ᠴᠢᠰᠤ ᠵᠣᠭᠰᠣᠭᠠᠬᠤ ᠮᠠᠲ᠋ᠧᠷᠢᠶᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/6/6
ᠡᠯ᠎ᠡ ᠬᠤᠯᠪᠣᠭᠠᠨ ᠤ ᠪᠦᠷᠢᠯᠳᠦᠬᠦᠨ ᠨᠢᠭᠡᠴᠢ᠄   ᠱᠠᠨ ᠰᠢ ᠮᠤᠵᠢ᠂ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ᠂ ᠵᠢᠶᠠᠩᠰᠢ ᠮᠤᠵᠢ᠂ ᠬᠠᠶᠢᠨᠠᠨ ᠮᠤᠵᠢ᠂ ᠭᠦᠢᠵᠸᠦ ᠮᠤᠵᠢ᠂ ᠲᠥᠪᠡᠳ ᠤᠨ ᠥᠪᠡᠷᠲᠡᠭᠡᠨ ᠵᠠᠰᠠᠬᠤ ᠣᠷᠣᠨ᠂ ᠱᠠᠨᠰᠢ ᠮᠤᠵᠢ᠂ ᠭᠠᠨᠰᠦ ᠮᠤᠵᠢ᠂ ᠬᠥᠬᠡᠨᠠᠭᠤᠷ ᠮᠤᠵᠢ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠰᠢᠨᠵᠢᠶᠠᠩ ᠤᠨ ᠤᠶᠢᠭᠤᠷ ᠦᠨᠳᠦᠰᠦᠳᠡᠨ ᠤ ᠥᠪᠡᠷᠲᠡᠭᠡᠨ ᠵᠠᠰᠠᠬᠤ ᠣᠷᠣᠨ᠂ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠶᠢᠳᠠᠯᠭ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠴᠢᠰᠤ ᠵᠣᠭᠰᠣᠭᠠᠬᠤ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠵᠣᠬᠢᠶᠠᠨ ᠪᠠᠶᠢᠭᠤᠯᠵᠤ ᠦᠷᠨᠢᠬᠦᠯᠦᠨ᠂ ᠡᠳᠦᠭᠡ ᠬᠤᠯᠪᠣᠭᠠᠨ ᠤ ᠭᠠᠵᠠᠷ ᠣᠷᠣᠨ ᠤ ᠡᠮᠴᠢᠯᠡᠭᠡ  ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠲᠣᠰ ᠭᠠᠵᠠᠷ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢ ᠬᠠᠮᠵᠢᠨ ᠵᠣᠬᠢᠶᠠᠨ ᠪᠠᠶᠢᠭᠤᠯᠵᠤ ᠴᠢᠰᠤ ᠵᠣᠭᠰᠣᠭᠠᠬᠤ ᠮᠠᠲ᠋ᠧᠷᠢᠶᠠᠯ ᠢ ᠬᠤᠳᠠᠯᠳᠤᠨ ᠠᠪᠬᠤ ᠲᠡᠦᠬᠡᠲᠦ ᠲᠤᠭ᠎ᠠ ᠪᠠᠷᠢᠮᠲᠠ ᠪᠠ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠵᠦ ᠪᠠᠶᠢᠨ᠎ᠠ᠂ ᠪᠣᠳᠠᠲᠠᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠬᠡᠪᠴᠢᠶ᠎ᠡ  ᠴᠢᠰᠤ ᠵᠣᠭᠰᠣᠭᠠᠬᠤ ᠮᠠᠲ᠋ᠧᠷᠢᠶᠠᠯ ︵ᠡᠭᠦᠨ ᠳᠤ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠥᠷᠥᠯ ᠠᠩᠭᠢᠯᠠᠯ ᠬᠢᠭᠡᠳ ᠣᠷᠣᠯᠠᠬᠤ ᠨᠣᠮᠧᠷ ᠨᠢ C1501᠂ C140805 ᠪᠠᠷ ᠡᠬᠢᠯᠡᠬᠦ ᠦᠢᠯᠡᠳᠬᠦᠨ ᠪᠠᠭᠲᠠᠨ᠎ᠠ︶  ᠬᠤᠶᠠᠷ᠂ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠳᠤ ᠣᠷᠣᠯᠴᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠡᠪᠴᠢᠶ᠎ᠡ  ᠬᠤᠯᠪᠣᠭ᠎ᠠ ᠣᠷᠣᠨ ᠳᠤ ᠴᠢᠰᠤ ᠵᠣᠭᠰᠣᠭᠠᠬᠤ ᠮᠠᠲ᠋ᠧᠷᠢᠶᠠᠯ ᠢ ᠬᠤᠳᠠᠯᠳᠤᠨ ᠠᠪᠬᠤ ᠪᠠ ᠬᠡᠷᠡᠭᠯᠡᠬᠦ ᠠᠯᠪᠠᠨ ᠠᠴᠠ ᠪᠠᠶᠢᠭᠤᠯᠤᠭᠰᠠᠨ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠪᠠᠭᠲᠠᠨ᠎ᠠ᠂ ᠳᠣᠷᠣᠭᠰᠢ ᠠᠳᠠᠯᠢ︶ ᠬᠤᠳᠠᠯᠳᠤᠨ ᠠᠪᠬᠤ ᠬᠤᠯᠪᠣᠭ᠎ᠠ ᠪᠠᠶᠢᠭᠤᠯᠵᠤ᠂ ᠡᠯ᠎ᠡ ᠭᠠᠵᠠᠷ ᠤᠨ ᠬᠤᠳᠠᠯᠳᠤᠨ ᠠᠪᠬᠤ ᠭᠤᠤᠯ ᠴᠣᠭᠴᠠ ᠪᠣᠯᠤᠭᠰᠠᠨ ᠤ ᠬᠤᠪᠢ ᠳᠤ ᠲᠣᠰ ᠤᠳᠠᠭ᠎ᠠ ᠬᠡᠮᠵᠢᠶ᠎ᠡ ᠲᠠᠢ ᠲᠦᠪᠯᠡᠷᠡᠭᠦᠯᠦᠨ ᠬᠤᠳᠠᠯᠳᠤᠨ ᠠᠪᠴᠤ᠂ ᠲᠣᠰ ᠤᠳᠠᠭᠠᠨ ᠤ ᠲᠠᠭᠯᠠᠨ ᠮᠡᠳᠡᠭᠦᠯᠬᠦ ᠠᠵᠢᠯ ᠳᠤ ᠣᠷᠣᠯᠴᠠᠨ᠎ᠠ᠃ ᠪᠤᠰᠤᠳ ᠡᠮᠴᠢᠯᠡᠭᠡᠨ ᠤ ᠪᠠᠶᠢᠭᠤᠯᠤᠮᠵᠢ ᠨᠢ ᠪᠠᠶᠢᠭ᠎ᠠ ᠭᠠᠵᠠᠷ ᠤᠨ ᠢᠶᠠᠨ ᠬᠤᠯᠪᠣᠭᠠᠯᠠᠭᠰᠠᠨ ᠭᠠᠵᠠᠷ ᠣᠷᠣᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠣᠷᠣᠯᠴᠠᠨ᠎ᠠ᠃  ᠭᠤᠷᠪᠠ᠂ ᠲᠠᠭᠯᠠᠨ ᠮᠡᠳᠡᠭᠦᠯᠬᠦ ᠠᠭᠤᠯᠭ᠎ᠠ  ︵ᠨᠢᠭᠡ︶ ᠡᠮ ᠡᠮᠴᠢᠯᠡᠭᠡ ᠶᠢᠨ ᠪᠠᠶᠢᠭᠤᠯᠤᠮᠵᠢ ᠶᠢᠨ ᠬᠤᠳᠠᠯᠳᠤᠨ ᠠᠪᠤᠭᠰᠠᠨ ᠲᠡᠦᠬᠡᠲᠦ ᠲᠤᠭ᠎ᠠ ᠪᠠᠷᠢᠮᠲᠠ  ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠲᠣᠰ ᠨᠢᠭᠡᠴᠢ ᠶᠢᠨ ᠢᠶᠠᠨ 2022 ᠣᠨ ᠤ ᠴᠢᠰᠤ ᠵᠣᠭᠰᠣᠭᠠᠬᠤ ᠮᠠᠲ᠋ᠧᠷᠢᠶᠠᠯ ᠢ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ᠂ ᠬᠤᠳᠠᠯᠳᠤᠨ ᠠᠪᠤᠭᠰᠠᠨ ᠲᠡᠦᠬᠡ ᠶᠢᠨ ᠬᠠᠮᠤᠭ ᠤᠨ ᠳᠣᠤᠷ᠎ᠠ ᠦᠨ᠎ᠡ ᠵᠡᠷᠭᠡ ᠬᠤᠳᠠᠯᠳᠤᠨ ᠠᠪᠤᠭᠰᠠᠨ ᠬᠠᠮᠢᠶ᠎ᠠ ᠪᠦᠬᠦᠢ ᠲᠡᠦᠬᠡᠲᠦ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠨ᠎ᠡ᠃ ᠪᠣᠢ ᠪᠦᠬᠦᠢ ᠳᠠᠩᠰᠠᠯᠠᠭᠤᠯᠤᠭᠰᠠᠨ ᠦᠨᠡᠮᠯᠡᠯ ᠤᠨ ᠳᠣᠲᠣᠷᠠᠬᠢ ᠦᠢᠯᠡᠳᠬᠦᠨ ᠤ ᠲᠤᠭ᠎ᠠ ᠨᠢ ᠪᠣᠳᠠᠲᠠᠶ ᠬᠡᠪ ᠪᠠᠷᠢᠮᠵᠢᠶ᠎ᠠ ᠬᠡᠯᠪᠡᠷᠢ ᠮᠠᠶ᠋ᠢᠭ ᠲᠠᠢ ᠵᠣᠬᠢᠴᠠᠯᠳᠤᠵᠤ᠂ ᠬᠡᠪ ᠪᠠᠷᠢᠮᠵᠢᠶ᠎ᠠ ᠬᠡᠯᠪᠡᠷᠢ ᠮᠠᠶ᠋ᠢᠭ ᠨᠢ ᠨᠢᠭᠡ ᠴᠤ  ᠬᠤᠳᠠᠯᠳᠤᠨ ᠠᠪᠬᠤ ᠨᠢᠭᠡᠴᠢ ᠦᠨ᠎ᠡ ᠨᠢ ᠣᠨᠳᠤᠤ ᠪᠠᠶᠢᠪᠠᠯ᠂ ᠬᠠᠮᠤᠭ ᠤᠨ ᠳᠣᠤᠷ᠎ᠠ ᠦᠨ᠎ᠡ ᠶᠢ ᠲᠠᠭᠯᠠᠨ ᠪᠢᠴᠢᠬᠦ ᠬᠡᠷᠡᠭᠲᠡᠶ᠃ ︵ᠨᠢᠬᠡᠴᠢ ᠨᠢ ᠬᠠᠮᠤᠭ ᠤᠨ ᠪᠠᠭ᠎ᠠ ᠬᠡᠷᠡᠭᠯᠡᠯᠳᠡ ᠶᠢᠨ ᠨᠢᠬᠡᠴᠢ᠄ ᠢᠯᠳᠠᠰᠦ᠂ ᠲᠤᠯᠴᠠ᠂ ᠬᠠᠶᠢᠷᠴᠠᠭ᠂ ᠤᠭᠤᠲᠠ ᠵᠡᠷᠬᠡ ᠨᠢᠬᠡᠴᠢ︶  ︵ᠬᠤᠶᠠᠷ︶  ᠡᠮ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠴᠡᠭᠡ ᠱᠠᠭᠠᠷᠳᠠᠯᠭ᠎ᠠ ᠪᠠᠷ ᠬᠤᠳᠠᠯᠳᠤᠨ ᠠᠪᠬᠤ ᠲᠤᠭ᠎ᠠ ᠪᠠᠷᠢᠮᠲᠠ  ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠲᠣᠰ ᠨᠢᠭᠡᠴᠢ ᠶᠢᠨ ᠢᠶᠠᠨ 2023 ᠣᠨ ᠤ 6 ᠳ᠋ᠤᠭᠠᠷ ᠰᠠᠷ᠎ᠠ - 2024 ᠣᠨ ᠤ 5 ᠳ᠋ᠤᠭᠠᠷ ᠰᠠᠷ᠎ᠠ ᠶᠢᠨ ᠴᠢᠰᠤ ᠵᠣᠭᠰᠣᠭᠠᠬᠤ ᠮᠠᠲ᠋ᠧᠷᠢᠶᠠᠯ ᠤᠨ ᠬᠡᠷᠡᠭᠴᠡᠭᠡ ᠱᠠᠭᠠᠷᠳᠠᠯᠭ᠎ᠠ ᠶᠢ ᠬᠤᠳᠠᠯᠳᠤᠨ ᠠᠪᠬᠤ ᠲᠤᠭ᠎ᠠ ᠬᠡᠮᠵᠢᠶ᠎ᠡ ᠶᠢ ᠲᠠᠭᠯᠠᠨ ᠮᠡᠳᠡᠭᠦᠯᠵᠦ᠂ ᠳᠠᠩᠰᠠᠯᠠᠭᠤᠯᠤᠭᠰᠠᠨ ᠦᠨᠡᠮᠯᠡᠯ ᠤᠨ ᠳᠣᠲᠣᠷᠠᠬᠢ ᠪᠣᠶ ᠪᠥᠬᠦᠶ ᠦᠢᠯᠡᠳᠭᠦᠨ ᠤ ᠲᠤᠭ᠎ᠠ ᠬᠡᠮᠵᠢᠶ᠎ᠡ ᠶᠢ ᠪᠣᠳᠠᠲᠠᠶ ᠬᠡᠪ ᠪᠠᠷᠢᠮᠵᠢᠶ᠎ᠠ ᠶᠢᠨ ᠬᠡᠯᠪᠡᠷᠢ ᠮᠠᠶ᠋ᠢᠭ ᠲᠤ ᠵᠣᠬᠢᠴᠠᠭᠤᠯᠤᠨ᠎ᠠ᠃ ︵ᠨᠢᠬᠡᠴᠢ ᠨᠢ ᠬᠠᠮᠤᠭ ᠤᠨ ᠪᠠᠭ᠎ᠠ ᠬᠡᠷᠡᠭᠯᠡᠯᠳᠡ ᠶᠢᠨ ᠨᠢᠬᠡᠴᠢ᠄ ᠢᠯᠳᠠᠰᠦ᠂ ᠲᠤᠯᠴᠠ᠂ ᠬᠠᠶᠢᠷᠴᠠᠭ᠂ ᠤᠭᠤᠲᠠ ᠵᠡᠷᠬᠡ ᠨᠢᠬᠡᠴᠢ︶  ︵ᠭᠤᠷᠪᠠ︶ ᠰᠢᠰᠲ᠋ᠧᠮ ᠤᠨ ᠳᠤᠲᠠᠮᠠᠭ ᠦᠢᠯᠡᠳᠬᠦᠨ ᠢ ᠨᠡᠮᠡᠨ ᠨᠥᠬᠦᠬᠦ ᠲᠤᠭ᠎ᠠ ᠪᠠᠷᠢᠮᠲᠠ  ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠬᠤᠳᠠᠯᠳᠤᠨ ᠠᠪᠤᠭᠰᠠᠨ ᠲᠡᠦᠬᠡᠲᠦ ᠲᠤᠭ᠎ᠠ ᠪᠠᠷᠢᠮᠲᠠ ᠪᠠ ᠬᠡᠷᠡᠭᠴᠡᠭᠡ ᠱᠠᠭᠠᠷᠳᠠᠯᠭ᠎ᠠ ᠶᠢᠨ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠶᠠᠪᠤᠴᠠ ᠳᠤ᠂ ᠬᠡᠷᠪᠡ ᠲᠠᠭᠯᠠᠨ ᠮᠡᠳᠡᠭᠦᠯᠬᠦ ᠬᠡᠪᠴᠢᠶᠡᠨ ᠳᠣᠲᠣᠷᠠᠬᠢ ᠦᠢᠯᠡᠳᠬᠦᠨ ᠤ ᠮᠡᠳᠡᠭᠡ ᠵᠠᠩᠭᠢ ᠨᠢ ᠪᠤᠷᠤᠭᠤ ᠲᠠᠢ᠂ ᠦᠢᠯᠡᠳᠬᠦᠨ ᠤ ᠮᠡᠳᠡᠭᠡ ᠵᠠᠩᠭᠢ ᠨᠢ ᠳᠤᠲᠠᠭᠳᠠᠭᠰᠠᠨ ᠢ ᠣᠯᠵᠤ ᠮᠡᠳᠡᠪᠡᠯ᠂ ᠴᠠᠭ ᠲᠤᠬᠠᠶ ᠳᠤ ᠨᠢ ᠬᠠᠮᠢᠶ᠎ᠠ ᠪᠥᠬᠦᠶ ᠠᠵᠤ ᠠᠬᠤᠶᠢᠯᠠᠯ ᠳᠤ ᠮᠡᠳᠡᠭᠳᠡᠵᠦ ᠵᠠᠰᠠᠪᠤᠷᠢ ᠣᠷᠣᠭᠤᠯᠵᠤ᠂ ᠨᠡᠮᠡᠵᠦ ᠨᠦᠬᠦᠪᠦᠷᠢᠯᠡᠬᠦᠯᠦᠨ᠎ᠡ᠃ ᠠᠵᠤ ᠠᠬᠤᠶᠢᠯᠠᠯ ᠨᠢ ᠬᠠᠮᠢᠶ᠎ᠠ ᠪᠥᠬᠦᠶ ᠦᠢᠯᠡᠳᠬᠦᠨ ᠤ ᠨᠠᠷᠢᠨ ᠮᠡᠳᠡᠭᠡ ᠵᠠᠩᠭᠢ ᠶᠢ ᠪᠠᠭᠲᠠᠭᠠᠭᠰᠠᠨ ᠪᠣᠯᠪᠠᠴᠤ ᠠᠮᠠᠯᠠᠯᠲᠠ ᠶᠢᠨ ᠪᠢᠴᠢᠭ᠂ ᠡᠷᠬᠡ ᠣᠯᠭᠤᠬᠤ ᠪᠢᠴᠢᠭ᠂ ᠰᠢᠰᠲ᠋ᠧᠮ ᠤᠨ ᠳᠤᠲᠠᠭᠳᠠᠵᠤ ᠪᠠᠶᠢᠭ᠎ᠠ ᠦᠢᠯᠡᠳᠬᠦᠨ ᠤ ᠨᠥᠬᠦᠪᠦᠷᠢᠯᠡᠬᠦ ᠬᠦᠰᠦᠨᠦᠭᠲᠦ᠂ ᠳᠠᠩᠰᠠᠯᠠᠭᠤᠯᠤᠭᠰᠠᠨ ᠦᠨᠡᠮᠯᠡᠯ ᠵᠢᠴᠢ ᠳᠠᠭᠠᠯᠲᠠ ᠬᠠᠭᠤᠳᠠᠰᠤ᠂ ᠦᠢᠯᠡᠳᠬᠦᠨ ᠤ ᠲᠣᠳᠣᠷᠬᠠᠶᠢᠯᠠᠯᠲᠠ ᠶᠢᠨ ᠪᠢᠴᠢᠭ᠂ ᠦᠢᠯᠡᠳᠬᠦᠨ ᠤ ᠪᠣᠳᠠᠲᠤ ᠪᠣᠳᠠᠰ ᠤᠨ ᠬᠡᠷᠡᠯ ᠵᠢᠷᠤᠭ ᠵᠡᠷᠭᠡ ᠮᠠᠲ᠋ᠧᠷᠢᠶᠠᠯ ︵ᠳᠠᠭᠠᠯᠳᠤᠭᠤᠯᠤᠯ ᠳᠤ ᠦᠵᠡ︶ ᠲᠤ ᠬᠢᠵᠠᠭᠠᠷᠯᠠᠭᠳᠠᠬᠤ ᠥᠬᠡᠶ᠂ ᠳᠡᠪᠲᠡᠷᠯᠡᠭᠰᠡᠨ ᠤ ᠳᠠᠷᠠᠭ᠎ᠠ ᠲᠤᠬᠠᠶ ᠶᠢᠨ ᠲᠠᠯᠠᠪᠤᠷ ᠲᠤ ᠲᠤᠰᠢᠶᠠᠵᠤ ᠥᠭᠭᠦᠨ᠎ᠡ᠂ ᠬᠤᠭᠤᠴᠠᠭ᠎ᠠ ᠨᠢ ᠥᠩᠭᠡᠷᠡᠪᠡᠯ ᠭᠥᠯᠢᠶᠡᠨ ᠠᠪᠴᠤ ᠰᠢᠢᠳᠪᠦᠷᠢᠯᠡᠬᠦ ᠥᠬᠡᠶ᠃ ᠲᠤᠰᠢᠶᠠᠬᠤ ᠴᠠᠭ᠄ 2023 ᠣᠨ ᠤ 6 ᠳ᠋ᠤᠭᠠᠷ ᠰᠠᠷ᠎ᠠ ᠶᠢᠨ 8 ᠤ ᠡᠳᠦᠷ ᠤᠨ 9᠄ 00 - 14 ᠤ ᠡᠳᠦᠷ ᠤᠨ 12᠄ 00᠂ ᠲᠤᠰᠢᠶᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠤᠯᠠᠭᠠᠨᠴᠠᠪ ᠪᠠᠷᠠᠭᠤᠨ ᠵᠡᠭᠡᠯᠢ ᠶᠢᠨ 19 ᠳ᠋ᠦ᠋ᠭᠡᠷ ᠨᠤᠮᠧᠷᠳᠦ᠂ ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠲᠥᠪ᠃  ᠳᠥᠷᠪᠡ᠂ ᠲᠠᠭᠯᠠᠨ ᠮᠡᠳᠡᠭᠦᠯᠬᠦ ᠶᠠᠪᠤᠴᠠ  ︵ᠨᠢᠭᠡ︶ ᠳᠠᠩᠰᠠᠨ ᠨᠣᠮᠧᠷ ᠨᠡᠭᠡᠭᠡᠬᠦ ᠪᠠ ᠲᠠᠷᠬᠠᠭᠠᠬᠤ  ᠬᠠᠮᠢᠶ᠎ᠠ ᠪᠥᠬᠦᠶ ᠨᠢᠭᠡᠴᠢ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠡᠯᠰᠡᠨ ᠴᠤᠭᠯᠠᠭᠤᠯᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ︵ᠳᠣᠷᠣᠭᠰᠢ ︽ᠰᠢᠰᠲ᠋ᠧᠮ︾ ᠭᠡᠵᠦ ᠲᠣᠪᠴᠢᠯᠠᠨ᠎ᠠ᠄ http://www.nmgyxcg.cn᠄ 9111 /︶ ᠢᠶᠠᠷ ᠠᠵᠢᠯ ᠢ ᠥᠷᠨᠢᠭᠦᠯᠦᠨ᠎ᠡ᠃ ᠡᠯ᠎ᠡ ᠬᠤᠯᠪᠤᠭᠠᠯᠠᠭᠰᠠᠨ ᠠᠶᠢᠮᠠᠭ ᠮᠤᠵᠢ ᠬᠤᠲᠠ ᠬᠤᠶᠠᠷ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠳᠠᠩᠰᠠᠯᠠᠬᠤ ᠰᠢᠰᠲ᠋ᠧᠮ ᠤᠨ ᠲᠠᠩᠰᠠᠨ ᠨᠣᠮᠧᠷ ᠪᠠ ᠠᠩᠬᠠᠨ ᠤ ᠨᠢᠭᠤᠴᠠ ᠨᠣᠮᠧᠷ ᠢ ᠮᠤᠵᠢ ᠶᠢᠨ ᠬᠤᠭᠤᠷᠣᠨᠳᠣᠬᠢ ᠬᠤᠯᠪᠣᠭᠠᠨ ᠤ ᠬᠤᠳᠠᠯᠳᠤᠨ ᠠᠪᠬᠤ ᠠᠯᠪᠠᠨ ᠬᠡᠷ ᠠᠴᠠ ᠬᠠᠷᠢᠭᠤᠴᠠᠨ ᠲᠠᠷᠬᠠᠭᠠᠨ᠎ᠠ᠃ ᠡᠯ᠎ᠡ ᠬᠤᠯᠪᠣᠭᠠᠨ ᠤ ᠭᠠᠵᠠᠷ ᠣᠷᠣᠨ ᠤ ᠮᠤᠵᠢ ᠶᠢᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠰᠢᠰᠲ᠋ᠧᠮ ᠳᠤ ᠲᠡᠮᠳᠡᠭᠯᠡᠭᠰᠡᠨ ᠤ ᠳᠠᠷᠠᠭ᠎ᠠ᠂ ︽ᠬᠡᠷᠡᠭᠯᠡᠭᠴᠢ ᠶᠢᠨ ᠬᠠᠮᠢᠶᠠᠷᠤᠯᠲᠠ︾ - ︽ᠡᠮ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ︾ ᠶᠢᠨ ᠬᠡᠰᠡᠭ ᠲᠤ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ ᠨᠣᠮᠧᠷ ᠤᠨ ᠮᠡᠳᠡᠭᠡ ᠵᠠᠩᠭᠢ ᠶᠢ ᠬᠥᠲᠥᠯᠦᠨ ᠭᠠᠷᠭᠠᠨ᠎ᠠ᠂ ᠬᠡᠷᠪᠡ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ ᠨᠣᠮᠧᠷ ᠢ ᠰᠢᠨ᠎ᠡ ᠪᠠᠷ ᠨᠡᠮᠡᠭᠳᠡᠭᠦᠯᠬᠦ ᠴᠢᠬᠤᠯᠠᠲᠠᠶ ᠪᠣᠯ ᠬᠠᠷᠢᠶᠠᠲᠤ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠣᠷᠣᠭᠤᠯᠬᠤ ᠪᠤᠶᠤ ︽ᠲᠠᠩᠰᠠᠨ ᠨᠣᠮᠧᠷ ᠢ ᠰᠢᠨ᠎ᠡ ᠪᠠᠷ ᠨᠡᠮᠡᠭᠳᠡᠭᠦᠯᠬᠦ︾ ᠶᠢ ᠳᠣᠲᠣᠯᠠᠵᠤ ᠠᠵᠢᠯᠯᠠᠭᠤᠯᠬᠤ ᠶᠢᠨ ᠬᠠᠮᠲᠤ ᠬᠠᠷᠢᠶᠠᠲᠤ ᠣᠷᠣᠨ ᠤ ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤ ᠨᠢ ᠨᠢᠭᠤᠴᠠ ᠨᠣᠮᠧᠷ ᠢ ᠳᠠᠬᠢᠨ ᠲᠣᠬᠢᠷᠠᠭᠤᠯᠬᠤ ᠶᠢ ᠰᠠᠨᠠᠭᠤᠯᠵᠤ ᠪᠣᠯᠤᠨ᠎ᠠ᠃  ︵ᠬᠤᠶᠠᠷ︶ ᠡᠮᠴᠢᠯᠡᠭᠡᠨ ᠤ ᠪᠠᠶᠢᠭᠤᠯᠤᠮᠵᠢ ᠶᠢᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ  ᠡᠯ᠎ᠡ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ 6 ᠳ᠋ᠤᠭᠠᠷ ᠰᠠᠷ᠎ᠠ ᠶᠢᠨ 16 ᠤ ᠡᠳᠦᠷ ᠠᠴᠠ ᠡᠮᠦᠨ᠎ᠡ ᠰᠢᠰᠲ᠋ᠧᠮ ᠤᠨ ︽ᠳᠡᠭᠡᠭᠰᠢ ᠮᠡᠳᠡᠭᠦᠯᠵᠦ ᠬᠠᠮᠢᠶᠠᠷᠬᠤ︾ ᠬᠡᠰᠡᠭ ᠢ ᠳᠡᠩᠰᠡᠯᠡᠵᠦ᠂ ᠬᠤᠳᠠᠯᠳᠤᠨ ᠠᠪᠤᠭᠰᠠᠨ ᠲᠡᠦᠬᠡᠲᠦ ᠲᠤᠭ᠎ᠠ ᠪᠠᠷᠢᠮᠲᠠ ᠪᠠ ᠬᠡᠷᠡᠭᠴᠡᠭᠡ ᠱᠠᠭᠠᠷᠳᠠᠯᠭ᠎ᠠ ᠶᠢᠨ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠪᠡᠶᠡᠯᠡᠭᠦᠯᠬᠦ ᠬᠡᠷᠡᠭᠲᠡᠶ᠃ ᠡᠯ᠎ᠡ ᠡᠮᠴᠢᠯᠡᠭᠡᠨ ᠤ ᠪᠠᠶᠢᠭᠤᠯᠤᠮᠵᠢ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠭᠰᠡᠨ ᠤ ᠳᠠᠷᠠᠭ᠎ᠠ᠂ ︽ᠡᠷᠬᠡ ᠣᠯᠭᠤᠬᠤ ᠠᠮᠠᠯᠠᠯᠲᠠ ᠶᠢᠨ ᠪᠢᠴᠢᠭ︾᠂ ︽ᠬᠤᠳᠠᠯᠳᠤᠨ ᠠᠪᠤᠭᠰᠠᠨ ᠲᠡᠤᠬᠡᠨ ᠲᠤᠭ᠎ᠠ ᠪᠠᠷᠢᠮᠲᠠ ᠶᠢᠨ ᠬᠤᠷᠢᠶᠠᠩᠭᠤᠶ ᠬᠦᠰᠦᠨᠦᠭ︾᠂ ︽ᠬᠡᠷᠡᠭᠴᠡᠭᠡ ᠱᠠᠭᠠᠷᠳᠠᠯᠭ᠎ᠠ ᠶᠢᠨ ᠬᠤᠳᠠᠯᠳᠤᠨ ᠠᠪᠬᠤ ᠲᠤᠭ᠎ᠠ ᠪᠠᠷᠢᠮᠲᠠ ᠶᠢᠨ ᠬᠤᠷᠢᠶᠠᠩᠭᠤᠶ ᠬᠦᠰᠦᠨᠦᠭ︾ ᠢ ᠳᠠᠷᠤᠮᠠᠯᠯᠠᠬᠤ ᠴᠢᠬᠤᠯᠠᠲᠠᠶ᠂ ᠲᠣᠰ ᠨᠢᠭᠡᠴᠢ ᠶᠢᠨ ᠭᠤᠤᠯ ᠬᠠᠷᠢᠭᠤᠴᠠᠯᠭᠠᠲᠠᠨ ᠳᠤ ᠭᠠᠷ ᠤᠨ ᠥᠰᠥᠭ ᠵᠢᠷᠤᠵᠤ ᠨᠤᠲᠠᠯᠠᠭᠤᠯᠤᠨ᠂ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ᠂ ᠰᠢᠰᠲ᠋ᠧᠮ ᠳᠤ ᠰᠢᠷᠪᠢᠬᠦ ᠡᠯᠧᠺᠲᠷᠦᠨ ᠬᠡᠪᠯᠡᠯ ᠤᠨ ᠪᠢᠴᠢᠭ ᠮᠠᠲ᠋ᠧᠷᠢᠶᠠᠯ ᠢ ᠳᠠᠮᠵᠢᠭᠤᠯᠬᠤ ᠬᠡᠷᠡᠭᠲᠡᠶ᠃  ︵ᠭᠤᠷᠪᠠ︶ ᠡᠮᠴᠢᠯᠡᠭᠡ ᠶᠢᠨ ᠪᠠᠳᠤᠯᠠᠭ᠎ᠠ ᠶᠢᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠬᠢᠨᠠᠨ ᠬᠠᠷᠭᠤᠭᠤᠯᠤᠯᠲᠠ  ᠡᠯ᠎ᠡ ᠬᠤᠯᠪᠤᠭᠠᠯᠠᠭᠰᠨ ᠭᠠᠵᠠᠷ ᠣᠷᠣᠨ ᠤ ᠮᠤᠵᠢ᠂ ᠬᠤᠲᠠ ᠬᠤᠶᠠᠷ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠳᠠᠩᠰᠠᠯᠠᠬᠤ ᠰᠢᠰᠲ᠋ᠧᠮ ᠤᠨ ︽ᠳᠡᠭᠡᠭᠰᠢ ᠮᠡᠳᠡᠭᠦᠯᠵᠦ ᠬᠠᠮᠢᠶᠠᠷᠬᠤ︾ ᠬᠡᠰᠡᠭ ᠢ ᠬᠠᠷᠢᠶ᠎ᠠ ᠣᠷᠣᠨ ᠤ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠤᠭᠰᠠᠨ ᠲᠡᠦᠬᠡᠲᠦ ᠲᠤᠭ᠎ᠠ ᠪᠠᠷᠢᠮᠲᠠ᠂ ᠬᠡᠷᠡᠭᠴᠡᠭᠡ ᠱᠠᠭᠠᠷᠳᠠᠯᠭ᠎ᠠ ᠶᠢᠨ ᠬᠤᠳᠠᠯᠳᠤᠨ ᠠᠪᠬᠤ ᠲᠤᠭ᠎ᠠ ᠪᠠᠷᠢᠮᠲᠠ ᠶᠢ ᠱᠠᠲᠤ ᠳᠠᠷᠠᠭᠠᠯᠠᠨ ᠬᠢᠨᠠᠨ ᠬᠠᠷᠭᠤᠭᠤᠯᠤᠨ᠎ᠠ᠃ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠪᠤᠷᠤᠭᠤ ᠥᠬᠡᠶ ᠪᠠᠶᠢᠬᠤ ᠶᠢ ᠨᠤᠲᠠᠯᠠᠭᠰᠠᠨ ᠤ ᠳᠠᠷᠠᠭ᠎ᠠ᠂ ᠡᠯ᠎ᠡ ᠬᠤᠯᠪᠤᠭᠠᠯᠠᠭᠰᠠᠨ ᠭᠠᠵᠠᠷ ᠣᠷᠣᠨ ᠤ ᠮᠤᠵᠢ ᠶᠢᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ 6 ᠳ᠋ᠤᠭᠠᠷ ᠰᠠᠷ᠎ᠠ ᠶᠢᠨ 19 ᠤ ᠡᠳᠦᠷ ᠠᠴᠠ ᠡᠮᠦᠨ᠎ᠡ ᠰᠢᠰᠲ᠋ᠧᠮ ᠢᠶᠠᠷ ᠳᠠᠮᠵᠢᠭᠤᠯᠤᠨ ᠲᠤᠰᠢᠶᠠᠬᠤ ᠶᠢᠨ ᠬᠠᠮᠲᠤ ︽ᠮᠤᠵᠢ ᠶᠢᠨ ᠱᠠᠲᠤᠨ ᠤ ᠲᠡᠤᠬᠡᠨ ᠬᠤᠳᠠᠯᠳᠤᠨ ᠠᠪᠬᠤ ᠲᠤᠭ᠎ᠠ ᠪᠠᠷᠢᠮᠲᠠ ᠶᠢᠨ ᠬᠤᠷᠢᠶᠠᠩᠭᠤᠶ ᠬᠦᠰᠦᠨᠦᠭ︾᠂ ︽ᠮᠤᠵᠢ ᠶᠢᠨ ᠱᠠᠲᠤᠨ ᠤ ᠬᠡᠷᠡᠭᠴᠡᠭᠡ ᠱᠠᠭᠠᠷᠳᠠᠯᠭ᠎ᠠ ᠬᠤᠳᠠᠯᠳᠤᠨ ᠠᠪᠬᠤ ᠲᠤᠭ᠎ᠠ ᠪᠠᠷᠢᠮᠲᠠ ᠶᠢᠨ ᠬᠤᠷᠢᠶᠠᠩᠭᠤᠶ ᠬᠦᠰᠦᠨᠦᠭ︾ ᠢ ᠰᠢᠯᠵᠢᠭᠦᠯᠦᠨ ᠭᠠᠷᠭᠠᠬᠤ ᠶᠢᠨ ᠬᠠᠮᠲᠤ ᠳᠠᠷᠤᠮᠠᠯᠯᠠᠵᠤ᠂ ᠮᠤᠵᠢ ᠶᠢᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠠᠯᠪᠠᠨ ᠲᠠᠮᠠᠭ᠎ᠠ ᠶᠢ ᠳᠠᠷᠤᠭᠰᠠᠨ ᠤ ᠳᠠᠷᠠᠭ᠎ᠠ᠂ ᠰᠢᠰᠲ᠋ᠧᠮ ᠳᠡᠭᠡᠨ ᠰᠢᠷᠪᠢᠬᠦ ᠡᠯᠧᠺᠲᠷᠦᠨ ᠬᠡᠪᠯᠡᠯ ᠤᠨ ᠪᠢᠴᠢᠭ ᠮᠠᠲ᠋ᠧᠷᠢᠶᠠᠯ ᠢ ᠳᠠᠮᠵᠢᠭᠤᠯᠤᠨ᠎ᠠ᠃  ᠲᠠᠪᠤ᠂ ᠰᠢᠰᠲ᠋ᠧᠮ ᠤᠨ ᠨᠡᠬᠡᠬᠡᠯᠲᠡᠲᠦ ᠴᠠᠭ  2023 ᠣᠨ ᠤ 6 ᠳ᠋ᠤᠭᠠᠷ ᠰᠠᠷ᠎ᠠ ᠶᠢᠨ 8 ᠤ ᠡᠳᠦᠷ ᠤᠨ 9᠄ 00-6 ᠳ᠋ᠤᠭᠠᠷ ᠰᠠᠷ᠎ᠠ ᠶᠢᠨ 19 ᠤ ᠡᠳᠦᠷ ᠤᠨ 24᠄ 00᠃  ᠵᠢᠷᠭᠤᠭ᠎ᠠ᠂ ᠠᠵᠢᠯ ᠤᠨ ᠱᠠᠭᠠᠷᠳᠠᠯᠭ᠎ᠠ    ︵ᠨᠢᠭᠡ︶ ᠡᠯ᠎ᠡ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠲᠣᠰ ᠤᠳᠠᠭᠠᠨ ᠤ ᠲᠠᠭᠯᠠᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠲᠤᠰᠬᠠᠶ ᠬᠥᠮᠦᠨ ᠢ ᠵᠢᠭᠠᠨ ᠲᠣᠭᠲᠠᠭᠠᠵᠤ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠶᠢ ᠬᠠᠷᠢᠭᠤᠴᠠᠭᠤᠯᠵᠤ᠂ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠠᠨᠢᠰᠤ ᠪᠦᠷᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃  ︵ᠬᠤᠶᠠᠷ︶ ᠡᠯ᠎ᠡ ᠬᠤᠯᠪᠤᠭᠠᠯᠠᠭᠰᠠᠨ ᠭᠠᠵᠠᠷ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠱᠠᠭᠠᠷᠳᠠᠯᠭ᠎ᠠ ᠶᠣᠰᠣᠭᠠᠷ ᠲᠠᠭᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠬᠠᠷᠭᠤᠭᠤᠯᠬᠤ᠂ ᠪᠠᠶᠢᠴᠠᠭᠠᠬᠤ ᠶᠢᠨ ᠬᠠᠮᠲᠤ ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠲᠣᠭᠲᠠᠭᠰᠠᠨ ᠬᠤᠭᠤᠴᠠᠭᠠᠨ ᠳᠤ ᠬᠤᠳᠠᠯᠳᠤᠨ ᠠᠪᠤᠭᠰᠠᠨ ᠲᠡᠦᠬᠡᠲᠦ ᠲᠤᠭ᠎ᠠ ᠪᠠᠷᠢᠮᠲᠠ ᠪᠠ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ᠪᠠᠷᠢᠮᠲᠠ ᠶᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠬᠦ ᠬᠡᠷᠡᠭᠲᠡᠶ᠃ ᠲᠠᠭᠯᠠᠨ ᠮᠡᠳᠡᠭᠦᠯᠬᠦ ᠲᠤᠭᠳᠠᠭᠠᠭᠰᠠᠨ ᠴᠠᠭ ᠠᠴᠠ ᠬᠡᠲᠦᠷᠡᠭᠦᠯᠦᠨ᠂ ᠬᠤᠳᠠᠯᠳᠤᠨ ᠠᠪᠤᠭᠰᠠᠨ ᠲᠡᠦᠬᠡᠲᠦ ᠲᠤᠭ᠎ᠠ ᠪᠠᠷᠢᠮᠲᠠ ᠪᠠ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶᠡᠨ ᠤ ᠲᠤᠭ᠎ᠠ ᠪᠠᠷᠢᠮᠲᠠ ᠶᠢᠨ ᠬᠤᠪᠢᠷᠠᠭᠤᠯᠤᠯᠲᠠ ᠶᠢ ᠬᠦᠯᠢᠶᠡᠨ ᠠᠪᠬᠤ ᠦᠭᠡᠶ᠃  ︵ᠭᠤᠷᠪᠠ︶ ᠲᠣᠰ ᠤᠳᠠᠭᠠᠨ ᠤ ᠠᠵᠤ ᠠᠬᠤᠶᠢᠯᠠᠯ  ᠵᠠᠰᠠᠪᠤᠷᠢ ᠣᠷᠣᠭᠤᠯᠬᠤ᠂ ᠲᠤᠭ᠎ᠠ ᠪᠠᠷᠢᠮᠲᠠ ᠶᠢ ᠨᠡᠮᠡᠵᠦ ᠨᠥᠬᠦᠪᠥᠷᠢᠯᠡᠬᠦ ᠳᠤ ᠲᠥᠪᠯᠡᠷᠡᠭᠦᠯᠦᠨ ᠬᠤᠳᠠᠯᠳᠤᠨ ᠠᠪᠬᠤ ᠶᠢ ᠡᠴᠦᠰ ᠤᠨ ᠭᠠᠷᠴᠠᠭ ᠪᠣᠯᠭᠠᠵᠤ᠂ ᠳᠠᠬᠢᠨ ᠵᠠᠰᠠᠪᠤᠷᠢ ᠣᠷᠣᠭᠤᠯᠬᠤ ᠪᠠ ᠨᠡᠮᠡᠵᠦ ᠨᠥᠬᠦᠪᠥᠷᠢᠯᠡᠬᠦ ᠥᠬᠡᠶ᠂ ᠡᠯ᠎ᠡ ᠡᠮᠴᠢᠯᠡᠭᠡᠨ ᠤ ᠪᠠᠶᠢᠭᠤᠯᠤᠮᠵᠢ ᠡᠷᠬᠡᠪᠰᠢ ᠬᠡᠷᠡᠭᠯᠡᠭᠰᠡᠨ ᠬᠤᠷᠣᠭᠳᠠᠯ ᠮᠠᠲ᠋ᠧᠷᠢᠶᠠᠯ  ᠢᠶᠠᠨ ᠬᠠᠮᠢᠶ᠎ᠠ ᠪᠥᠬᠦᠶ ᠠᠵᠤ ᠠᠬᠤᠶᠢᠯᠠᠯ ᠳᠤ ᠮᠡᠳᠡᠭᠳᠡᠬᠦ ᠬᠡᠷᠡᠭᠲᠡᠶ᠃  ︵ᠲᠦᠷᠪᠡ︶ ᠲᠣᠰ ᠤᠳᠠᠭᠠᠨ ᠤ ᠲᠠᠭᠯᠠᠨ ᠮᠡᠳᠡᠭᠦᠯᠬᠦ ᠪᠣᠳᠠᠲᠠᠶ ᠠᠭᠤᠯᠭ᠎ᠠ᠂ ᠲᠠᠭᠯᠠᠨ ᠮᠡᠳᠡᠭᠦᠯᠬᠦ ᠱᠠᠭᠠᠷᠳᠠᠯᠭ᠎ᠠ ᠵᠢᠴᠢ ᠰᠢᠰᠲ᠋ᠧᠮ ᠤᠨ ᠠᠵᠢᠯᠯᠠᠬᠤ ᠠᠷᠭ᠎ᠠ ᠶᠢ ᠰᠢᠰᠲ᠋ᠧᠮ ᠤᠨ ᠳᠣᠲᠣᠷᠠᠬᠢ ᠠᠵᠢᠯᠯᠠᠬᠤ ᠭᠠᠷ ᠳᠡᠪᠲᠡᠷ ᠢᠶᠠᠷ ᠯᠠᠪᠯᠠᠯᠲᠠ ᠪᠣᠯᠭᠠᠵᠤ ᠪᠣᠯᠤᠨ᠎ᠠ᠃  ᠲᠤᠯᠤᠭ᠎ᠠ᠂ ᠬᠠᠷᠢᠯᠴᠠᠬᠤ ᠬᠡᠯᠪᠡᠷᠢ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ  ᠲᠤᠬᠠᠶᠢᠯᠠᠭᠰᠠᠨ ᠠᠵᠢᠯ ᠤᠨ ᠯᠠᠪᠯᠠᠯᠭ᠎ᠠ᠄ 0471 - 4907213  ᠮᠡᠷᠭᠡᠵᠢᠯ ᠤᠨ ᠳᠡᠮᠵᠢᠯᠭᠡ᠄ 0471 - 4967106  ᠦᠢᠯᠡᠴᠢᠯᠡᠬᠦ ᠴᠠᠭ᠄ 9᠄ 00 -12᠄ 00᠂ 14᠄ 30 - 18᠄ 00᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠪᠤᠰᠤᠳ᠃  ᠳᠠᠭᠠᠯᠳᠤᠭᠤᠯᠤᠯ᠄ ᠠᠵᠤ ᠠᠬᠤᠶᠢᠯᠠᠯ ᠤᠨ ᠨᠡᠮᠡᠵᠦ ᠨᠥᠬᠦᠪᠥᠷᠢᠯᠡᠬᠦ ᠮᠠᠲ᠋ᠧᠷᠢᠶᠠᠯ ᠤᠨ ᠳᠡᠪᠲᠡᠷ             ᠮᠤᠵᠢ ᠶᠢᠨ ᠬᠤᠭᠤᠷᠣᠨᠳᠣᠬᠢ ᠬᠤᠯᠪᠤᠭ᠎ᠠ ᠶᠢᠨ ᠬᠤᠳᠠᠯᠳᠤᠨ ᠠᠪᠬᠤ ᠠᠯᠪᠠᠨ ᠭᠡᠷ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠠᠮᠠᠭ᠎ᠠ ᠶᠢ ᠣᠷᠣᠭᠤᠯᠤᠨ ᠳᠠᠷᠤᠨ᠎ᠠ︶        2023ᠣᠨ ᠤ 6 ᠳ᠋ᠤᠭᠠᠷ ᠰᠠᠷ᠎ᠠ ᠶᠢᠨ 6 ᠤ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号