︽ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/7/14
  ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠶ ᠪᠠᠷ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠢᠳᠡᠪᠬᠢ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ᠂ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ᠂ ᠤᠯᠤᠰ ᠤᠨ ᠬᠥᠳᠡᠭᠡ ᠲᠣᠰᠬᠤᠨ ᠢ ᠭᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ ᠤ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠵᠠᠭᠠᠷ ᠱᠤᠭᠤᠮ ᠢ ᠡᠷᠡᠰ ᠪᠠᠲᠤ ᠰᠠᠬᠢᠬᠤ ᠲᠤᠬᠠᠢ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠤᠷᠲᠤ ᠬᠤᠭᠤᠴᠠᠭᠠᠨ ᠪᠥᠲᠦᠮᠵᠢᠲᠡᠢ ᠳᠣᠭᠲᠠᠴᠠ ᠶᠢ ᠪᠥᠷᠢᠨᠰᠢᠭᠦᠯᠦᠨ ᠲᠡᠭᠦᠯᠳᠡᠷᠵᠢᠭᠦᠯᠬᠦ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠦᠨᠳᠦ ᠣᠨᠴᠠ ᠶᠡᠭᠡ ᠡᠪᠡᠳᠴᠢᠨ ᠡᠮᠭᠡᠭ ᠢ ᠰᠡᠷᠭᠡᠶᠢᠯᠡᠨ ᠠᠷᠢᠯᠭᠠᠬᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠪᠦᠷᠢᠨᠰᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠬᠠᠮᠲᠤᠷᠠᠨ ︽ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠠᠮᠢᠶ᠎ᠠ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄  ᠨᠢᠭᠡ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠭᠰᠠᠨ ᠦᠷ᠎ᠡ ᠪᠦᠲᠦᠭᠡᠯ ᠢ ᠲᠡᠭᠦᠯᠳᠡᠷᠵᠢᠭᠦᠯᠦᠨ ᠪᠠᠬᠢᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ  ︽ᠮᠡᠳᠡᠭᠳᠡᠯ︾ ᠨᠢ ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ︾ ᠬᠤᠷᠢᠭ᠎ᠠ ᠱᠤᠭᠤᠮ ᠤᠨ ᠡᠭᠦᠷᠭᠡ ᠶᠢ ᠴᠢᠩᠭ᠎ᠠ ᠠᠳᠬᠤᠨ᠎ᠠ᠃ ᠡᠯ᠎ᠡ ᠠᠶᠢᠮᠠᠭ ᠬᠤᠳᠠ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠤᠷᠢᠲᠠᠯ ᠰᠠᠭᠤᠷᠢ ᠪᠣᠯᠭᠠᠵᠤ᠂ ︽ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ ᠪᠠᠶᠢᠬᠤ︾ ᠠᠵᠢᠯ ᠢ ᠦᠷᠭᠦᠯᠵᠢᠯᠡᠨ ᠴᠢᠩᠭ᠎ᠠ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃ ᠰᠢᠯᠵᠢᠯᠲᠡ ᠶᠢᠨ ᠬᠤᠭᠤᠴᠠᠭᠠᠨ ᠤ ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠪᠣᠯᠤᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠦᠨᠡᠨ ᠬᠦ ᠪᠠᠲᠤᠯᠠᠵᠤ᠂ ᠡᠪᠡᠳᠴᠢᠨ ᠠᠴᠠ ᠪᠣᠯᠵᠤ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ᠲᠡᠷᠡᠴᠢᠯᠡᠨ ᠡᠳ᠋ ᠮᠥᠩᠭᠦ ᠪᠠᠷ ᠲᠤᠰᠠᠯᠠᠬᠤ ᠡᠲᠡᠭᠡᠳ ᠤᠨ ᠬᠡᠪᠴᠢᠶ᠎ᠡ᠂ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠦᠢᠯᠡᠴᠢᠯᠡᠭᠡ᠂ ᠡᠳ᠋ ᠮᠥᠩᠭᠦ ᠪᠠᠷ ᠲᠤᠰᠠᠯᠠᠵᠤ ᠳᠠᠭᠠᠳᠬᠠᠯ ᠳᠤ ᠣᠷᠣᠯᠴᠠᠬᠤ ᠲᠦᠷᠦ ᠶᠢᠨ ᠪᠤᠳᠤᠯᠭ᠎ᠠ ᠶᠢᠨ ᠵᠣᠯᠭᠠᠯᠴᠠᠭ᠎ᠠ ᠵᠡᠷᠭᠡ ᠳᠤ ᠲᠣᠭᠲᠠᠭᠠᠯ ᠭᠠᠷᠭᠠᠪᠠ᠃ ᠨᠢᠭᠡ ᠳᠤ ᠲᠥᠷᠥᠯ ᠬᠤᠪᠢᠶᠠᠨ ᠡᠳ᠋ ᠮᠥᠩᠭᠦ ᠪᠠᠷ ᠲᠤᠰᠠᠯᠠᠵᠤ ᠳᠠᠭᠠᠳᠬᠠᠯ ᠳᠤ ᠣᠷᠣᠯᠴᠠᠬᠤ ᠠᠵᠢᠯ ᠢ ᠰᠠᠶᠢᠲᠤᠷ ᠬᠢᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠡᠳ᠋ ᠤᠨ ᠵᠠᠰᠠᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠪᠢ ᠬᠥᠮᠦᠨ ᠤ ᠰᠦᠢᠳᠬᠡᠯ ᠲᠤᠰᠢᠶᠠᠬᠤ ᠳᠤ ᠦᠨᠡᠨ ᠬᠦ ᠬᠦᠴᠢᠷᠳᠡᠯᠲᠡᠶ ᠣᠯᠠᠨ ᠲᠦᠮᠡᠨ ᠳᠤ ᠲᠥᠷᠥᠯ ᠬᠤᠪᠢᠶᠠᠨ ᠲᠤᠰᠠᠯᠠᠨ᠎ᠠ᠃ ᠳᠠᠬᠢᠨ ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ ᠳᠤ ᠲᠤᠯᠭᠠᠷᠠᠵᠤ ᠪᠠᠶᠢᠭ᠎ᠠ ᠬᠢᠨᠠᠨ ᠬᠡᠮᠵᠢᠬᠦ ᠡᠲᠡᠭᠡᠳ ᠲᠤ ᠨᠠᠷᠢᠯᠢᠭ ᠣᠨᠣᠴᠠᠲᠠᠶ ᠪᠠᠷ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷᠳᠡᠯᠲᠡᠶ ᠣᠯᠠᠨ ᠲᠦᠮᠡᠨ ᠢ ᠳᠡᠮᠵᠢᠨ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠤᠶᠠᠷ ᠲᠤ᠂ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠢᠶᠠᠷ ᠨᠢᠭᠡᠴᠢ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠪᠣᠯᠤᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠬᠠᠮᠤᠷᠤᠭᠰᠠᠨ ᠳᠠᠭᠠᠳᠬᠠᠯ ᠳᠤ ᠣᠷᠣᠯᠴᠠᠬᠤ ᠡᠬᠡ ᠲᠠᠩᠰᠠ ᠶᠢ ᠲᠥᠷᠥᠯ ᠬᠤᠪᠢᠶᠠᠨ ᠪᠠᠶᠢᠭᠤᠯᠵᠤ᠂ ᠳᠠᠭᠠᠳᠬᠠᠯ ᠳᠤ ᠣᠷᠣᠯᠴᠠᠬᠤ ᠶᠢ ᠬᠠᠷᠭᠤᠭᠤᠯᠤᠨ ᠪᠠᠶᠢᠴᠠᠭᠠᠬᠤ ᠬᠠᠷᠢᠴᠠᠭᠤᠯᠤᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠳᠡᠯᠦᠩᠭᠦᠶ ᠪᠠᠷ ᠬᠢᠨᠠᠨ ᠬᠡᠮᠵᠢᠬᠦ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠣᠷᠣᠯᠴᠠᠬᠤ ᠶᠣᠰᠣᠲᠠᠶ ᠶᠢ ᠨᠢ ᠴᠥᠮ ᠣᠷᠣᠯᠴᠠᠬᠤ ᠶᠢ ᠦᠨᠡᠨ ᠬᠦ ᠪᠠᠲᠤᠯᠠᠵᠤ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠭᠰᠠᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠦᠨ᠎ᠡ᠃ ᠭᠤᠷᠪᠠ ᠳᠤ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠠᠬᠢᠭᠤᠯᠤᠨ᠎ᠠ᠃ ᠡᠮᠴᠢᠯᠡᠭᠡ ᠪᠠᠷ ᠠᠪᠤᠷᠠᠨ ᠲᠤᠰᠠᠯᠠᠬᠤ ᠶᠢ ᠪᠤᠰᠤᠳ ᠠᠷᠭ᠎ᠠ ᠵᠠᠮ ᠢᠶᠠᠷ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠴᠢᠩᠭᠠᠳᠬᠠᠨ᠎ᠠ᠃ ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠨᠢᠭᠦᠯᠡᠰᠦᠩᠭᠦᠶ ᠶᠢᠨ ᠬᠠᠪᠰᠤᠷᠤᠨ ᠲᠡᠳᠬᠦᠬᠦ᠂ ᠨᠡᠶᠢᠲᠡ ᠶᠢᠨ ᠠᠰᠠᠷᠠᠮᠵᠢ ᠶᠢᠨ ᠲᠤᠰᠠᠯᠠᠨ ᠬᠦᠷᠭᠡᠬᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠠᠰᠢᠭ ᠣᠯᠵᠠᠪᠤᠷᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠤᠶᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠷᠣᠯᠠᠨ ᠲᠤᠰᠢᠶᠠᠬᠤ ᠶᠢ ᠲᠡᠮᠡᠴᠡᠨ ᠣᠯᠬᠤ ᠵᠡᠷᠭᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠲᠠᠷᠢᠶᠠᠯᠠᠬᠤ ᠮᠠᠯᠵᠢᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠠᠪᠰᠤᠷᠤᠨ ᠳᠠᠭᠠᠳᠬᠠᠯ ᠳᠤ ᠣᠷᠣᠯᠴᠠᠭᠤᠯᠵᠤ ᠰᠦᠢᠳᠬᠡᠯ ᠲᠤᠰᠢᠶᠠᠯᠭᠠᠨ᠂ ᠪᠠᠲᠤᠯᠠᠬᠤ ᠶᠣᠰᠣᠲᠠᠶ ᠪᠠᠶᠢᠲᠠᠯ᠎ᠠ ᠦᠯᠦ ᠪᠠᠲᠤᠯᠠᠭᠰᠠᠨ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃  ᠬᠤᠶᠠᠷ᠂ ᠰᠢᠯᠵᠢᠯᠲᠡ ᠶᠢᠨ ᠬᠤᠭᠤᠴᠠᠭᠠᠨ ᠤ ᠡᠮᠴᠢᠯᠡᠭᠡᠨ ᠤ ᠳᠠᠭᠠᠳᠬᠠᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ  ︽ᠮᠡᠳᠡᠭᠳᠡᠯ︾ ᠳᠤ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ ᠲᠣᠭᠲᠠᠭᠤᠨ ᠢᠶᠠᠷ ᠪᠠᠬᠢᠵᠢᠭᠦᠯᠵᠦ᠂ ᠰᠢᠯᠵᠢᠯᠲᠡ ᠶᠢᠨ ᠬᠤᠭᠤᠴᠠᠭᠠᠨ ᠤ ᠲᠥᠷᠥ ᠶᠢᠨ ᠪᠣᠳᠣᠯᠭ᠎ᠠ ᠶᠢ ᠡᠮᠬᠢ ᠵᠢᠷᠤᠮ ᠲᠠᠢ ᠵᠣᠯᠭᠠᠭᠤᠯᠵᠤ᠂ ᠬᠠᠷᠠᠭᠠᠯᠵᠠᠯ ᠤᠨ ᠲᠣᠭᠲᠠᠭᠤᠨ ᠢᠶᠠᠷ ᠰᠢᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠨᠢᠭᠡ ᠳᠤ᠂ ᠭᠤᠷᠪᠠᠨ ᠳᠠᠪᠬᠤᠷ ᠲᠦᠷᠢᠮ ᠤᠨ ᠪᠠᠲᠤᠯᠠᠭ᠎ᠠ ᠶᠢ ᠴᠢᠩᠭᠠᠳᠬᠠᠪᠠ᠃ ᠡᠯ᠎ᠡ ᠭᠠᠵᠠᠷ ᠤᠨ ᠬᠢᠨ ᠰᠢᠯᠵᠢᠯᠲᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠣᠨᠣᠴᠠᠲᠠᠢ ᠨᠠᠶᠢᠳᠠᠪᠤᠷᠢᠵᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠭᠤᠷᠪᠠᠨ ᠳᠠᠪᠬᠤᠷ ᠲᠦᠷᠢᠮ ᠤᠨ ᠶᠡᠷᠦᠩᠬᠡᠶᠢᠯᠡᠭᠰᠡᠨ ᠪᠠᠲᠤᠯᠠᠪᠤᠷᠢ ᠶᠢᠨ ᠲᠣᠭᠲᠠᠴᠠ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠬᠥᠳᠡᠭᠡ ᠲᠣᠰᠬᠤᠨ ᠤ ᠳᠣᠣᠷ᠎ᠠ ᠣᠷᠣᠯᠭ᠎ᠠ ᠲᠠᠢ ᠬᠥᠮᠦᠨ ᠠᠮᠠ ᠶᠢᠨ ᠬᠠᠷᠠᠭᠠᠯᠵᠠᠯ ᠢ ᠡᠳ᠋ᠯᠡᠬᠦ ᠪᠠᠶᠢᠳᠠᠯ ᠢ ᠲᠤᠬᠢᠷᠠᠭᠤᠯᠤᠨ ᠬᠢᠨᠠᠨ ᠬᠡᠮᠵᠢᠬᠦ ᠶᠢ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠤᠶᠠᠷ ᠲᠤ ᠲᠦᠷᠢᠮ ᠤᠨ ᠨᠢᠭᠡᠳᠦᠯᠲᠡᠶ ᠵᠢᠷᠤᠮᠵᠢᠯ ᠢ ᠠᠬᠢᠭᠤᠯᠤᠨ᠎ᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠲᠠᠩᠰᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠢ ᠨᠢᠭᠡᠳᠦᠯᠲᠡᠶ ᠵᠢᠷᠤᠮᠵᠢᠭᠤᠯᠬᠤ ᠶᠢ ᠪᠠᠷᠢᠮᠲᠠᠯᠠᠨ᠂ ᠠᠰᠠᠷᠠᠮᠵᠢ ᠲᠠᠢ ᠪᠣᠯᠬᠤ ᠬᠡᠯᠪᠡᠷᠢᠯ ᠢ ᠰᠡᠷᠭᠡᠶᠢᠯᠡᠨ᠎ᠡ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠢᠷᠢ ᠬᠡᠮᠵᠢᠶ᠎ᠡ ᠶᠢ ᠲᠣᠭᠲᠠᠭᠤᠨ ᠪᠠᠶᠢᠯᠭᠠᠵᠤ᠂ ᠬᠦᠨᠳᠦ ᠡᠪᠡᠳᠴᠢᠨ ᠤ ᠳᠠᠭᠠᠳᠬᠠᠯ ᠳᠤ ᠬᠡᠯᠪᠠᠶᠢᠯᠭᠡᠨ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠮᠴᠢᠯᠡᠭᠡᠨ ᠤ ᠠᠪᠤᠷᠠᠨ ᠲᠤᠰᠠᠯᠠᠯᠲᠠ ᠶᠢ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠳᠤ ᠲᠥᠷᠥᠯ ᠬᠤᠪᠢᠶᠠᠨ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠭᠤᠷᠪᠠ ᠳᠤ᠂ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠪᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠤ ᠬᠡᠷᠡᠭᠵᠢᠭᠦᠯᠵᠦ ᠪᠠᠶᠢᠭ᠎ᠠ ᠡᠮᠴᠢᠯᠡᠭᠡᠨ ᠤ ᠳᠠᠭᠠᠳᠬᠠᠯ ᠢᠶᠠᠷ ᠶᠠᠳᠠᠭᠤ ᠶᠢ ᠲᠡᠳᠬᠦᠬᠦ ᠣᠨᠴᠠᠭᠠᠢ ᠲᠥᠷᠥ ᠶᠢᠨ ᠪᠣᠳᠣᠯᠭ᠎ᠠ ᠶᠢᠨ ᠲᠥᠷᠥᠯ ᠬᠡᠯᠪᠡᠷᠢ ᠶᠢ ᠢᠯᠭᠠᠵᠤ᠂ ᠲᠥᠷᠥᠯ ᠬᠤᠪᠢᠶᠠᠨ ᠤᠬᠤᠷᠢᠨ ᠭᠠᠷᠬᠤ᠂ ᠠᠯᠬᠤᠮ ᠠᠯᠬᠤᠮ ᠢᠶᠠᠷ ᠬᠤᠪᠢᠷᠠᠭᠤᠯᠬᠤ᠂ ᠡᠮᠬᠢ ᠵᠢᠷᠤᠮ ᠲᠠᠢ ᠪᠠᠷ ᠲᠣᠬᠢᠷᠠᠭᠤᠯᠬᠤ ᠰᠡᠳᠬᠢᠮᠵᠢ ᠶᠣᠰᠣᠭᠠᠷ ᠬᠡᠪ ᠤᠨ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠤᠪᠢᠷᠠᠭᠤᠯᠤᠨ ᠵᠠᠰᠠᠬᠤ ᠶᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠤ ᠬᠡᠪ ᠤᠨ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠶᠢ ᠲᠣᠭᠲᠠᠭᠤᠨ ᠢᠶᠠᠷ ᠵᠣᠯᠭᠠᠭᠤᠯᠤᠨ ᠰᠢᠯᠵᠢᠭᠦᠯᠬᠦ ᠶᠢ ᠠᠬᠢᠭᠤᠯᠤᠨ᠎ᠠ᠃  ᠭᠤᠷᠪᠠ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠭᠦᠯᠭᠦ ᠬᠡᠷᠩᠳᠠᠢ  ︽ᠮᠡᠳᠡᠭᠳᠡᠯ︾ ᠳᠤ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢᠨ ᠡᠪᠡᠳᠴᠢᠲᠡᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠡᠷᠲᠡ ᠢᠯᠡᠷᠡᠭᠦᠯᠵᠦ᠂ ᠡᠷᠲᠡ ᠬᠠᠮᠢᠶᠠᠷᠴᠤ᠂ ᠡᠷᠲᠡ ᠠᠷᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠨᠢᠭᠡ ᠳᠤ᠂ ᠶᠡᠭᠡ ᠬᠡᠮᠵᠢᠶᠡᠨ ᠤ ᠵᠠᠷᠤᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠪᠡ᠃ ᠪᠦᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠲᠦᠭᠰᠢᠭᠦᠷᠢ ᠲᠠᠢ ᠬᠥᠮᠦᠰ ᠢ ᠰᠠᠨᠠᠭᠠᠴᠢᠯᠠᠭ᠎ᠠ ᠠᠴᠠ ᠪᠠᠨ ᠣᠯᠵᠤ ᠮᠡᠳᠡᠬᠦ᠂ ᠬᠥᠳᠡᠯᠦᠩᠭᠦᠶ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠪᠣᠯᠤᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠤᠮᠳᠠ ᠥᠨᠳᠥᠷ ᠲᠣᠭᠠᠨ ᠤ ᠡᠮᠴᠢᠯᠡᠭᠡᠨ ᠤ ᠵᠠᠷᠤᠳᠠᠯ ᠤᠨ ᠡᠭᠦᠷᠭᠡᠯᠡᠵᠦ ᠪᠠᠶᠢᠭ᠎ᠠ ᠡᠪᠡᠳᠴᠢᠲᠡᠨ ᠢ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠨᠥᠬᠦᠴᠡᠯ ᠲᠠᠢ ᠭᠠᠵᠠᠷ ᠣᠷᠣᠨ ᠨᠢ ᠬᠢᠨᠠᠨ ᠬᠡᠮᠵᠢᠵᠦ ᠰᠡᠷᠡᠮᠵᠢᠯᠡᠭᠦᠯᠬᠦ ᠬᠥᠮᠦᠰ ᠤᠨ ᠬᠡᠪᠴᠢᠶ᠎ᠡ ᠶᠢ ᠪᠦᠬᠦ ᠳᠠᠭᠠᠳᠬᠠᠯ ᠳᠤ ᠣᠷᠣᠯᠴᠠᠭᠴᠢ ᠶᠢ ᠬᠠᠮᠤᠷᠴᠤ ᠪᠣᠯᠤᠨ᠎ᠠ᠃ ᠬᠤᠶᠠᠷ ᠲᠤ᠂ ᠬᠠᠷᠭᠤᠭᠤᠯᠤᠨ ᠪᠠᠶᠢᠴᠠᠭᠠᠵᠤ ᠬᠠᠷᠢᠴᠠᠭᠤᠯᠬᠤ ᠪᠠ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠎ᠠ᠃ ᠬᠢᠨᠠᠨ ᠬᠡᠮᠵᠢᠵᠦ ᠰᠡᠷᠡᠮᠵᠢᠯᠡᠭᠦᠯᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠶᠡᠭᠡ ᠲᠣᠭᠠᠨ ᠤ ᠵᠠᠷᠤᠳᠠᠯ ᠤᠨ ᠡᠭᠦᠷᠭᠡᠯᠡᠵᠦ ᠪᠠᠶᠢᠭ᠎ᠠ ᠡᠪᠡᠳᠴᠢᠲᠡᠨ ᠤ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠬᠦᠷᠲᠡᠬᠦ᠂ ᠬᠤᠪᠢ ᠬᠥᠮᠦᠨ ᠤ ᠵᠠᠷᠤᠳᠠᠯ ᠤᠨ ᠳᠠᠷᠤᠭᠠᠰᠤ᠂ ᠡᠮᠴᠢᠯᠡᠭᠡᠨ ᠤ ᠦᠢᠯᠡᠴᠢᠯᠡᠭᠡ ᠶᠢᠨ ᠠᠰᠢᠭᠯᠠᠯᠲᠠ ᠵᠡᠷᠭᠡ ᠪᠠᠶᠢᠳᠠᠯ ᠢ ᠬᠥᠳᠡᠯᠦᠩᠭᠦᠶ ᠪᠠᠷ ᠮᠥᠷᠳᠡᠬᠦ ᠬᠡᠷᠡᠭᠲᠡᠶ᠃ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠢᠨᠠᠨ ᠬᠡᠮᠵᠢᠬᠦ ᠲᠠᠪᠴᠠᠩ᠂ ᠣᠷᠣᠯᠭ᠎ᠠ ᠪᠠᠭᠠᠲᠠᠶ ᠬᠥᠮᠦᠨ ᠠᠮᠠ ᠶᠢᠨ ᠬᠥᠳᠡᠯᠦᠩᠭᠦᠶ ᠬᠢᠨᠠᠨ ᠬᠡᠮᠵᠢᠬᠦ ᠲᠠᠪᠴᠠᠩ ᠯᠤᠭ᠎ᠠ ᠶᠢᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠭᠰᠡᠨ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠬᠦ ᠶᠢ ᠦᠨᠡᠨ ᠬᠦ ᠪᠠᠲᠤᠯᠠᠨ᠎ᠠ᠃ ᠰᠠᠯᠠᠭ᠎ᠠ ᠮᠥᠴᠢᠷ ᠠᠯᠤᠰᠯᠠᠭᠰᠠᠨ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠲᠣᠭᠲᠠᠴᠠ ᠶᠢ ᠱᠠᠲᠤ ᠳᠠᠷᠠᠭᠠᠯᠠᠨ ᠪᠠᠶᠢᠭᠤᠯᠵᠤ᠂ ᠲᠦᠭᠰᠢᠭᠦᠷᠢ ᠶᠢᠨ ᠴᠡᠭ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠨ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃  ᠳᠥᠷᠪᠡ᠂ ᠬᠢᠨᠠᠨ ᠬᠡᠮᠵᠢᠵᠦ ᠬᠠᠪᠰᠤᠷᠤᠨ ᠲᠡᠳᠬᠦᠬᠦ ᠪᠣᠳᠠᠲᠠᠶ ᠡᠭᠦᠷᠭᠡ ᠶᠢ ᠲᠣᠳᠣᠷᠬᠠᠶᠢᠯᠠᠬᠤ ᠬᠡᠷᠡᠭᠲᠡᠶ  ︽ᠮᠡᠳᠡᠭᠳᠡᠯ︾ ᠳᠤ ᠨᠥᠬᠦᠴᠡᠯ ᠳᠤ ᠨᠡᠶᠢᠴᠡᠬᠦ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢᠨ ᠡᠪᠡᠳᠴᠢᠲᠡᠨ ᠳᠤ ᠨᠠᠷᠢᠯᠢᠭ ᠣᠨᠣᠴᠠᠲᠠᠶ ᠪᠠᠷ ᠶᠡᠷᠦᠩᠬᠡᠶᠢᠯᠡᠨ ᠬᠠᠪᠰᠤᠷᠤᠨ ᠲᠡᠳᠬᠦᠬᠦ ᠶᠢ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ ᠨᠢᠭᠡ ᠳᠤ ᠲᠣᠭᠲᠠᠭᠠᠯ ᠶᠣᠰᠣᠭᠠᠷ ᠡᠮᠴᠢᠯᠡᠭᠡᠨ ᠤ ᠠᠪᠤᠷᠠᠨ ᠲᠤᠰᠠᠯᠠᠯᠲᠠ ᠶᠢ ᠣᠯᠭᠤᠨ᠎ᠠ᠃ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠡᠮᠴᠢᠯᠡᠭᠡᠨ ᠤ ᠶᠡᠭᠡ ᠵᠠᠷᠤᠳᠠᠯ ᠤᠨ ᠡᠭᠦᠷᠭᠡᠯᠡᠯ ᠲᠠᠢ ᠡᠪᠡᠳᠴᠢᠲᠡᠨ ᠳᠤ ᠭᠤᠷᠪᠠᠨ ᠳᠠᠪᠬᠤᠷ ᠲᠣᠭᠠᠴᠠᠭ᠎ᠠ ᠬᠢᠬᠦ ᠶᠡᠷᠦᠩᠬᠡᠶᠢᠯᠡᠭᠰᠡᠨ ᠪᠠᠲᠤᠯᠠᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠡᠲᠡᠭᠡᠳ ᠤᠨ ᠡᠮᠴᠢᠯᠡᠭᠡᠨ ᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠲᠡᠳᠡᠨ ᠤ ᠬᠦᠴᠢᠷᠳᠡᠯ ᠲᠠᠢ ᠪᠡᠶ᠎ᠡ ᠬᠡᠮ ᠤᠨ ᠲᠥᠷᠥᠯ ᠢᠯᠭᠠᠯ ᠢ ᠦᠨᠳᠦᠰᠦᠯᠡᠨ᠂ ᠲᠥᠷᠥᠯ ᠬᠤᠪᠢᠶᠠᠨ ᠠᠪᠤᠷᠠᠨ ᠲᠤᠰᠠᠯᠠᠬᠤ ᠶᠢ ᠣᠨᠣᠪᠴᠢᠲᠠᠶ ᠬᠡᠷᠡᠭᠵᠢᠭᠦᠯᠦᠨ᠎ᠡ᠃ ᠰᠢᠯᠵᠢᠭᠦᠯᠦᠨ ᠡᠮᠨᠡᠭᠦᠯᠬᠦ ᠶᠢ ᠵᠢᠷᠤᠮᠵᠢᠭᠤᠯᠤᠭᠰᠠᠨ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠡᠮᠨᠡᠭᠦᠯᠬᠦ ᠡᠭᠦᠷᠭᠡᠯᠡᠯ ᠢᠶᠠᠷ ᠨᠡᠯᠢᠶᠡᠳ ᠬᠦᠨᠳᠦ ᠠᠪᠤᠷᠠᠨ ᠲᠤᠰᠠᠯᠠᠬᠤ ᠡᠲᠡᠭᠡᠳ ᠲᠤ ᠬᠡᠯᠪᠠᠶᠢᠵᠦ ᠠᠪᠤᠷᠠᠨ ᠲᠤᠰᠠᠯᠠᠬᠤ ᠡᠷᠴᠢᠮ ᠢ ᠨᠢᠭᠡᠳᠦᠯᠲᠡᠶ ᠲᠥᠯᠥᠪᠯᠡᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠤᠨ ᠳᠠᠷᠤᠭᠠᠰᠤ ᠶᠢ ᠬᠦᠴᠦᠯᠡᠨ ᠬᠥᠩᠭᠡᠷᠡᠭᠦᠯᠦᠨ᠎ᠡ᠃ ᠬᠤᠶᠠᠷ ᠲᠤ᠂ ᠶᠡᠷᠦᠩᠬᠡᠶᠢᠯᠡᠨ ᠬᠠᠪᠰᠤᠷᠤᠨ ᠲᠡᠳᠬᠦᠬᠦ ᠶᠢ ᠬᠠᠮᠲᠤᠷᠠᠨ ᠬᠡᠷᠡᠭᠵᠢᠭᠦᠯᠦᠨ᠎ᠡ᠃ ᠭᠤᠷᠪᠠᠨ ᠳᠠᠪᠬᠤᠷ ᠳᠦᠷᠢᠮ ᠤᠨ ᠪᠠᠲᠤᠯᠠᠭ᠎ᠠ ᠪᠠᠷ ᠳᠠᠮᠵᠢᠭᠠᠳ ᠡᠮᠴᠢᠯᠡᠭᠡᠨ ᠤ ᠵᠠᠷᠤᠳᠠᠯ ᠤᠨ ᠳᠠᠷᠤᠭᠠᠰᠤ ᠨᠢ ᠮᠥᠨ ᠬᠦ ᠨᠡᠯᠢᠶᠡᠳ ᠬᠦᠨᠳᠦ ᠬᠢᠨᠠᠨ ᠬᠡᠮᠵᠢᠵᠦ ᠰᠡᠷᠡᠮᠵᠢᠯᠡᠭᠦᠯᠬᠦ ᠡᠲᠡᠭᠡᠳ ᠲᠤ ᠡᠯ᠎ᠡ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠢ ᠡᠪᠡᠳᠴᠢᠲᠡᠨ ᠤ ᠵᠠᠷᠤᠳᠠᠯ ᠤᠨ ᠳᠠᠷᠤᠭᠠᠰᠤ ᠶᠢᠨ ᠮᠡᠳᠡᠭᠡ ᠵᠠᠩᠭᠢ ᠶᠢ ᠠᠳᠠᠯᠢ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ ᠭᠡᠵᠦ ᠱᠠᠭᠠᠷᠳᠠᠪᠠ᠃ ᠰᠤᠮᠤ ︵ᠰᠢᠶᠠᠩ ᠪᠠᠯᠭᠠᠰᠤ︶᠂ ᠭᠠᠴᠠᠭ᠎ᠠ ᠲᠣᠰᠬᠤᠨ ᠤ ᠺᠠᠳ᠋ᠷ ᠡᠷᠦᠬᠡ ᠳᠤ ᠬᠦᠷᠴᠦ ᠬᠢᠨᠠᠨ ᠬᠠᠷᠭᠤᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠬᠦ ᠡᠲᠡᠭᠡᠳ ᠤᠨ ᠢᠯᠭᠠᠨ ᠲᠠᠨᠢᠬᠤ ᠪᠠᠷᠢᠮᠵᠢᠶ᠎ᠠ ᠳᠤ ᠨᠡᠶᠢᠴᠡᠭᠰᠡᠨ ᠮᠠᠯᠵᠢᠬᠤ ᠲᠠᠷᠢᠶᠠᠯᠠᠬᠤ ᠡᠷᠦᠬᠡ ᠶᠢ ᠴᠠᠭ ᠲᠤᠬᠠᠶ ᠳᠤᠨᠢ ᠬᠠᠪᠰᠤᠷᠤᠨ ᠲᠡᠳᠬᠦᠬᠦ ᠳᠤ ᠣᠷᠣᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠬᠦ ᠡᠲᠡᠭᠡᠳ ᠲᠤ ᠨᠢᠭᠡᠨᠲᠡ ᠣᠷᠣᠭᠤᠯᠤᠭᠰᠠᠨ ᠪᠠᠶᠢᠪᠠᠯ᠂ ᠬᠠᠮᠲᠤᠷᠠᠨ ᠬᠥᠳᠡᠯᠦᠯᠴᠡᠵᠦ ᠪᠠᠶᠢᠭᠠᠳ ᠶᠡᠷᠦᠩᠬᠡᠶᠢᠯᠡᠨ ᠬᠠᠪᠰᠤᠷᠤᠨ ᠲᠡᠳᠬᠦᠨ᠎ᠡ᠃ ᠬᠤᠳᠠᠯᠳᠤᠭᠠᠨ ᠤ ᠳᠠᠭᠠᠳᠬᠠᠯ᠂ ᠨᠢᠭᠦᠯᠡᠰᠦᠩᠭᠦᠶ ᠶᠢᠨ ᠬᠠᠪᠰᠤᠷᠤᠨ ᠲᠡᠳᠬᠦᠬᠦ᠂ ᠬᠠᠶᠢᠷ᠎ᠠ ᠬᠠᠯᠠᠮᠵᠢ ᠶᠢᠨ ᠲᠤᠰᠠᠯᠠᠮᠵᠢ ᠦᠵᠡᠭᠦᠯᠬᠦ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠬᠦᠴᠢᠷᠳᠡᠯᠲᠡᠶ ᠣᠯᠠᠨ ᠲᠦᠮᠡᠨ ᠤ ᠳᠤᠮᠳᠠ ᠳᠡᠭᠡᠳᠦ ᠵᠡᠷᠭᠡ ᠶᠢᠨ ᠵᠠᠷᠤᠳᠠᠯ ᠤᠨ ᠳᠠᠷᠤᠭᠠᠰᠤ ᠲᠠᠢ ᠡᠪᠡᠳᠴᠢᠲᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠭᠤᠷᠪᠠ ᠳᠤ ᠭᠠᠷᠳᠠᠨ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠡᠷᠬᠢᠯᠡᠨ ᠭᠦᠢᠴᠡᠳᠬᠡᠬᠦ ᠦᠢᠯᠡᠴᠢᠯᠡᠭᠡᠨ ᠢ ᠰᠢᠯᠢᠳᠡᠭᠵᠢᠭᠦᠯᠦᠨ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠪᠣᠯᠤᠨ ᠨᠡᠶᠢᠭᠡᠮ ᠤᠨ ᠬᠦᠴᠦᠨ ᠳᠤ ᠲᠦᠰᠢᠭᠯᠡᠨ᠂ ᠦᠢᠯᠡᠴᠢᠯᠡᠭᠡᠨ ᠤ ᠲᠣᠤᠷ ᠰᠦᠯᠵᠢᠶ᠎ᠡ ᠶᠢ ᠤᠷᠲᠤᠳᠬᠠᠨ᠂ ᠦᠢᠯᠡᠴᠢᠯᠡᠭᠡᠨ ᠤ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠠᠬᠢᠭᠤᠯᠤᠨ᠎ᠠ᠃  ᠡᠭᠦᠨ ᠠᠴᠠ ᠭᠠᠳᠠᠨ᠎ᠠ᠂ ︽ᠮᠡᠳᠡᠭᠳᠡᠯ︾ ᠳᠤ ᠪᠠᠰᠠ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠡᠯ᠎ᠡ ᠭᠠᠵᠠᠷ ᠤᠨ ᠬᠢᠨ ᠰᠠᠯᠠᠭ᠎ᠠ ᠮᠥᠴᠢᠷ ᠤᠨ ᠬᠤᠭᠤᠷᠣᠨᠳᠣᠬᠢ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠵᠤ ᠬᠠᠷᠢᠴᠠᠭᠤᠯᠬᠤ ᠪᠠ ᠬᠠᠮᠲᠤ ᠪᠠᠷ ᠡᠳ᠋ᠯᠡᠬᠦ ᠴᠠᠭ ᠬᠤᠭᠤᠴᠠᠭᠠᠲᠤ ᠴᠢᠨᠠᠷ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号