠᠮᠢᠶᠠᠷᠴᠤ ᠪᠠᠶᠢᠳᠠᠭ᠃ ᠨᠠᠮ ᠤᠨ ᠤᠳᠤᠷᠢᠳᠤᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠦᠨᠳᠦᠰᠦᠨ ᠴᠢᠭᠯᠡᠯ᠂ ᠢᠷᠡᠭᠡᠳᠦᠢ ᠬᠤᠪᠢ ᠵᠠᠶᠠᠭ᠎ᠠ᠂ ᠡᠴᠦᠰ ᠤᠨ ᠢᠯᠠᠵᠤ ᠢᠯᠠᠭᠳᠠᠬᠤ ᠲᠠᠢ ᠰᠢᠭᠤᠳ ᠬᠤᠯᠪᠣᠭᠳᠠᠨ᠎ᠠ | ᠭᠡᠵᠦ ᠴᠢᠬᠤᠯᠠᠴᠢᠯᠠᠪᠠ᠃ | ᠵᠣᠬᠢᠶᠠᠯ ᠳᠤ᠂ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠨᠳᠦᠰᠦᠨ | ᠰᠢᠨᠵᠢ ᠴᠢᠨᠠᠷ ᠢ ᠲᠣᠭᠲᠠᠭᠠᠨ᠎ᠠ᠃ ᠨᠠᠮ ᠤᠨ ᠰᠢᠨᠵᠢ ᠴᠢᠨᠠᠷ ᠵᠣᠷᠢᠯᠲᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠂ ᠢᠲᠡᠭᠡᠯ | ᠪᠢᠰᠢᠷᠡᠯ ᠢᠲᠡᠭᠡᠯ ᠬᠦᠰᠡᠯ᠂ ᠲᠦᠷᠦ ᠶᠢᠨ ᠪᠣᠳᠣᠯᠭ᠎ᠠ ᠶᠢᠨ ᠵᠣᠷᠢᠯᠲᠠ ᠨᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠣᠯ ᠨᠡᠶᠢᠭᠡᠮ ᠵᠢᠷᠤᠮᠲᠤ ᠣᠳᠣᠬᠢᠴᠢᠯᠠᠯᠲᠠ ᠪᠤᠯᠬᠤ ᠠᠴᠠ ᠪᠢᠰᠢ᠂ ᠬᠠᠷᠢᠨ ᠪᠤᠰᠤᠳ ᠶᠠᠮᠠᠷ ᠨᠢᠭᠡᠨ | ᠣᠳᠣᠬᠢᠴᠢᠯᠠᠯᠲᠠ ᠪᠢᠰᠢ ᠭᠡᠳᠡᠭ ᠢ ᠲᠣᠭᠲᠠᠭᠠᠪᠠ᠃ ᠮᠠᠨ ᠤ ᠨᠠᠮ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠥᠪ ᠵᠠᠮ ᠢᠶᠠᠷ | ᠤᠷᠤᠭᠰᠢᠲᠠᠢ ᠤᠷᠤᠭᠰᠢᠯᠠᠬᠤ ᠶᠢ ᠦᠨᠡᠨ ᠬᠦ ᠪᠠᠲᠤᠯᠠᠪᠠ᠃ ᠮᠠᠨ ᠤ ᠨᠠᠮ ᠮᠠᠷᠺᠰ ᠤᠨ ᠦᠵᠡᠯ ᠢ ᠦᠨᠳᠦᠰᠦᠨ ᠵᠢᠯᠤᠭᠤᠳᠬᠤ | ᠦᠵᠡᠯ ᠰᠠᠨᠠᠭ᠎ᠠ ᠪᠤᠯᠭᠠᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ | ᠠᠬᠤᠢ ᠪᠠᠶᠢᠳᠠᠯ ᠢ ᠲᠠᠰᠤᠷᠠᠯᠳᠠ ᠦᠭᠡᠢ ᠨᠡᠭᠡᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠰᠢᠨᠵᠢᠯᠡᠬᠦ | ᠤᠬᠠᠭᠠᠨᠴᠢ ᠵᠢᠯᠣᠭᠤᠳᠤᠯᠭ᠎ᠠ ᠬᠠᠩᠭᠠᠪᠠ᠃ ᠮᠠᠨ ᠤ ᠨᠠᠮ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠯᠠᠪᠳᠠᠭᠤᠨ ᠢᠶᠠᠷ ᠤᠷᠤᠭᠰᠢᠯᠠᠬᠤ ᠳᠤ ᠪᠠᠲᠤ ᠴᠢᠩᠭ᠎ᠠ ᠳᠦᠷᠢᠮ ᠤᠨ ᠪᠠᠲᠤᠯᠠᠭ᠎ᠠ ᠬᠠᠩᠭᠠᠪᠠ᠃ ᠮᠠᠨ ᠤ ᠨᠠᠮ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠢ ᠪᠠᠷᠢᠮᠲᠠᠯᠠᠨ ᠬᠥᠭᠵᠢᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠤᠶᠤᠨ ᠤ ᠬᠦᠴᠦᠨ ᠢ ᠬᠠᠩᠭᠠᠭᠰᠠᠨ ᠶᠤᠮ᠃ ᠭᠠᠭᠴᠠ ᠬᠦ ᠨᠠᠮ ᠤᠨ | ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠪᠠᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠠᠶ᠋ᠢ | ᠭᠡᠭᠡᠨ ᠰᠠᠷᠠᠭᠤᠯ ᠢᠷᠡᠭᠡᠳᠦᠢ ᠲᠠᠢ ᠪᠣᠯᠵᠤ᠂ ᠴᠡᠴᠡᠭᠯᠡᠨ ᠬᠥᠭᠵᠢᠵᠦ ᠴᠢᠳᠠᠨ᠎ᠠ︔ ᠡᠰᠡ ᠲᠡᠭᠡᠪᠡᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠨᠢ ᠠᠶᠠᠯᠠᠯ ᠤᠨ ᠴᠢᠭᠯᠡᠯ ᠠᠴᠠ ᠪᠠᠨ ᠰᠠᠯᠵᠤ᠂ ᠰᠦᠭ ᠰᠦᠨᠡᠰᠦ ᠪᠠᠨ ᠠᠯᠳᠠᠵᠤ᠂ | ᠴᠢᠨᠠᠭᠰᠢᠯᠠᠪᠠᠯ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠮᠡᠴᠡᠬᠦ | ᠬᠠᠷᠠᠯᠲᠠ ᠶᠢ ᠣᠨᠢᠯᠠᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠪᠠ᠃ ᠮᠠᠨ ᠤ ᠨᠠᠮ ᠢᠮᠠᠭᠲᠠ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ | ᠡᠳ᠋ᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠵᠣᠷᠢᠭ ᠰᠢᠭᠤᠳᠤᠨ᠂ ᠠᠯᠤᠰ | ᠭᠡᠲᠦ ᠶᠢᠨ ᠬᠦᠰᠡᠯᠡᠩ ᠪᠣᠯᠣᠨ ᠱᠠᠲᠤᠴᠢ ᠴᠢᠨᠠᠷᠲᠠᠢ ᠬᠠᠷᠠᠯᠲᠠ ᠶᠢ ᠨᠢᠭᠡᠳᠬᠡᠵᠦ᠂ ᠦᠷᠭᠦᠯᠵᠢᠯᠡᠨ ᠲᠡᠮᠡᠴᠡᠵᠦ᠂ ᠰᠢᠷᠭᠠᠭᠤ | ᠬᠠᠲᠠᠭᠤᠵᠢᠯᠲᠠᠢ ᠲᠡᠮᠡᠴᠡᠵᠦ᠂ ᠴᠥᠬᠦᠷᠡᠰᠢ ᠦᠭᠡᠢ ᠲᠡᠮᠡᠴᠡᠬᠦ ᠶᠢ ᠪᠠᠷᠢᠮᠲᠠᠯᠠᠪᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ | ᠨᠠᠭᠠᠰᠢ᠂ ᠮᠠᠨ ᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠪᠣᠯ | ᠴᠥᠮ ᠠᠯᠬᠤᠮ ᠳᠠᠷᠠᠭ᠎ᠠ ᠲᠠᠢ ᠪᠠᠷ ᠤᠷᠤᠭᠰᠢᠯᠠᠵᠤ᠂ ᠢᠮᠠᠭᠲᠠ ᠬᠤᠪᠢᠷᠠᠰᠢ ᠦᠭᠡᠢ ᠪᠥᠭᠡᠳ ᠦᠢᠯᠡᠳᠦᠯᠭᠡ ᠶᠢᠨ | ᠬᠥᠭᠵᠢᠯᠲᠡ ᠶᠢ ᠳᠠᠭᠠᠯᠳᠤᠨ ᠲᠠᠰᠤᠷᠠᠯᠲᠠ ᠦᠭᠡᠢ ᠪᠠᠶᠠᠯᠢᠭᠵᠢᠨ ᠲᠡᠭᠦᠯᠳᠡᠷᠵᠢᠭᠰᠡᠨ ᠶᠤᠮ᠃ ᠨᠠᠮ ᠤᠨ ᠬᠤᠷᠢᠳᠤᠭᠠᠷ ᠶᠡᠭᠡ | ᠬᠤᠷᠠᠯ ᠠᠴᠠ 2035 ᠣᠨ ᠪᠤᠯᠲᠠᠯᠠᠭᠢ ᠮᠠᠨ ᠤ ᠤᠯᠤᠰ ᠤᠨ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ ᠶᠢ ᠨᠡᠩ | ᠲᠣᠳᠣᠷᠬᠠᠢ ᠵᠢᠷᠤᠭᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠠᠤᠭ᠎ᠠ ᠲᠥᠰᠥᠪ ᠢ | ᠰᠢᠨᠵᠢᠯᠡᠬᠦ ᠤᠬᠠᠭᠠᠨᠴᠢ ᠪᠠᠷ ᠵᠢᠷᠤᠭᠯᠠᠪᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠪᠣᠯ | ᠮᠠᠨ ᠤ ᠨᠠᠮ ᠤᠨ ᠢᠮᠠᠭᠲᠠ ᠬᠤᠪᠢᠷᠠᠰᠢ ᠦᠭᠡᠢ ᠲᠡᠮᠡᠴᠡᠯ ᠤᠨ ᠬᠠᠷᠠᠯᠲᠠ ᠮᠥᠨ᠂ ᠡᠭᠦᠨ ᠢ ᠨᠢᠭᠡ ᠦᠶ᠎ᠡ ᠨᠢᠭᠡ ᠦᠶ᠎ᠡ ᠪᠠᠷ | ᠪᠤᠤᠬᠢᠶ᠎ᠠ ᠵᠠᠯᠭᠠᠨ ᠠᠬᠢᠭᠤᠯᠤᠭᠰᠠᠨ ᠪᠥᠭᠡᠳ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ᠂ ᠲᠡᠦᠬᠡᠨ ᠬᠠᠭᠤᠳᠠᠰᠤ ᠶᠢ | ᠭᠡᠶᠢᠭᠦᠯᠦᠭᠰᠡᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠲᠠᠰᠤᠷᠠᠯᠳᠠ ᠦᠭᠡᠢ ᠣᠯᠣᠭᠰᠠᠨ ᠶᠤᠮ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠲᠦᠭᠡᠨ | ᠪᠠᠶᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠥᠭᠵᠢᠭᠡᠪᠡ᠃ ᠥᠭᠡᠷᠡᠴᠢᠯᠡᠯᠲᠡ ᠨᠡᠭᠡᠭᠡᠯᠲᠡ ᠪᠣᠯ ᠤᠳᠤ | ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠮᠥᠨ᠂ ᠪᠠᠰᠠ ᠴᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ | ᠮᠥᠨ᠃ ᠥᠭᠡᠷᠡᠴᠢᠯᠡᠯᠲᠡ ᠨᠡᠭᠡᠭᠡᠯᠲᠡ ᠠᠴᠠ ᠨᠠᠭᠠᠰᠢ ᠮᠠᠨ ᠤ ᠨᠠᠮ ᠡᠯ᠎ᠡ ᠬᠦᠷᠢᠶᠡᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠲᠠᠰᠤᠷᠠᠯᠲᠠ ᠦᠭᠡᠢ ᠠᠬᠢᠭᠤᠯᠵᠤ᠂ ᠣᠳᠣ ᠦᠶ᠎ᠡ ᠶᠢᠨ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ᠂ | ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠪᠠᠶᠢᠭᠤᠯᠤᠯ ᠲᠣᠭᠲᠠᠴᠠ ᠶᠢ ᠪᠦᠷᠢᠯᠳᠦᠭᠦᠯᠦᠨ ᠬᠥᠭᠵᠢᠭᠦᠯᠦᠭᠰᠡᠨ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠮᠠᠨ ᠤ ᠨᠠᠮ ᠯᠤᠲᠤ ᠶᠡᠭᠡ ᠤᠯᠤᠰ ᠲᠦᠷᠦ ᠶᠢᠨ ᠰᠥᠰᠥ | ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠣᠶᠢᠯᠠᠭᠠᠭᠳᠠᠬᠤᠨ ᠤ | ᠬᠦᠯᠢᠶᠡᠰᠦᠯᠡᠯ ᠢ ᠡᠪᠳᠡᠵᠦ᠂ ᠠᠰᠢᠭ ᠲᠤᠰᠠ ᠶᠢᠨ ᠬᠡᠪᠰᠢᠭᠰᠡᠨ ᠬᠠᠯᠬᠠᠪᠴᠢ ᠶᠢ ᠡᠪᠳᠡᠵᠦ᠂ ᠡᠯ᠎ᠡ ᠲᠠᠯ᠎ᠠ ᠶᠢᠨ ᠪᠠᠶᠢᠭᠤᠯᠤᠮᠵᠢ | ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠥᠭᠡᠷᠡᠴᠢᠯᠡᠯᠲᠡ ᠨᠢ ᠬᠡᠰᠡᠭ ᠲᠠᠯ᠎ᠠ ᠶᠢᠨ ᠰᠦᠪᠡᠭᠴᠢᠯᠡᠯᠲᠡ᠂ ᠲᠠᠶᠢᠨ | ᠵᠠᠷᠯᠠᠨ ᠪᠦᠰᠡᠯᠡᠯᠲᠡ ᠶᠢ ᠰᠢᠪᠲᠤᠯᠤᠭᠰᠠᠨ ᠠᠴᠠ ᠠᠪᠤᠭᠠᠳ ᠰᠢᠰᠲ᠋ᠧᠮ ᠤᠨ ᠬᠤᠷᠠᠮᠠᠯ᠂ ᠪᠦᠭᠦ ᠲᠠᠯ᠎ᠠ ᠪᠠᠷ ᠭᠦᠨᠵᠡᠭᠡᠶᠢᠷᠡᠬᠦ | ᠭᠦᠷᠳᠡᠯ᠎ᠡ᠂ ᠮᠠᠰᠢ ᠤᠯᠠᠨ ᠬᠦᠷᠢᠶᠡᠨ ᠳᠤ ᠲᠡᠦᠬᠡᠲᠦ ᠴᠢᠨᠠᠷᠲᠠᠢ ᠬᠤᠪᠢᠰᠤᠯᠲᠠ᠂ ᠰᠢᠰᠲ᠋ᠧᠮᠲᠦ ᠴᠢᠨᠠᠷᠲᠠᠢ ᠲᠠᠭᠢᠨ | ᠴᠣᠭᠴᠠᠯᠠᠯᠲᠠ᠂ ᠪᠦᠬᠦᠯᠢ ᠴᠣᠭᠴᠠ ᠶᠢᠨ ᠴᠢᠨᠠᠷᠲᠠᠢ ᠲᠠᠭᠢᠨ ᠴᠣᠭᠴᠠᠯᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠳᠤ ᠲᠠᠳᠠᠷᠡᠰᠢ ᠦᠭᠡᠢ ᠬᠥᠳᠡᠯᠭᠡᠬᠦ ᠬᠦᠴᠦᠨ ᠤ ᠡᠬᠢ ᠪᠤᠯᠠᠭ ᠢ ᠬᠠᠩᠭᠠᠪᠠ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠶᠡᠭᠡ | ᠬᠦᠴᠦᠨ ᠢ ᠨᠢᠭᠲᠠᠷᠠᠭᠤᠯᠪᠠ᠃ ᠮᠠᠨ ᠤ ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠲᠦᠭ ᠲᠦᠮᠡᠨ | ᠠᠷᠠᠳ ᠲᠦᠮᠡᠨ ᠤ ᠥᠪᠡᠷ ᠤᠨ ᠬᠢᠨᠢ ᠠᠵᠢᠯ ᠦᠢᠯᠡᠰ ᠮᠥᠨ᠂ ᠠᠷᠠᠳ ᠲᠦᠮᠡᠨ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠭᠤᠣᠯ ᠴᠣᠭᠴᠠ ᠮᠥᠨ᠂ ᠡᠷᠬᠡᠪᠰᠢ ᠠᠷᠠᠳ ᠲᠦᠮᠡᠨ ᠳᠤ ᠴᠢᠩᠭ᠎ᠠ ᠲᠦᠰᠢᠭᠯᠡᠨ᠂ ᠠᠷᠠᠳ | ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ ᠪᠦᠭᠦ ᠠᠷᠠᠳ ᠲᠦᠮᠡᠨ ᠤ ᠤᠶᠤᠨ ᠤᠬᠠᠭᠠᠨ ᠪᠠ | ᠬᠦᠴᠦᠨ ᠴᠢᠳᠠᠯ ᠢ ᠲᠥᠪᠯᠡᠷᠡᠭᠦᠯᠪᠡᠯ ᠰᠠᠶ᠋ᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ | ᠲᠠᠰᠤᠷᠠᠯᠲᠠ ᠦᠭᠡᠢ ᠤᠷᠤᠭᠰᠢ ᠬᠥᠭᠵᠢᠭᠦᠯᠵᠦ ᠴᠢᠳᠠᠨ᠎ᠠ ᠭᠡᠳᠡᠭ ᠢ ᠭᠦᠨᠵᠡᠭᠡᠢ ᠲᠠᠨᠢᠵᠤ ᠣᠯᠪᠠ᠃ ᠪᠢᠳᠡ ᠨᠠᠮ ᠤᠨ ᠤᠯᠠᠨ | ᠲᠦᠮᠡᠨᠴᠢ ᠱᠤᠭᠤᠮ ᠢ ᠪᠠᠷᠢᠮᠲᠠᠯᠠᠵᠤ᠂ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠨᠢ ᠠᠷᠠᠳ | ᠤᠯᠠᠨ ᠤ ᠴᠢᠩ ᠰᠡᠳᠬᠢᠯ ᠤᠨ ᠬᠦᠷᠢᠶᠡᠯᠡᠯ ᠢ ᠣᠯᠬᠤ ᠪᠠᠷ ᠴᠢᠷᠮᠠᠶᠢᠪᠠ᠃ ᠪᠢᠳᠡ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠤᠯᠭᠠᠬᠤ ᠶᠢ ᠪᠠᠷᠢᠮᠲᠠᠯᠠᠵᠤ᠂ ᠠᠷᠠᠳ | ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠡᠩ ᠤᠯᠠᠨ ᠨᠡᠩ ᠡᠷᠬᠡ ᠲᠡᠭᠰᠢ ᠪᠠᠷ ᠪᠦᠭᠦ | ᠠᠷᠠᠳ ᠲᠦᠮᠡᠨ ᠳᠤ ᠬᠦᠷᠲᠡᠭᠡᠪᠡ᠃ ᠮᠠᠨ ᠤ ᠨᠠᠮ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ | ᠠᠷᠠᠳ ᠲᠦᠮᠡᠨ ᠤ ᠬᠠᠤᠯᠢ ᠶᠣᠰᠣᠭᠠᠷ ᠡᠯ᠎ᠡ ᠵᠦᠢᠯ ᠤᠨ ᠠᠷᠭ᠎ᠠ ᠵᠠᠮ ᠪᠠ ᠭᠡᠯᠪᠡᠷᠢ ᠪᠠᠷ ᠳᠠᠮᠵᠢᠭᠤᠯᠤᠨ ᠲᠦᠷᠦ ᠶᠢᠨ ᠬᠡᠷᠡᠭ | ᠶᠠᠪᠤᠳᠠᠯ ᠢ ᠬᠠᠮᠢᠶᠠᠷᠬᠤ᠂ ᠠᠵᠤ ᠠᠬᠤᠢ ᠪᠠ ᠰᠣᠶᠣᠯ ᠤᠨ ᠦᠢᠯᠡᠰ ᠢ ᠬᠠᠮᠢᠶᠠᠷᠬᠤ᠂ ᠨᠡᠶᠢᠭᠡᠮ ᠤᠨ ᠬᠡᠷᠡᠭ ᠶᠠᠪᠤᠳᠠᠯ ᠢ | ᠬᠠᠮᠢᠶᠠᠷᠬᠤ ᠶᠢ ᠦᠨᠡᠨ ᠬᠦ ᠪᠠᠲᠤᠯᠠᠵᠤ᠂ ᠡᠵᠡᠨ ᠬᠥᠮᠥᠨ ᠤ ᠵᠣᠷᠢᠭ ᠰᠠᠨᠠᠭ᠎ᠠ ᠪᠠᠷ ᠬᠡᠬᠦᠳᠡᠭ ᠳᠦᠭᠦᠷᠡᠩ ᠬᠠᠯᠠᠭᠤᠨ | ᠰᠡᠳᠬᠢᠯᠭᠡ ᠪᠠᠷ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠦᠨᠡᠨ ᠬᠦ ᠪᠠᠲᠤᠯᠠᠪᠠ᠃ ᠮᠠᠨ ᠤ | ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠶᠢᠨ ᠰᠠᠶᠢᠬᠠᠨ ᠢᠷᠭᠡᠳᠦᠢ ᠪᠠᠷ ᠬᠥᠮᠥᠰ ᠢ | ᠤᠷᠮᠠᠰᠢᠭᠤᠯᠵᠤ᠂ ᠬᠥᠮᠥᠰ ᠢ ᠵᠣᠷᠢᠭᠵᠢᠭᠤᠯᠵᠤ᠂ ᠬᠥᠮᠥᠰ ᠢ ᠤᠷᠢᠶᠠᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠬᠦᠴᠦᠨ ᠢ ᠨᠢᠭᠲᠠᠷᠠᠭᠤᠯᠪᠠ ᠭᠡᠵᠦ ᠵᠢᠭᠠᠵᠤ ᠭᠠᠷᠭᠠᠪᠠ᠃ | |