ᠤᠷᠢᠳᠴᠢᠯᠠᠨ ᠴᠡᠨᠡᠭᠯᠡᠬᠦ ᠵᠠᠯᠠᠭᠤᠷ ᠬᠤᠭᠤᠯᠠᠶᠢᠲᠤ ᠤᠬᠢᠶᠠᠭᠤᠷ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/7/21
ᠡᠯ᠎ᠡ ᠬᠤᠯᠪᠣᠭᠠᠨ ᠤ ᠪᠦᠷᠢᠯᠳᠦᠬᠦᠨ ᠨᠢᠭᠡᠴᠢ᠄  ᠲᠢᠶᠠᠨᠵᠢᠨ ᠬᠤᠲᠠ᠂ ᠭᠢᠷᠢᠨ ᠮᠤᠵᠢ᠂ ᠬᠠᠷᠠᠮᠥ᠋ᠷᠡᠨ ᠮᠤᠵᠢ᠂ ᠵᠢᠶᠠᠩᠰᠢ ᠮᠤᠵᠢ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠬᠠᠶᠢᠨᠠᠨ ᠮᠤᠵᠢ᠂ ᠭᠥᠢᠵᠸᠦ ᠮᠤᠵᠢ᠂ ᠲᠥᠪᠡᠳ ᠤᠨ ᠥᠪᠡᠷᠲᠡᠭᠡᠨ ᠵᠠᠰᠠᠬᠤ ᠣᠷᠣᠨ᠂ ᠱᠠᠨᠰᠢ ᠮᠤᠵᠢ᠂ ᠭᠠᠨᠰᠦ ᠮᠤᠵᠢ᠂ ᠬᠥᠬᠡᠨᠠᠭᠤᠷ ᠮᠤᠵᠢ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠶᠢᠳᠠᠯᠭ᠎ᠠ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠤᠷᠢᠳᠴᠢᠯᠠᠨ ᠴᠡᠨᠡᠭᠯᠡᠬᠦ ᠵᠠᠯᠠᠭᠤᠷ ᠬᠤᠭᠤᠯᠠᠶᠢᠲᠤ ᠤᠬᠢᠶᠠᠭᠤᠷ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠵᠣᠬᠢᠶᠠᠨ ᠪᠠᠢᠭᠤᠯᠤᠨ ᠥᠷᠨᠢᠭᠦᠯᠵᠦ᠂ ᠡᠳᠦᠭᠡ ᠬᠤᠯᠪᠣᠭᠠᠨ ᠤ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠣᠰ ᠭᠠᠵᠠᠷ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢ ᠬᠠᠮᠵᠢᠨ ᠵᠣᠬᠢᠶᠠᠨ ᠪᠠᠶᠢᠭᠤᠯᠵᠤ ᠤᠷᠢᠳᠴᠢᠯᠠᠨ ᠴᠡᠨᠡᠭᠯᠡᠬᠦ ᠵᠠᠯᠠᠭᠤᠷ  ᠬᠤᠭᠤᠯᠠᠶᠢᠲᠤ ᠤᠬᠢᠶᠠᠭᠤᠷ ᠤᠨ ᠲᠡᠦᠬᠡᠨ ᠲᠤᠭ᠎ᠠ ᠪᠠᠷᠢᠮᠲᠠ ᠪᠠ ᠬᠤᠳᠠᠯᠳᠤᠨ ᠠᠪᠬᠤ ᠬᠡᠷᠡᠭᠴᠡᠭᠡ ᠶᠢᠨ ᠬᠡᠮᠵᠢᠶ᠎ᠡ ᠶᠢ ᠲᠠᠭᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠪᠣᠳᠠᠲᠠᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠬᠡᠪᠴᠢᠶ᠎ᠡ  ᠡᠭᠦᠨ ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠲᠥᠷᠥᠯ ᠠᠩᠭᠢᠯᠠᠯ ᠬᠢᠭᠡᠳ ᠣᠷᠣᠯᠠᠬᠤ ᠨᠣᠮᠧᠷ ᠨᠢ C142313 ᠡᠬᠢᠨ ᠳᠤ ᠬᠤᠭᠤᠴᠠᠭᠠᠨ ᠳᠤ ᠬᠢᠵᠠᠭᠠᠷᠯᠠᠭᠳᠠᠬᠤ ᠦᠭᠡᠢ ᠦᠢᠯᠡᠳᠬᠦᠨ ᠪᠠᠭᠲᠠᠨ᠎ᠠ᠃  ᠬᠤᠶᠠᠷ᠂ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠳᠤ ᠣᠷᠣᠯᠴᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠡᠪᠴᠢᠶ᠎ᠡ  ᠬᠤᠯᠪᠣᠭᠠᠨ ᠤ ᠭᠠᠵᠠᠷ ᠣᠷᠣᠨ ᠤ ᠪᠤᠶ ᠪᠦᠬᠦᠢ ᠬᠤᠯᠪᠣᠭᠳᠠᠯ ᠪᠦᠬᠦᠢ ᠬᠤᠷᠣᠭᠳᠠᠯ ᠮᠠᠲ᠋ᠧᠷᠢᠶᠠᠯ ᠢ ᠬᠡᠷᠡᠭᠯᠡᠭᠰᠡᠨ ᠠᠯᠪᠠᠨ ᠠᠴᠠ ᠡᠷᠬᠢᠯᠡᠭᠰᠠᠨ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠂ ᠳᠣᠣᠷᠠᠬᠢ ᠠᠳᠠᠯᠢ︶ ᠨᠢ ᠬᠤᠳᠠᠯᠳᠤᠨ ᠠᠪᠬᠤ ᠬᠤᠯᠪᠣᠭ᠎ᠠ ᠶᠢ ᠪᠦᠷᠢᠯᠳᠦᠭᠦᠯᠵᠦ᠂ ᠡᠯ᠎ᠡ ᠭᠠᠵᠠᠷ ᠤᠨ ᠬᠤᠳᠠᠯᠳᠤᠨ ᠠᠪᠬᠤ ᠭᠤᠤᠯ ᠴᠣᠭᠴᠠ ᠪᠣᠯᠤᠭᠰᠠᠨ ᠤ ᠬᠤᠪᠢ ᠳᠤ ᠲᠣᠰ ᠤᠳᠠᠭᠠᠨ ᠤ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠬᠡᠷᠡᠭᠵᠢᠭᠦᠯᠵᠦ᠂ ᠲᠣᠰ ᠤᠳᠠᠭᠠᠨ ᠤ ᠲᠠᠭᠯᠠᠨ ᠮᠡᠳᠡᠭᠦᠯᠬᠦ ᠠᠵᠢᠯ ᠳᠤ ᠣᠷᠣᠯᠴᠠᠬᠤ ᠬᠡᠷᠡᠭᠲᠡᠶ᠃ ᠪᠤᠰᠤᠳ ᠡᠮᠴᠢᠯᠡᠭᠡᠨ ᠤ ᠪᠠᠶᠢᠭᠤᠯᠤᠮᠵᠢ ᠨᠢ ᠪᠠᠶᠢᠭ᠎ᠠ ᠭᠠᠵᠠᠷ ᠤᠨ ᠢᠶᠠᠨ ᠬᠤᠯᠪᠣᠭᠠᠯᠠᠭᠰᠠᠨ ᠭᠠᠵᠠᠷ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠷᠣᠯᠴᠠᠨ᠎ᠠ᠃  ᠭᠤᠷᠪᠠ᠂ ᠲᠠᠭᠯᠠᠨ ᠮᠡᠳᠡᠭᠦᠯᠬᠦ ᠠᠭᠤᠯᠭ᠎ᠠ  ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠲᠡᠦᠬᠡᠨ ᠲᠤᠭ᠎ᠠ ᠪᠠᠷᠢᠮᠲᠠ  ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠲᠣᠰ ᠨᠢᠭᠡᠴᠢ ᠶᠢᠨ ᠢᠶᠠᠨ 2022 ᠣᠨ ᠤ ᠲᠣᠰ ᠤᠳᠠᠭᠠᠨ ᠤ ᠲᠠᠭᠯᠠᠨ ᠮᠡᠳᠡᠭᠦᠯᠬᠦ ᠬᠡᠪᠴᠢᠶᠡᠨ ᠳᠠᠬᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ᠂ ᠬᠤᠳᠠᠯᠳᠤᠨ ᠠᠪᠤᠭᠰᠠᠨ ᠨᠢᠭᠡᠴᠢ ᠦᠨ᠎ᠡ ᠵᠡᠷᠭᠡ ᠬᠤᠯᠪᠣᠭᠳᠠᠯ ᠪᠥᠬᠦᠶ ᠬᠤᠳᠠᠯᠳᠤᠨ ᠠᠪᠤᠭᠰᠠᠨ ᠲᠡᠤᠬᠡᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠨ᠎ᠡ᠃ ᠳᠠᠩᠰᠠᠯᠠᠭᠤᠯᠤᠭᠰᠠᠨ ᠦᠨᠡᠮᠯᠡᠯ ᠲᠠᠢ ᠬᠠᠷᠠᠭᠠᠯᠵᠠᠭᠰᠠᠨ ᠦᠢᠯᠡᠳᠭᠦᠨ ᠤ ᠲᠤᠭ᠎ᠠ ᠬᠡᠮᠵᠢᠶ᠎ᠡ ︵ᠨᠢᠭᠡᠴᠢ᠄ ᠬᠤᠪᠢ︶᠂ ᠪᠣᠳᠠᠲᠠᠶ ᠪᠠᠷ ᠬᠡᠪ ᠪᠠᠷᠢᠮᠵᠢᠶ᠎ᠠ ᠳᠤ ᠬᠦᠷᠲᠡᠯ᠎ᠡ᠂ ᠨᠢᠭᠡ ᠬᠡᠪ ᠪᠠᠷᠢᠮᠵᠢᠶ᠎ᠠ ᠳᠤ ᠠᠳᠠᠯᠢ ᠪᠤᠰᠤ ᠬᠤᠳᠠᠯᠳᠤᠨ ᠠᠪᠬᠤ ᠨᠢᠭᠡᠴᠢ ᠦᠨ᠎ᠡ ᠣᠷᠣᠰᠢᠵᠤ᠂ ᠬᠠᠮᠤᠭ ᠤᠨ ᠳᠣᠤᠷ᠎ᠠ ᠬᠤᠳᠠᠯᠳᠤᠨ ᠠᠪᠬᠤ ᠦᠨ᠎ᠡ ᠵᠡᠷᠭᠡ ᠶᠢ ᠲᠠᠭᠯᠠᠨ ᠪᠢᠴᠢᠨ᠎ᠡ᠃  ︵ᠬᠤᠶᠠᠷ︶ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠴᠡᠭᠡ ᠱᠠᠭᠠᠷᠳᠠᠯᠭ᠎ᠠ ᠪᠠᠷ ᠬᠤᠳᠠᠯᠳᠤᠨ ᠠᠪᠬᠤ ᠲᠤᠭ᠎ᠠ ᠪᠠᠷᠢᠮᠲᠠ  ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠲᠣᠰ ᠨᠢᠭᠡᠴᠢ ᠶᠢᠨ ᠢᠶᠠᠨ ᠢᠷᠡᠭᠡᠳᠦᠶ ᠶᠢᠨ ᠨᠢᠭᠡ ᠵᠢᠯ ᠤᠨ ᠲᠣᠰ ᠤᠳᠠᠭᠠᠨ ᠤ ᠲᠠᠭᠯᠠᠨ ᠮᠡᠳᠡᠭᠦᠯᠬᠦ ᠬᠡᠪᠴᠢᠶᠡᠨ ᠳᠠᠬᠢ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠬᠡᠷᠡᠭᠴᠡᠭᠡ ᠱᠠᠭᠠᠷᠳᠠᠯᠭ᠎ᠠ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠶᠢ ᠲᠠᠭᠯᠠᠨ ᠮᠡᠳᠡᠭᠦᠯᠦᠨ᠎ᠡ᠃ ᠠᠯᠢᠪᠠ ᠳᠠᠩᠰᠠᠯᠠᠭᠤᠯᠤᠭᠰᠠᠨ ᠦᠨᠡᠮᠯᠡᠯ ᠲᠠᠢ ᠬᠠᠷᠠᠭᠠᠯᠵᠠᠭᠰᠠᠨ ᠦᠢᠯᠡᠳᠬᠦᠨ ᠤ ᠲᠤᠭ᠎ᠠ ︵ᠨᠢᠭᠡᠴᠢ᠄ ᠬᠤᠪᠢ︶᠂ ᠪᠣᠳᠠᠲᠠᠶ ᠬᠡᠪ ᠪᠠᠷᠢᠮᠵᠢᠶ᠎ᠠ ᠬᠡᠯᠪᠡᠷᠢ ᠳᠤ ᠨᠢ ᠬᠦᠷᠦᠨ᠎ᠡ᠃  ︵ᠭᠤᠷᠪᠠ︶ ᠰᠢᠰᠲ᠋ᠧᠮ ᠳᠤᠲᠠᠮᠠᠭ ᠦᠢᠯᠡᠳᠬᠦᠨ ᠨᠡᠮᠡᠨ ᠨᠥᠬᠦᠬᠦ ᠲᠤᠭ᠎ᠠ ᠪᠠᠷᠢᠮᠲᠠ  ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠲᠡᠤᠬᠡ ᠶᠢᠨ ᠬᠤᠳᠠᠯᠳᠤᠨ ᠠᠪᠬᠤ ᠲᠤᠭ᠎ᠠ ᠪᠠᠷᠢᠮᠲᠠ ᠪᠠ ᠬᠡᠷᠡᠭᠴᠡᠭᠡ ᠱᠠᠭᠠᠷᠳᠠᠯᠭ᠎ᠠ ᠶᠢ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠶᠠᠪᠤᠴᠠ ᠳᠤ᠂ ᠬᠡᠷᠪᠡ ᠲᠠᠭᠯᠠᠨ ᠮᠡᠳᠡᠭᠦᠯᠬᠦ ᠬᠡᠪᠴᠢᠶᠡᠨ ᠳᠣᠲᠣᠷᠠᠬᠢ ᠦᠢᠯᠡᠳᠭᠦᠨ ᠨᠢ ᠳᠤᠲᠠᠭᠳᠠᠯ ᠲᠠᠢ ᠪᠠᠶᠢᠬᠤ ᠶᠢ ᠣᠯᠵᠤ ᠮᠡᠳᠡᠪᠡᠯ᠂ ᠬᠤᠯᠪᠣᠭᠳᠠᠯ ᠪᠥᠬᠦᠶ ᠮᠡᠷᠭᠡᠵᠢᠯ ᠤᠨ ᠠᠵᠢᠯᠲᠠᠨ ᠲᠠᠢ ᠴᠠᠭ ᠲᠤᠬᠠᠶ ᠳᠤᠨᠢ ᠨᠡᠪᠲᠡᠷᠡᠯᠴᠡᠵᠦ᠂ ᠨᠤᠲᠠᠯᠠᠭᠰᠠᠨ ᠤ ᠳᠠᠷᠠᠭ᠎ᠠ ᠨᠡᠮᠡᠵᠦ ᠨᠥᠬᠦᠪᠥᠷᠢᠯᠡᠵᠦ ᠪᠣᠯᠤᠨ᠎ᠠ᠃  ︵ᠲᠦᠷᠪᠡ︶ ᠬᠤᠯᠪᠣᠭᠠᠯᠠᠭᠰᠠᠨ ᠮᠤᠵᠢ ᠣᠷᠣᠨ ᠤ ᠳᠡᠰ ᠤᠨ ᠰᠦᠯᠵᠢᠶᠡᠨ ᠳᠤ ᠬᠤᠯᠪᠤᠬᠤ ᠦᠨ᠎ᠡ  ᠡᠯ᠎ᠡ ᠬᠤᠯᠪᠣᠭᠠᠨ ᠤ ᠭᠠᠵᠠᠷ ᠣᠷᠣᠨ ᠤ ᠮᠤᠵᠢ ᠶᠢᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠲᠣᠰ ᠤᠳᠠᠭᠠᠨ ᠤ ᠲᠠᠭᠯᠠᠨ ᠮᠡᠳᠡᠭᠦᠯᠬᠦ ᠬᠡᠪᠴᠢᠶᠡᠨ ᠳᠠᠬᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠣᠰ ᠮᠤᠵᠢ ᠶᠢᠨ ᠰᠦᠯᠵᠢᠶᠡᠨ ᠳᠤ ᠬᠤᠯᠪᠤᠭᠰᠠᠨ ᠦᠨ᠎ᠡ ᠬᠠᠩᠰᠢ ᠶᠢ ᠲᠠᠭᠯᠠᠨ ᠮᠡᠳᠡᠭᠦᠯᠦᠨ᠎ᠡ᠃  ᠳᠥᠷᠪᠡ᠂ ᠲᠠᠭᠯᠠᠨ ᠮᠡᠳᠡᠭᠦᠯᠬᠦ ᠴᠤᠪᠤᠷᠠᠯ  ︵ᠨᠢᠭᠡ︶ ᠳᠠᠩᠰᠠᠨ ᠨᠣᠮᠧᠷ ᠡᠭᠦᠰᠭᠡᠬᠦ ᠪᠠ ᠲᠠᠷᠬᠠᠭᠠᠬᠤ  ᠲᠣᠰ ᠤᠳᠠᠭᠠᠨ ᠤ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠵᠡᠷᠭᠡ ᠠᠵᠢᠯ ᠨᠢ ᠮᠤᠵᠢ ᠶᠢᠨ ᠬᠤᠭᠤᠷᠣᠨᠳᠣᠬᠢ ᠬᠤᠯᠪᠣᠭᠠᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠯᠪᠣᠭᠠᠯᠠᠨ ᠬᠤᠳᠠᠯᠳᠤᠨ ᠠᠪᠬᠤ ᠲᠠᠪᠴᠠᠩ ︵ᠳᠣᠣᠷᠠᠬᠢ ︽ᠰᠢᠰᠲ᠋ᠧᠮ︾ ᠭᠡᠵᠦ ᠲᠣᠪᠴᠢᠯᠠᠨ᠎ᠠ︶ ᠲᠤ ᠲᠦᠰᠢᠭᠯᠡᠨ᠂ ᠰᠦᠯᠵᠢᠶᠡᠨ ᠤ       ᠬᠠᠶ᠋ᠢᠭ᠄ http://www.nmgyxcg.cn᠄ 9111/︶ ᠳᠤ ᠲᠦᠰᠢᠭᠯᠡᠨ ᠥᠷᠨᠢᠭᠦᠯᠦᠨ᠎ᠡ᠃ ᠡᠯ᠎ᠡ ᠬᠤᠯᠪᠣᠭᠠᠨ ᠤ ᠮᠤᠵᠢ ᠣᠷᠣᠨ ᠤ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠳᠠᠩᠰᠠᠯᠠᠬᠤ ᠰᠢᠰᠲ᠋ᠧᠮ ᠤᠨ ᠲᠠᠩᠰᠠᠨ ᠨᠣᠮᠧᠷ ᠪᠠ ᠠᠩᠬᠠᠨ ᠤ ᠨᠢᠭᠤᠴᠠ ᠨᠣᠮᠧᠷ ᠢ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠬᠠᠷᠢᠭᠤᠴᠠᠨ ᠣᠯᠭᠤᠨ᠎ᠠ᠃ ᠡᠯ᠎ᠡ ᠬᠤᠯᠪᠣᠭᠠᠨ ᠤ ᠭᠠᠵᠠᠷ ᠣᠷᠣᠨ ᠤ ᠮᠤᠵᠢ ᠶᠢᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠰᠢᠰᠲ᠋ᠧᠮ ᠳᠤ ᠳᠠᠩᠰᠠᠯᠠᠭᠰᠠᠨ ᠤ ᠳᠠᠷᠠᠭ᠎ᠠ᠂ ︽ᠬᠡᠷᠡᠭᠯᠡᠭᠴᠢ ᠶᠢᠨ ᠬᠠᠮᠢᠶᠠᠷᠤᠯᠲᠠ︾ — ︽ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ︾ ᠶᠢᠨ ᠬᠡᠰᠡᠭ ᠲᠤ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ ᠨᠣᠮᠧᠷ ᠤᠨ ᠮᠡᠳᠡᠭᠡ ᠵᠠᠩᠭᠢ ᠶᠢ ᠬᠥᠲᠥᠯᠦᠨ ᠭᠠᠷᠭᠠᠵᠤ᠂ ᠬᠡᠷᠪᠡ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ ᠨᠣᠮᠧᠷ ᠢ ᠰᠢᠨ᠎ᠡ ᠪᠠᠷ ᠨᠡᠮᠡᠭᠳᠡᠭᠦᠯᠬᠦ ᠴᠢᠬᠤᠯᠠᠲᠠᠶ ᠪᠣᠯ ᠬᠠᠷᠢᠶᠠᠲᠤ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠣᠷᠣᠭᠤᠯᠬᠤ ᠪᠤᠶᠤ ︽ᠲᠠᠩᠰᠠᠨ ᠨᠣᠮᠧᠷ ᠢ ᠰᠢᠨ᠎ᠡ ᠪᠠᠷ ᠨᠡᠮᠡᠭᠳᠡᠭᠦᠯᠬᠦ︾ ᠶᠢ ᠳᠣᠲᠣᠯᠠᠵᠤ ᠠᠵᠢᠯᠯᠠᠭᠤᠯᠬᠤ ᠶᠢᠨ ᠬᠠᠮᠲᠤ ᠬᠠᠷᠢᠶᠠᠲᠤ ᠣᠷᠣᠨ ᠤ ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤᠨᠢ ᠨᠢᠭᠤᠴᠠ ᠨᠣᠮᠧᠷ ᠢ ᠳᠠᠬᠢᠨ ᠲᠣᠬᠢᠷᠠᠭᠤᠯᠬᠤ ᠶᠢ ᠰᠠᠨᠠᠭᠤᠯᠵᠤ ᠪᠣᠯᠤᠨ᠎ᠠ᠃   ︵ᠬᠤᠶᠠᠷ︶ ᠡᠮᠴᠢᠯᠡᠭᠡᠨ ᠤ ᠪᠠᠶᠢᠭᠤᠯᠤᠮᠵᠢ ᠶᠢᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ  ᠡᠯ᠎ᠡ ᠬᠤᠯᠪᠣᠭᠳᠠᠯ ᠪᠥᠬᠦᠶ ᠡᠮᠴᠢᠯᠡᠭᠡᠨ ᠤ ᠪᠠᠶᠢᠭᠤᠯᠤᠮᠵᠢ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠳᠠᠩᠰᠠᠯᠠᠬᠤ ᠰᠢᠰᠲ᠋ᠧᠮ ᠤᠨ ︽ᠳᠡᠭᠡᠭᠰᠢ ᠮᠡᠳᠡᠭᠦᠯᠬᠦ ᠬᠠᠮᠢᠶᠠᠷᠤᠯᠲᠠ ᠶᠢᠨ ᠭᠤᠶᠤᠴᠢᠯᠠᠨ ᠮᠡᠳᠡᠭᠦᠯᠬᠦ︾ ᠵᠠᠭᠪᠤᠷ ᠪᠠᠶᠢᠵᠤ᠂ ᠲᠡᠤᠬᠡ ᠶᠢᠨ ᠬᠤᠳᠠᠯᠳᠤᠨ ᠠᠪᠬᠤ ᠲᠤᠭ᠎ᠠ ᠪᠠᠷᠢᠮᠲᠠ ᠪᠠ ᠬᠡᠷᠡᠭᠴᠡᠭᠡ ᠱᠠᠭᠠᠷᠳᠠᠯᠭ᠎ᠠ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠪᠡᠶᠡᠯᠡᠭᠦᠯᠦᠨ᠎ᠡ᠃ ᠡᠯ᠎ᠡ ᠡᠮᠴᠢᠯᠡᠭᠡᠨ ᠤ ᠪᠠᠶᠢᠭᠤᠯᠤᠮᠵᠢ ᠬᠤᠯᠪᠣᠭᠳᠠᠯ ᠪᠥᠬᠦᠶ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠭᠰᠡᠨ ᠤ ᠳᠠᠷᠠᠭ᠎ᠠ᠂ ︽ᠡᠷᠬᠡ ᠣᠯᠭᠤᠬᠤ ᠠᠮᠠᠯᠠᠯᠲᠠ ᠶᠢᠨ ᠪᠢᠴᠢᠭ︾᠂ ︽ᠲᠡᠤᠬᠡᠨ ᠬᠤᠳᠠᠯᠳᠤᠨ ᠠᠪᠬᠤ ᠲᠤᠭ᠎ᠠ ᠪᠠᠷᠢᠮᠲᠠ ᠶᠢᠨ ᠬᠤᠷᠢᠶᠠᠩᠭᠤᠶ ᠬᠦᠰᠦᠨᠦᠭᠲᠦ︾᠂ ︽ᠬᠡᠷᠡᠭᠴᠡᠭᠡ ᠱᠠᠭᠠᠷᠳᠠᠯᠭ᠎ᠠ ᠬᠤᠳᠠᠯᠳᠤᠨ ᠠᠪᠬᠤ ᠲᠤᠭ᠎ᠠ ᠪᠠᠷᠢᠮᠲᠠ ᠶᠢᠨ ᠬᠤᠷᠢᠶᠠᠩᠭᠤᠶ ᠬᠦᠰᠦᠨᠦᠭᠲᠦ︾ ᠶᠢ ᠳᠠᠷᠤᠮᠠᠯᠯᠠᠬᠤ ᠴᠢᠬᠤᠯᠠᠲᠠᠶ᠂ ᠲᠣᠰ ᠨᠢᠭᠡᠴᠢ ᠶᠢᠨ ᠭᠤᠤᠯ ᠬᠠᠷᠢᠭᠤᠴᠠᠯᠭᠠᠲᠠᠨ ᠳᠤ ᠭᠠᠷ ᠤᠨ ᠥᠰᠥᠭ ᠵᠢᠷᠤᠵᠤ ᠨᠤᠲᠠᠯᠠᠭᠤᠯᠵᠤ᠂ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ᠂ ᠰᠢᠰᠲ᠋ᠧᠮ ᠤᠨ ᠳᠣᠲᠣᠷ᠎ᠠ ᠰᠢᠷᠪᠢᠬᠦ ᠡᠯᠧᠺᠲᠷᠣᠨ ᠬᠡᠪᠯᠡᠯ ᠤᠨ ᠪᠢᠴᠢᠭ ᠮᠠᠲ᠋ᠧᠷᠢᠶᠠᠯ ᠢ ᠳᠠᠮᠵᠢᠭᠤᠯᠬᠤ ᠬᠡᠷᠡᠭᠲᠡᠶ᠃  ︵ᠭᠤᠷᠪᠠ︶ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠵᠢᠴᠢ ᠬᠢᠨᠠᠨ ᠬᠠᠷᠭᠤᠭᠤᠯᠬᠤ  1. ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠨ᠎ᠡ᠃ ᠡᠯ᠎ᠡ ᠬᠤᠯᠪᠣᠭᠠᠨ ᠤ ᠭᠠᠵᠠᠷ ᠣᠷᠣᠨ ᠤ ᠮᠤᠵᠢ ᠶᠢᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠳᠠᠩᠰᠠᠯᠠᠬᠤ ᠰᠢᠰᠲ᠋ᠧᠮ ᠤᠨ ︽ᠳᠡᠭᠡᠭᠰᠢ ᠮᠡᠳᠡᠭᠦᠯᠵᠦ ᠬᠠᠮᠢᠶᠠᠷᠬᠤ︾ — ︽ᠮᠤᠵᠢ ᠶᠢᠨ ᠱᠠᠲᠤᠨ ᠤ ᠰᠦᠯᠵᠢᠶᠡᠨ ᠳᠤ ᠬᠤᠯᠪᠤᠭᠰᠠᠨ ᠦᠨ᠎ᠡ ᠶᠢ ᠲᠠᠭᠯᠠᠨ ᠮᠡᠳᠡᠭᠦᠯᠬᠦ︾ ᠵᠠᠭᠪᠤᠷ ᠲᠤ ᠤᠷᠤᠵᠤ᠂ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠬᠤᠯᠪᠣᠭᠳᠠᠯ ᠪᠥᠬᠦᠶ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠣᠰ ᠮᠤᠵᠢ ᠶᠢᠨ ᠰᠦᠯᠵᠢᠶᠡᠨ ᠳᠤ ᠬᠤᠯᠪᠤᠭᠰᠠᠨ ᠦᠨ᠎ᠡ ᠶᠢ ᠲᠠᠭᠯᠠᠨ ᠮᠡᠳᠡᠭᠦᠯᠦᠨ᠎ᠡ᠃  2. ᠲᠤᠭ᠎ᠠ ᠪᠠᠷᠢᠮᠲᠠ ᠶᠢ ᠬᠢᠨᠠᠨ ᠬᠠᠷᠭᠤᠭᠤᠯᠤᠨ᠎ᠠ᠃ ᠡᠯ᠎ᠡ ᠬᠤᠯᠪᠣᠭᠠᠨ ᠤ ᠭᠠᠵᠠᠷ ᠣᠷᠣᠨ ᠤ ᠮᠤᠵᠢ᠂ ᠬᠤᠲᠠ ᠬᠤᠶᠠᠷ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠳᠠᠩᠰᠠᠯᠠᠬᠤ ᠰᠢᠰᠲ᠋ᠧᠮ ᠤᠨ ︽ᠳᠡᠭᠡᠭᠰᠢ ᠮᠡᠳᠡᠭᠦᠯᠵᠦ ᠬᠠᠮᠢᠶᠠᠷᠤᠭᠤᠯᠬᠤ︾ ᠵᠠᠭᠪᠤᠷ ᠲᠤ ᠣᠷᠣᠵᠤ᠂ ᠬᠠᠷᠢᠶ᠎ᠠ ᠣᠷᠣᠨ ᠤ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ ᠲᠡᠦᠬᠡ ᠶᠢᠨ ᠬᠤᠳᠠᠯᠳᠤᠨ ᠠᠪᠬᠤ ᠲᠤᠭ᠎ᠠ ᠪᠠᠷᠢᠮᠲᠠ᠂ ᠬᠡᠷᠡᠭᠴᠡᠭᠡ ᠱᠠᠭᠠᠷᠳᠠᠯᠭ᠎ᠠ ᠬᠤᠳᠠᠯᠳᠤᠨ ᠠᠪᠬᠤ ᠲᠤᠭ᠎ᠠ ᠪᠠᠷᠢᠮᠲᠠ ᠶᠢ ᠱᠠᠲᠤ ᠳᠠᠷᠠᠭᠠᠯᠠᠨ ᠬᠢᠨᠠᠨ ᠬᠠᠷᠭᠤᠭᠤᠯᠤᠨ᠎ᠠ᠃ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠪᠤᠷᠤᠭᠤ ᠥᠬᠡᠶ ᠪᠠᠶᠢᠬᠤ ᠶᠢ ᠨᠤᠲᠠᠯᠠᠭᠰᠠᠨ ᠤ ᠳᠠᠷᠠᠭ᠎ᠠ᠂ ᠡᠯ᠎ᠡ ᠬᠤᠯᠪᠣᠭᠠᠨ ᠤ ᠭᠠᠵᠠᠷ ᠣᠷᠣᠨ ᠤ ᠮᠤᠵᠢ ᠶᠢᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ 8 ᠳ᠋ᠤᠭᠠᠷ ᠰᠠᠷ᠎ᠠ ᠶᠢᠨ 2 ᠤᠨ ᠡᠳᠦᠷ ᠠᠴᠠ ᠡᠮᠦᠨ᠎ᠡ ᠰᠢᠰᠲ᠋ᠧᠮ ᠢᠶᠠᠷ ᠳᠠᠮᠵᠢᠭᠤᠯᠤᠨ ᠲᠤᠰᠢᠶᠠᠬᠤ ᠶᠢᠨ ᠬᠠᠮᠲᠤ ︽ᠮᠤᠵᠢ ᠶᠢᠨ ᠱᠠᠲᠤᠨ ᠤ ᠲᠡᠦᠬᠡ ᠶᠢᠨ ᠬᠤᠳᠠᠯᠳᠤᠨ ᠠᠪᠬᠤ ᠲᠤᠭ᠎ᠠ ᠪᠠᠷᠢᠮᠲᠠ ᠶᠢᠨ ᠬᠤᠷᠢᠶᠠᠩᠭᠤᠶ ᠬᠦᠰᠦᠨᠦᠭᠲᠦ︾᠂ ︽ᠮᠤᠵᠢ ᠶᠢᠨ ᠱᠠᠲᠤᠨ ᠤ ᠬᠡᠷᠡᠭᠴᠡᠭᠡ ᠱᠠᠭᠠᠷᠳᠠᠯᠭ᠎ᠠ ᠶᠢᠨ ᠬᠤᠳᠠᠯᠳᠤᠨ ᠠᠪᠬᠤ ᠲᠤᠭ᠎ᠠ ᠪᠠᠷᠢᠮᠲᠠ ᠶᠢᠨ ᠬᠤᠷᠢᠶᠠᠩᠭᠤᠶ ᠬᠦᠰᠦᠨᠦᠭᠲᠦ︾ ᠶᠢ ᠰᠢᠯᠵᠢᠭᠦᠯᠦᠨ ᠭᠠᠷᠭᠠᠬᠤ ᠶᠢᠨ ᠬᠠᠮᠲᠤ ᠳᠠᠷᠤᠮᠠᠯᠯᠠᠵᠤ᠂ ᠮᠤᠵᠢ ᠶᠢᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠠᠯᠪᠠᠨ ᠲᠠᠮᠠᠭ᠎ᠠ ᠶᠢ ᠳᠠᠷᠤᠭᠰᠠᠨ ᠤ ᠳᠠᠷᠠᠭ᠎ᠠ᠂ ᠰᠢᠰᠲ᠋ᠧᠮ ᠤᠨ ᠳᠣᠲᠣᠷ᠎ᠠ ᠰᠢᠷᠪᠢᠬᠦ ᠡᠯᠧᠺᠲᠷᠣᠨ ᠬᠡᠪᠯᠡᠯ ᠤᠨ ᠪᠢᠴᠢᠭ ᠮᠠᠲ᠋ᠧᠷᠢᠶᠠᠯ ᠢ ᠳᠠᠮᠵᠢᠭᠤᠯᠤᠨ᠎ᠠ᠃  ᠲᠠᠪᠤ᠂ ᠰᠢᠰᠲ᠋ᠧᠮ ᠤᠨ ᠨᠡᠭᠡᠭᠡᠯᠲᠡ ᠬᠢᠬᠦ ᠴᠠᠭ  2023 ᠣᠨ ᠤ 7 ᠳ᠋ᠤᠭᠠᠷ ᠰᠠᠷ᠎ᠠ ᠶᠢᠨ 24 ᠤ ᠡᠳᠦᠷ ᠤᠨ 9᠄ 00—8 ᠳ᠋ᠤᠭᠠᠷ ᠰᠠᠷ᠎ᠠ ᠶᠢᠨ 2 ᠤᠨ ᠡᠳᠦᠷ ᠤᠨ 17᠄ 00 ᠴᠠᠭ  ᠵᠢᠷᠭᠤᠭ᠎ᠠ᠂ ᠠᠵᠢᠯ ᠤᠨ ᠱᠠᠭᠠᠷᠳᠠᠯᠭ᠎ᠠ  ︵ᠨᠢᠭᠡ︶ ᠡᠯ᠎ᠡ ᠬᠤᠯᠪᠣᠭᠳᠠᠯ ᠪᠥᠬᠦᠶ ᠡᠮᠴᠢᠯᠡᠭᠡᠨ ᠤ ᠪᠠᠶᠢᠭᠤᠯᠤᠮᠵᠢ ᠲᠣᠰ ᠤᠳᠠᠭᠠᠨ ᠤ ᠲᠠᠭᠯᠠᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠲᠤᠰᠬᠠᠶ ᠬᠥᠮᠦᠨ ᠢ ᠵᠢᠭᠠᠨ ᠲᠣᠭᠲᠠᠭᠠᠵᠤ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠥᠬᠦᠶ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠶᠢ ᠬᠠᠷᠢᠭᠤᠴᠠᠭᠤᠯᠵᠤ᠂ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠬᠦᠴᠦᠨ ᠵᠦᠢᠯ ᠪᠦᠷᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃  ︵ᠬᠤᠶᠠᠷ︶ ᠡᠯ᠎ᠡ ᠬᠤᠯᠪᠣᠭᠠᠨ ᠤ ᠭᠠᠵᠠᠷ ᠣᠷᠣᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠱᠠᠭᠠᠷᠳᠠᠯᠭ᠎ᠠ ᠶᠣᠰᠣᠭᠠᠷ ᠲᠠᠭᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠬᠠᠷᠭᠤᠭᠤᠯᠬᠤ᠂ ᠪᠠᠶᠢᠴᠠᠭᠠᠬᠤ ᠶᠢᠨ ᠬᠠᠮᠲᠤ ᠡᠮᠴᠢᠯᠡᠭᠡᠨ ᠤ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠬᠤᠭᠤᠴᠠᠭ᠎ᠠ ᠶᠣᠰᠣᠭᠠᠷ ᠬᠤᠯᠪᠣᠭᠳᠠᠯ ᠪᠥᠬᠦᠶ ᠲᠤᠭ᠎ᠠ ᠪᠠᠷᠢᠮᠲᠠ ᠶᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠬᠦ ᠬᠡᠷᠡᠭᠲᠡᠶ᠃ ᠲᠣᠭᠲᠠᠭᠠᠭᠰᠠᠨ ᠲᠠᠭᠯᠠᠨ ᠮᠡᠳᠡᠭᠦᠯᠬᠦ ᠴᠠᠭ ᠠᠴᠠ ᠬᠡᠲᠦᠷᠡᠪᠡᠯ᠂ ᠵᠠᠷᠴᠢᠮ ᠳᠡᠭᠡᠷ᠎ᠡ ᠪᠠᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠬᠤᠪᠢᠷᠠᠭᠠᠯᠲᠠ ᠶᠢ ᠬᠦᠯᠢᠶᠡᠬᠦ ᠦᠭᠡᠢ᠃ ᠬᠡᠷᠪᠡ ᠦᠨᠡᠨ ᠬᠦ ᠥᠭᠡᠷᠡᠴᠢᠯᠡᠬᠦ ᠴᠢᠬᠤᠯᠠᠲᠠᠶ ᠪᠣᠯ᠂ ᠡᠷᠬᠡᠪᠰᠢ ᠡᠮᠴᠢᠯᠡᠭᠡᠨ ᠤ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ ᠠᠴᠠ ᠭᠠᠷ ᠤᠨ ᠦᠰᠦᠭ ᠵᠢᠷᠤᠵᠤ ᠬᠤᠯᠪᠣᠭᠠᠯᠠᠭᠰᠠᠨ ᠭᠠᠵᠠᠷ ᠣᠷᠣᠨ ᠤ ᠮᠤᠵᠢ ᠶᠢᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠶᠢᠨ ᠬᠠᠮᠲᠤ᠂ ᠮᠤᠵᠢ ᠶᠢᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ ᠲᠠᠮᠠᠭ᠎ᠠ ᠳᠠᠷᠤᠭᠰᠠᠨ ᠤ ᠳᠠᠷᠠᠭ᠎ᠠ ᠮᠤᠵᠢ ᠶᠢᠨ ᠬᠤᠯᠪᠣᠭ᠎ᠠ ᠶᠢᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠦᠷᠭᠡᠬᠦ ᠬᠡᠷᠡᠭᠲᠡᠶ᠃  ︵ᠭᠤᠷᠪᠠ︶ ᠲᠣᠰ ᠤᠳᠠᠭᠠᠨ ᠤ ᠲᠠᠭᠯᠠᠨ ᠮᠡᠳᠡᠭᠦᠯᠬᠦ ᠪᠣᠳᠠᠲᠠᠶ ᠠᠭᠤᠯᠭ᠎ᠠ᠂ ᠲᠠᠭᠯᠠᠨ ᠮᠡᠳᠡᠭᠦᠯᠬᠦ ᠱᠠᠭᠠᠷᠳᠠᠯᠭ᠎ᠠ ᠵᠢᠴᠢ ᠰᠢᠰᠲ᠋ᠧᠮ ᠤᠨ ᠠᠵᠢᠯᠯᠠᠬᠤ ᠠᠷᠭ᠎ᠠ ᠶᠢ ᠰᠢᠰᠲ᠋ᠧᠮ ᠤᠨ ᠳᠣᠲᠣᠷᠠᠬᠢ ᠠᠵᠢᠯᠯᠠᠬᠤ ᠭᠠᠷ ᠳᠡᠪᠲᠡᠷ ᠢ ᠯᠠᠪᠯᠠᠭᠠᠷᠠᠢ᠃  ᠳᠣᠯᠤᠭ᠎ᠠ᠂ ᠬᠠᠷᠢᠯᠴᠠᠬᠤ ᠠᠷᠭ᠎ᠠ ᠮᠠᠶ᠋ᠢᠭ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ    ᠲᠤᠬᠠᠶᠢᠯᠠᠭᠰᠠᠨ ᠠᠵᠢᠯ ᠤᠨ ᠯᠠᠪᠯᠠᠯᠭ᠎ᠠ᠄ 0471—4907213    ᠮᠡᠷᠭᠡᠵᠢᠯ ᠤᠨ ᠳᠡᠮᠵᠢᠯᠭᠡ᠄ 0471—4967106    ᠦᠢᠯᠡᠴᠢᠯᠡᠬᠦ ᠴᠠᠭ᠄ 9᠄ 00—12᠄ 00᠂ 14᠄ 30—18᠄ 00᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠪᠤᠰᠤᠳ ᠡᠳᠦᠷ᠃         ᠮᠤᠵᠢ ᠶᠢᠨ ᠬᠤᠭᠤᠷᠣᠨᠳᠣᠬᠢ ᠬᠤᠯᠪᠤᠭ᠎ᠠ ᠶᠢᠨ ᠬᠤᠳᠠᠯᠳᠤᠨ ᠠᠪᠬᠤ ᠠᠯᠪᠠᠨ ᠭᠡᠷ        ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠣᠷᠣᠯᠠᠨ ᠪᠢᠴᠢᠬᠦ︶        2023 ᠣᠨ ᠤ 7 ᠳ᠋ᠤᠭᠠᠷ ᠰᠠᠷ᠎ᠠ ᠶᠢᠨ 21 ᠤ ᠡᠳᠦᠷ        ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号