ᠵᠣᠬᠢᠶᠠᠮᠠᠯ ᠦᠶ᠎ᠡ ᠭᠡᠰᠢᠭᠦᠦ ᠵᠡᠷᠭᠡ ᠨᠠᠢᠮᠠᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠪᠠ ᠬᠡᠷᠡᠭᠯᠡᠬᠦ ᠠᠵᠢᠯ ᠢ ᠨᠠᠢᠳᠠᠪᠤᠷᠢᠵᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/7/21
  ᠥᠪᠥᠷ ᠡᠮᠴᠢᠯᠡᠭᠡᠨ ᠤ ᠪᠠᠲᠤᠯᠠᠭ᠎ᠠ ᠶᠢᠨ ᠠᠯᠪᠠᠨ ᠥᠰᠥᠭ ﹇2023﹈ 118 ᠳ᠋ᠤᠭᠠᠷ ᠲᠣᠭᠠᠲᠤ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄  ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠵᠠᠰᠠᠯᠲᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠨᠠᠢᠮᠠᠨ ᠰᠠᠯᠠᠭ᠎ᠠ ᠮᠥᠴᠢᠷ ᠤᠨ ︽ᠤᠯᠤᠰ ᠤᠨ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠪᠠ ᠬᠡᠷᠡᠭᠯᠡᠬᠦ ᠶᠢ ᠵᠣᠬᠢᠶᠠᠨ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ︵ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ︵2021︶ 31 ᠳ᠋ᠣᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠵᠣᠬᠢᠶᠠᠮᠠᠯ ᠦᠶ᠎ᠡ ᠭᠡᠰᠢᠭᠦᠦ ᠵᠡᠷᠭᠡ ᠨᠠᠢᠮᠠᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤᠮᠳᠠ ᠰᠣᠩᠭᠤᠭᠰᠠᠨ ᠦᠷ᠎ᠡ ᠳ᠋ᠦᠩ ᠢ ᠮᠠᠨ ᠤ ᠣᠷᠣᠨ ᠳᠤ ᠪᠣᠳᠠᠲᠠᠶ ᠨᠠᠶᠢᠳᠠᠪᠤᠷᠢᠵᠢᠭᠤᠯᠬᠤ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠤᠨ᠎ᠠ᠂ ᠡᠳᠦᠭᠡ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠬᠡᠷᠡᠭᠵᠢᠭᠦᠯᠬᠦ ᠬᠡᠪᠴᠢᠶ᠎ᠡ ᠪᠣᠯᠤᠨ ᠬᠡᠷᠡᠭᠵᠢᠭᠦᠯᠬᠦ ᠴᠠᠭ ᠬᠤᠭᠤᠴᠠᠭ᠎ᠠ  ︵ᠨᠢᠭᠡ︶ ᠬᠡᠷᠡᠭᠵᠢᠭᠦᠯᠬᠦ ᠬᠡᠪᠴᠢᠶ᠎ᠡ᠄ ᠠᠯᠪᠠᠨ ᠠᠴᠠ ᠪᠠᠶᠢᠭᠤᠯᠤᠭᠰᠠᠨ ᠪᠣᠢ ᠪᠦᠬᠦᠢ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠪᠠᠭᠲᠠᠨ᠎ᠠ᠂ ᠳᠣᠣᠷᠠᠬᠢ ᠠᠳᠠᠯᠢ︶ ᠪᠣᠯᠤᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠠᠭ ᠤᠨ ᠨᠡᠶᠢᠭᠡᠮ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ᠃  ︵ᠬᠤᠶᠠᠷ︶ ᠭᠦᠢᠴᠡᠳᠭᠡᠬᠦ ᠴᠠᠭ᠄ 2023 ᠣᠨ ᠤ 8 ᠳ᠋ᠤᠭᠠᠷ ᠰᠠᠷ᠎ᠠ ᠶᠢᠨ 1 ᠤ ᠡᠳᠦᠷ ᠤᠨ ᠲᠡᠭ ᠴᠠᠭ᠃  ᠬᠤᠶᠠᠷ᠂ ᠬᠤᠳᠠᠯᠳᠤᠨ ᠠᠪᠬᠤ ᠲᠥᠷᠥᠯ ᠵᠦᠢᠯ  ︵ᠨᠢᠭᠡ︶ ᠵᠣᠬᠢᠶᠠᠮᠠᠯ ᠦᠶ᠎ᠡ ᠭᠡᠰᠢᠭᠦᠦ ᠶᠢᠨ ᠲᠥᠷᠥᠯ︔  ︵ᠬᠤᠶᠠᠷ︶ ᠬᠠᠷᠢᠮᠠᠭ ᠴᠠᠭᠠᠷᠢᠭ︔  ︵ᠭᠤᠷᠪᠠ︶ ᠬᠤᠣᠰ ᠬᠥᠨᠳᠡᠢ ᠶᠢᠨ ᠯᠤᠭᠰᠢᠭᠤᠯᠤᠭᠤᠷ ᠤᠨ ᠲᠥᠷᠥᠯ︔  ︵ᠳᠥᠷᠪᠡ︶ ᠦᠶ᠎ᠡ ᠶᠢᠨ ᠶᠠᠰᠤᠨ ᠤ ᠼᠧᠮᠧᠨ᠋ᠲ ᠤᠨ ᠲᠥᠷᠥᠯ︔  ︵ᠲᠠᠪᠤ︶ ᠬᠥᠨᠳᠡᠢ ᠶᠢᠨ ᠲᠤᠷᠠᠨ ᠠᠮᠠᠯᠠᠭᠤᠷ ᠤᠨ ᠲᠥᠷᠥᠯ︔     ︵ᠵᠢᠷᠭᠤᠭ᠎ᠠ︶ ᠵᠢᠷᠦᠬᠡᠨ ᠯᠤᠭᠰᠢᠯᠲᠠ ᠶᠢᠨ ᠴᠠᠬᠢᠯᠭᠠᠨ ᠹᠢᠽᠢᠣᠯᠣᠭᠢ ᠶᠢᠨ ᠲᠥᠷᠥᠯ︔  ︵ᠳᠤᠯᠤᠭ᠎ᠠ︶ ᠠᠮᠠᠨ ᠬᠥᠨᠳᠡᠢ ᠶᠢᠨ ᠵᠥᠪ ᠵᠡᠷᠡᠮᠳᠡᠭ ᠤᠨ ᠲᠤᠯᠬᠤ ᠬᠤᠪᠢᠯ ᠤᠨ ᠲᠥᠷᠥᠯ︔  ︵ᠨᠠᠢᠮᠠ︶ ᠵᠠᠮᠴᠢᠯᠠᠨ ᠳᠠᠮᠵᠢᠭᠤᠯᠬᠤ ᠬᠤᠭᠤᠯᠠᠢ᠃ ︵ᠭᠠᠷᠴᠠᠭ ᠢ ᠳᠠᠭᠠᠯᠳᠤᠭᠤᠯᠤᠯ ᠳᠤ ᠦᠵᠡ︶  ᠭᠤᠷᠪᠠ᠂ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ  ᠲᠣᠰ ᠤᠳᠠᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠶᠠᠪᠤᠴᠠ ᠳᠤ ᠰᠣᠩᠭᠤᠭᠰᠠᠨ ᠦᠷ᠎ᠡ ᠳ᠋ᠦᠩ ᠢ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠨᠢ 1 ᠵᠢᠯ ᠪᠠᠶᠢᠵᠤ᠂ ᠬᠡᠷᠡᠭᠵᠢᠭᠦᠯᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠤᠯᠤᠰ ᠪᠠ ᠡᠯ᠎ᠡ ᠬᠤᠯᠪᠣᠭ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ ᠠᠰ ᠲᠤᠨᠢ ᠮᠡᠳᠡᠭᠳᠡᠨ᠎ᠡ᠃ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠡᠷᠪᠡ ᠪᠦᠬᠦ ᠤᠯᠤᠰ ᠤᠨ ᠰᠢᠨ᠎ᠡ ᠲᠥᠪᠯᠡᠷᠡᠭᠦᠯᠦᠨ ᠬᠤᠳᠠᠯᠳᠤᠨ ᠠᠪᠬᠤ ᠳᠤᠮᠳᠠ ᠠᠴᠠ ᠬᠠᠮᠤᠭ ᠤᠨ ᠳᠣᠤᠷ᠎ᠠ ᠦᠨ᠎ᠡ ᠭᠠᠷᠬᠤ ᠶᠠᠪᠤᠳᠠᠯ ᠭᠠᠷᠬᠤ ᠳᠤ ᠥᠪᠡᠷᠲᠡᠭᠡᠨ ᠵᠠᠰᠠᠬᠤ ᠣᠷᠣᠨ ᠠᠴᠠ ᠦᠷᠭᠦᠯᠵᠢᠯᠡᠨ ᠭᠠᠷ ᠤᠨ ᠦᠰᠦᠭ ᠵᠢᠷᠤᠬᠤ ᠦᠶ᠎ᠡ ᠳᠤ ᠬᠠᠮᠲᠤ ᠳᠤᠨᠢ ᠬᠠᠮᠲᠤᠷᠠᠨ ᠬᠥᠳᠡᠯᠦᠯᠴᠡᠬᠦ ᠪᠣᠯᠤᠨ᠎ᠠ᠃  ᠳᠥᠷᠪᠡ᠂ ᠦᠢᠯᠡᠳᠬᠦᠨ ᠢ ᠰᠦᠯᠵᠢᠶᠡᠨ ᠳᠤ ᠬᠤᠯᠪᠣᠬᠤ᠂ ᠬᠤᠳᠠᠯᠳᠤᠨ ᠠᠪᠬᠤ ᠪᠠ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ  ᠰᠣᠩᠭᠤᠭᠳᠠᠭᠰᠠᠨ ᠦᠢᠯᠡᠳᠬᠦᠨ ᠨᠢ ᠰᠤᠩᠭᠤᠭᠳᠠᠭᠰᠠᠨ ᠦᠨ᠎ᠡ ᠬᠠᠩᠰᠢ ᠪᠠᠷ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠡᠯᠰᠡᠨ ᠴᠤᠭᠯᠠᠭᠤᠯᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠢ ᠰᠦᠯᠵᠢᠶᠡᠨ ᠳᠤ ᠬᠤᠯᠪᠤᠵᠤ᠂ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠤᠳᠠᠯᠳᠤᠨ ᠠᠪᠬᠤ ᠲᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢ ᠵᠣᠯᠭᠠᠭᠤᠯᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠳᠡᠯᠴᠡᠭᠡᠷ ᠶᠣᠰᠣᠭᠠᠷ ᠵᠥᠪᠳᠡᠯᠴᠡᠨ ᠬᠤᠳᠠᠯᠳᠤᠨ ᠠᠪᠬᠤ ᠬᠡᠮᠵᠢᠶ᠎ᠡ ᠶᠢ ᠪᠡᠶᠡᠯᠡᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠨᠤᠭᠤᠳ ᠰᠤᠩᠭᠤᠭᠳᠠᠭᠰᠠᠨ ᠦᠢᠯᠡᠳᠬᠦᠨ ᠤ ᠡᠮᠨᠡᠯᠭᠡ ᠳᠤ ᠣᠷᠣᠭᠤᠯᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠡᠮᠨᠡᠯᠭᠡ ᠳᠤ ᠣᠷᠣᠭᠤᠯᠬᠤ᠂ ᠬᠥᠮᠥᠷᠭᠡ ᠳᠤ ᠬᠠᠳᠠᠭᠠᠯᠠᠬᠤ ᠵᠡᠷᠭᠡ ᠵᠠᠩᠭᠢᠯᠠᠭ᠎ᠠ ᠠᠴᠠ ᠰᠣᠩᠭᠤᠭᠰᠠᠨ ᠠᠵᠤ ᠠᠬᠤᠶᠢᠯᠠᠯ ᠠᠴᠠ ᠨᠡᠮᠡᠯᠲᠡ ᠵᠠᠷᠤᠳᠠᠯ ᠬᠤᠷᠢᠶᠠᠵᠤ ᠪᠣᠯᠬᠤ ᠦᠭᠡᠢ᠂ ᠭᠤᠷᠪᠠᠨ ᠲᠠᠯ᠎ᠠ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠳᠡᠯᠴᠡᠭᠡᠷ ᠲᠤ ᠴᠠᠭ ᠲᠤᠬᠠᠶ ᠳᠤᠨᠢ ᠭᠠᠷ ᠤᠨ ᠦᠰᠦᠭ ᠵᠢᠷᠤᠬᠤ ᠬᠡᠷᠡᠭᠲᠡᠶ᠃ ᠵᠠᠷᠤᠳᠠᠯ ᠢᠶᠠᠷ ᠬᠢᠵᠠᠭᠠᠷᠯᠠᠬᠤ᠂ ᠦᠢᠯᠡᠳᠬᠦᠨ ᠤ ᠬᠡᠪ ᠪᠠᠷᠢᠮᠵᠢᠶ᠎ᠠ ᠲᠤᠭ᠎ᠠ ᠬᠡᠮᠵᠢᠶ᠎ᠡ ᠶᠢ ᠬᠢᠵᠠᠭᠠᠷᠯᠠᠬᠤ ᠵᠢᠴᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠳᠠᠩᠰᠠ ᠪᠠᠶᠢᠭᠤᠯᠬᠤ ᠵᠡᠷᠭᠡ ᠪᠠᠷ ᠰᠢᠯᠲᠠᠭ ᠪᠣᠯᠭᠠᠵᠤ ᠦᠢᠯᠡᠳᠬᠦᠨ ᠢ ᠬᠤᠳᠠᠯᠳᠤᠨ ᠠᠪᠬᠤ ᠪᠠ ᠬᠡᠷᠡᠭᠯᠡᠬᠦ ᠶᠢ ᠨᠥᠯᠥᠭᠡᠯᠡᠵᠦ ᠪᠣᠯᠬᠤ ᠦᠭᠡᠢ᠃ ᠵᠥᠪᠳᠡᠯᠴᠡᠭᠡᠷ ᠤᠨ ᠬᠤᠭᠤᠴᠠᠭᠠᠨ ᠳᠤ ᠵᠥᠪᠳᠡᠯᠴᠡᠭᠡᠷ ᠤᠨ ᠬᠤᠳᠠᠯᠳᠤᠨ ᠠᠪᠬᠤ ᠬᠡᠮᠵᠢᠶ᠎ᠡ ᠶᠢ ᠴᠠᠭ ᠲᠤᠬᠠᠶ ᠳᠤᠨᠢ ᠪᠡᠶᠡᠯᠡᠭᠦᠯᠵᠦ᠂ ᠵᠥᠪᠳᠡᠯᠴᠡᠭᠡᠷ ᠢᠶᠠᠷ ᠬᠤᠳᠠᠯᠳᠤᠨ ᠠᠪᠬᠤ ᠬᠡᠮᠵᠢᠶ᠎ᠡ ᠶᠢ ᠪᠡᠶᠡᠯᠡᠭᠦᠯᠦᠭᠰᠡᠨ ᠤ ᠳᠠᠷᠠᠭ᠎ᠠ᠂ ᠡᠮᠴᠢᠯᠡᠭᠡᠨ ᠳᠤ ᠵᠦᠶ ᠵᠣᠬᠢᠰᠲᠠᠶ ᠬᠡᠷᠡᠭᠯᠡᠬᠦ ᠠᠴᠠ ᠡᠭᠦᠰᠴᠦ᠂ ᠴᠢᠨᠠᠷ ᠰᠠᠶᠢᠲᠠᠶ ᠰᠠᠶᠢᠨ ᠦᠨ᠎ᠡ ᠪᠠᠷ ᠰᠣᠩᠭᠤᠭᠰᠠᠨ ᠦᠢᠯᠡᠳᠬᠦᠨ ᠢ ᠤᠷᠢᠳᠠᠪᠠᠷ ᠬᠤᠳᠠᠯᠳᠤᠨ ᠠᠪᠴᠤ ᠬᠡᠷᠡᠭᠯᠡᠬᠦ ᠬᠡᠷᠡᠭᠲᠡᠶ᠃ ᠵᠥᠪᠳᠡᠯᠴᠡᠭᠡᠷ ᠢᠶᠠᠷ ᠬᠤᠳᠠᠯᠳᠤᠨ ᠠᠪᠬᠤ ᠬᠡᠮᠵᠢᠶ᠎ᠡ ᠠᠴᠠ ᠬᠡᠲᠦᠷᠡᠭᠰᠡᠨ ᠬᠡᠰᠡᠭ ᠲᠤ᠂ ᠰᠣᠩᠭᠤᠭᠳᠠᠭᠰᠠᠨ ᠠᠵᠤ ᠠᠬᠤᠶᠢᠯᠠᠯ ᠤᠳ ᠰᠣᠩᠭᠤᠭᠳᠠᠭᠰᠠᠨ ᠦᠨ᠎ᠡ ᠪᠠᠷ ᠬᠠᠩᠭᠠᠬᠤ ᠴᠢᠬᠤᠯᠠᠲᠠᠢ ᠪᠠᠶᠢᠵᠤ᠂ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠳᠠᠭᠤᠰᠲᠠᠯ᠎ᠠ ᠬᠠᠩᠭᠠᠬᠤ ᠬᠡᠷᠡᠭᠲᠡᠢ᠃ ᠵᠥᠪᠳᠡᠯᠴᠡᠭᠡᠷ ᠤᠨ ᠬᠤᠭᠤᠴᠠᠭᠠᠨ ᠠᠴᠠ ᠭᠠᠳᠠᠨᠠᠬᠢ ᠬᠡᠷᠡᠭᠯᠡᠬᠦ ᠬᠡᠮᠵᠢᠶ᠎ᠡ ᠶᠢ ᠵᠥᠪᠳᠡᠯᠴᠡᠭᠡᠷ ᠤᠨ ᠲᠣᠭᠠᠨ ᠳᠤ ᠪᠣᠳᠣᠵᠤ ᠣᠷᠣᠭᠤᠯᠬᠤ ᠦᠭᠡᠢ᠃  ᠤᠯᠤᠰ ᠠᠴᠠ ᠵᠣᠬᠢᠶᠠᠮᠠᠯ ᠦᠶ᠎ᠡ ᠭᠡᠰᠢᠭᠦᠤ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠵᠣᠬᠢᠶᠠᠨ ᠪᠠᠶᠢᠭᠤᠯᠵᠤ ᠲᠣᠭᠲᠠᠭᠠᠭᠰᠠᠨ ᠦᠢᠯᠡᠴᠢᠯᠡᠭᠡᠨ ᠤ ᠵᠠᠷᠤᠳᠠᠯ ᠪᠠ ᠪᠠᠭᠠᠵᠢ ᠬᠡᠷᠡᠭᠰᠡᠯ ᠤᠨ ᠵᠠᠷᠤᠳᠠᠯ ᠢ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠠᠯᠪᠠᠨ ᠲᠠᠷᠬᠠᠭᠠᠭᠰᠠᠨ ﹇2022﹈ 8 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠶᠣᠰᠣᠭᠠᠷ ᠬᠡᠷᠡᠭᠵᠢᠭᠦᠯᠦᠨ᠎ᠡ᠃  ᠲᠠᠪᠤ᠂ ᠰᠣᠩᠭᠤᠭᠳᠠᠭᠰᠠᠨ ᠦᠢᠯᠡᠳᠬᠦᠨ ᠢ ᠴᠠᠭ ᠲᠤᠬᠠᠶ ᠳᠤᠨᠢ ᠪᠤᠴᠠᠭᠠᠬᠤ ᠬᠡᠷᠡᠭᠲᠡᠶ  ︵ᠨᠢᠭᠡ︶ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠵᠣᠬᠢᠶᠠᠮᠠᠯ ᠦᠶ᠎ᠡ ᠭᠡᠰᠢᠭᠦᠦ ᠶᠢᠨ ᠲᠥᠷᠥᠯ᠂ ᠦᠶ᠎ᠡ ᠶᠢᠨ ᠶᠠᠰᠤᠨ ᠤ ᠼᠧᠮᠧᠨ᠋ᠲ ᠤᠨ ᠲᠥᠷᠥᠯ᠂ ᠬᠥᠨᠳᠡᠢ ᠶᠢᠨ ᠲᠤᠷᠠᠨ ᠠᠮᠠᠯᠠᠭᠤᠷ ᠤᠨ ᠲᠥᠷᠥᠯ᠂ ᠵᠢᠷᠦᠬᠡᠨ ᠯᠤᠭᠰᠢᠯᠲᠠ ᠶᠢᠨ ᠴᠠᠬᠢᠯᠭᠠᠨ ᠹᠢᠽᠢᠣᠯᠣᠭᠢ ᠶᠢᠨ ᠲᠥᠷᠥᠯ ᠪᠠ ᠠᠮᠠᠨ ᠬᠥᠨᠳᠡᠢ ᠶᠢᠨ ᠵᠥᠪ ᠵᠡᠷᠡᠮᠳᠡᠭ ᠤᠨ ᠲᠤᠯᠬᠤ ᠬᠤᠪᠢᠯ ᠤᠨ ᠵᠦᠢᠯ ᠵᠡᠷᠭᠡ 5 ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠳᠤ ᠡᠮᠴᠢᠯᠡᠭᠡᠨ ᠤ ᠪᠠᠢᠭᠤᠯᠤᠮᠵᠢ ᠶᠢᠨ ᠪᠠᠷᠠᠭᠠᠨ ᠤ ᠵᠣᠭᠤᠰ ᠢ ᠳᠥᠯᠥᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠤᠳ ᠰᠤᠩᠭᠤᠭᠳᠠᠭᠰᠠᠨ ᠦᠢᠯᠡᠳᠬᠦᠨ ᠤ ᠳᠣᠲᠣᠷ᠎ᠠ ᠠᠴᠠ ᠰᠣᠩᠭᠤᠬᠤ ᠦᠨ᠎ᠡ᠂ ᠡᠯ᠎ᠡ ᠡᠮᠴᠢᠯᠡᠭᠡᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠤᠨ ᠵᠥᠪᠳᠡᠯᠴᠡᠬᠡᠷ ᠲᠤ ᠲᠣᠭᠲᠠᠭᠰᠠᠨ ᠬᠤᠳᠠᠯᠳᠤᠨ ᠠᠪᠬᠤ ᠦᠢᠯᠡᠳᠬᠦᠨ ᠵᠢᠴᠢ ᠲᠤᠭ᠎ᠠ ᠬᠡᠮᠵᠢᠶ᠎ᠡ ᠶᠢ ᠦᠨᠳᠦᠰᠦᠯᠡᠨ᠂ ᠵᠥᠪᠳᠡᠯᠴᠡᠬᠡᠷ ᠢᠶᠠᠷ ᠬᠤᠳᠠᠯᠳᠤᠨ ᠠᠪᠬᠤ ᠵᠣᠭᠤᠰ ᠤᠨ ᠲᠤᠭ᠎ᠠ ᠶᠢ ᠴᠠᠭ ᠲᠤᠬᠠᠶ ᠳᠤᠨᠢ ᠲᠥᠰᠦᠭᠡᠯᠡᠨ ᠪᠣᠳᠣᠬᠤ ᠬᠡᠷᠡᠭᠲᠡᠶ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢᠨ ᠰᠠᠭᠤᠷᠢᠨ ᠳᠡᠭᠡᠷ᠎ᠡ᠂ ᠤᠷᠢᠳᠴᠢᠯᠠᠨ ᠥᠭᠬᠦ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠪᠣᠯᠤᠨ ᠳᠣᠲᠣᠷ᠎ᠠ ᠠᠴᠠ ᠰᠣᠩᠭᠤᠭᠰᠠᠨ ᠠᠵᠤ ᠠᠬᠤᠶᠢᠯᠠᠯ ᠬᠤᠳᠠᠯᠳᠤᠨ ᠠᠪᠬᠤ ᠵᠥᠪᠳᠡᠯᠴᠡᠭᠡᠷ ᠲᠣᠭᠲᠠᠭᠰᠠᠨ ᠤ ᠳᠠᠷᠠᠭ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠢᠯ ᠤᠨ ᠵᠥᠪᠳᠡᠯᠴᠡᠬᠡᠷ ᠠᠴᠠ ᠳᠣᠣᠷ᠎ᠠ ᠦᠭᠡᠢ ᠬᠤᠳᠠᠯᠳᠤᠨ ᠠᠪᠬᠤ ᠵᠣᠭᠤᠰ ᠤᠨ ᠲᠤᠭ᠎ᠠ ᠶᠢᠨ 30% ᠠᠴᠠ ᠳᠣᠣᠷ᠎ᠠ ᠦᠭᠡᠢ ᠪᠠᠷ ᠡᠮᠴᠢᠯᠡᠭᠡᠨ ᠤ ᠪᠠᠶᠢᠭᠤᠯᠤᠮᠵᠢ ᠳᠤ ᠤᠷᠢᠳᠴᠢᠯᠠᠨ ᠥᠭᠭᠦᠨ᠎ᠡ᠃ ᠬᠤᠳᠠᠯᠳᠤᠨ ᠠᠪᠬᠤ ᠦᠶᠡᠯᠡᠯ ᠤᠨ ᠬᠤᠭᠤᠴᠠᠭᠠᠨ ᠳᠤ ᠡᠮᠴᠢᠯᠡᠭᠡᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠤᠳ ᠪᠠᠷᠠᠭᠠᠨ ᠤ ᠵᠣᠭᠤᠰ ᠢᠶᠠᠨ ᠴᠠᠭ ᠲᠤᠬᠠᠶ ᠳᠤ ᠨᠢ ᠳ᠋ᠦᠩᠨᠡᠨ ᠪᠤᠳᠤᠬᠤ ᠬᠡᠷᠡᠭᠲᠡᠶ᠂ ᠳ᠋ᠦᠩᠨᠡᠨ ᠪᠤᠳᠤᠬᠤ ᠴᠠᠭ ᠢ ᠪᠠᠷᠠᠭ᠎ᠠ ᠲᠤᠰᠢᠶᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭᠠᠬᠢ ᠳᠠᠷᠠᠭ᠎ᠠ ᠰᠠᠷ᠎ᠠ ᠶᠢᠨ ᠰᠡᠭᠦᠯᠴᠢ ᠠᠴᠠ ᠬᠡᠲᠦᠷᠡᠭᠦᠯᠵᠦ ᠪᠣᠯᠬᠤ ᠥᠬᠡᠶ᠃  ︵ᠬᠤᠶᠠᠷ︶ ᠰᠤᠩᠭᠤᠭᠳᠠᠭᠰᠠᠨ ᠦᠢᠯᠡᠳᠭᠦᠨ ᠤ ᠡᠮᠴᠢᠯᠡᠭᠡᠨ ᠤ ᠳᠠᠭᠠᠳᠬᠠᠯ ᠤᠨ ᠰᠢᠭᠤᠳ ᠳ᠋ᠦᠩᠨᠡᠨ ᠪᠤᠳᠤᠬᠤ ᠶᠢ ᠠᠬᠢᠭᠤᠯᠤᠨ᠎ᠠ᠃ ᠬᠠᠷᠢᠮᠠᠭ ᠴᠠᠭᠠᠷᠢᠭ᠂ ᠬᠤᠣᠰ ᠬᠥᠨᠳᠡᠢ ᠶᠢᠨ ᠯᠤᠭᠰᠢᠭᠤᠯᠤᠭᠤᠷ ᠤᠨ ᠲᠥᠷᠥᠯ ᠪᠠ ᠵᠠᠮᠴᠢᠯᠠᠨ ᠳᠠᠮᠵᠢᠭᠤᠯᠬᠤ ᠬᠤᠭᠤᠯᠠᠢ ᠶᠢᠨ ᠲᠥᠷᠥᠯ ᠵᠡᠷᠭᠡ 3 ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠳᠣᠲᠣᠷ᠎ᠠ ᠠᠴᠠ ᠰᠣᠩᠭᠤᠭᠰᠠᠨ ᠠᠵᠤ ᠠᠬᠤᠶᠢᠯᠠᠯ ᠪᠤᠶᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠲᠠᠢ ᠰᠢᠭᠤᠳ ᠳ᠋ᠦᠩᠨᠡᠨ ᠪᠤᠳᠤᠬᠤ ᠶᠢ ᠥᠷᠨᠢᠭᠦᠯᠦᠨ᠎ᠡ᠃  ᠵᠢᠷᠭᠤᠭ᠎ᠠ᠂ ᠰᠤᠩᠭᠤᠭᠳᠠᠭᠰᠠᠨ ᠦᠢᠯᠡᠳᠭᠦᠨ ᠤ ᠲᠣᠭᠲᠠᠭᠤᠨ ᠢᠶᠠᠷ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ  ᠰᠣᠩᠭᠤᠭᠳᠠᠭᠰᠠᠨ ᠠᠵᠤ ᠠᠬᠤᠶᠢᠯᠠᠯ ᠪᠣᠯᠤᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠠᠩᠭᠠᠵᠤ ᠲᠣᠬᠢᠷᠠᠭᠤᠯᠤᠨ ᠬᠦᠷᠭᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠩᠭᠤᠭᠳᠠᠭᠰᠠᠨ ᠠᠵᠤ ᠠᠬᠤᠶᠢᠯᠠᠯ ᠨᠢ ᠦᠢᠯᠡᠳᠬᠦᠨ ᠤ ᠶᠠᠰᠤ ᠴᠢᠨᠠᠷ᠂ ᠬᠠᠩᠭᠠᠯᠭ᠎ᠠ ᠶᠢ ᠪᠠᠲᠤᠯᠠᠬᠤ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠳᠡᠯᠴᠡᠭᠡᠷ ᠢ ᠴᠢᠩᠭ᠎ᠠ ᠬᠡᠷᠡᠭᠵᠢᠭᠦᠯᠵᠦ᠂ ᠦᠢᠯᠡᠳᠪᠦᠷᠢᠯᠡᠯ ᠤᠨ ᠲᠥᠯᠥᠪᠯᠡᠭᠡ ᠶᠢ ᠤᠷᠢᠳᠴᠢᠯᠠᠨ ᠰᠠᠶᠢᠲᠤᠷ ᠬᠢᠵᠦ᠂ ᠦᠢᠯᠡᠳᠪᠦᠷᠢᠯᠡᠬᠦ᠂ ᠪᠣᠷᠣᠯᠠᠭᠤᠯᠬᠤ ᠪᠥᠬᠦ ᠶᠠᠪᠤᠴᠠ ᠶᠢᠨ ᠡᠬᠡ ᠲᠠᠩᠰᠠ ᠶᠢ ᠪᠠᠶᠢᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠤᠨ᠎ᠠ᠃ ᠰᠤᠩᠭᠤᠭᠳᠠᠭᠰᠠᠨ ᠠᠵᠤ ᠠᠬᠤᠶᠢᠯᠠᠯ ᠡᠵᠡᠨ ᠮᠡᠳᠡᠨ ᠰᠤᠩᠭᠤᠭᠰᠠᠨ ᠦᠢᠯᠡᠳᠬᠦᠨ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠩᠭᠤᠭᠳᠠᠭᠰᠠᠨ ᠠᠵᠤ ᠠᠬᠤᠶᠢᠯᠠᠯ ᠤᠨ ᠥᠪᠡᠷ ᠲᠡᠭᠡᠨ ᠲᠣᠬᠢᠷᠠᠭᠤᠯᠤᠨ ᠬᠦᠷᠭᠡᠬᠦ ᠶᠢ ᠵᠣᠷᠢᠭᠵᠢᠭᠤᠯᠬᠤ ᠬᠡᠷᠡᠭᠲᠡᠶ᠃ ᠰᠣᠩᠭᠤᠭᠳᠠᠭᠰᠠᠨ ᠠᠵᠤ ᠠᠬᠤᠶᠢᠯᠠᠯ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠴᠡᠭᠡ ᠱᠠᠭᠠᠷᠳᠠᠯᠭ᠎ᠠ ᠶᠣᠰᠣᠭᠠᠷ ᠦᠢᠯᠡᠳᠬᠦᠨ ᠢ ᠴᠠᠭ ᠲᠤᠬᠠᠶ ᠳᠤᠨᠢ ᠳᠣᠭᠢᠷᠠᠭᠤᠯᠤᠨ ᠬᠦᠷᠭᠡᠵᠦ᠂ ᠡᠮᠴᠢᠯᠡᠭᠡᠨ ᠳᠤ ᠬᠡᠷᠡᠭᠯᠡᠬᠦ ᠶᠢ ᠪᠠᠲᠤᠯᠠᠬᠤ ᠬᠡᠷᠡᠭᠲᠡᠶ᠃  ᠳᠣᠯᠤᠭ᠎ᠠ᠂ ᠬᠢᠨᠠᠨ ᠬᠠᠮᠢᠶᠠᠷᠴᠤ ᠰᠢᠯᠭᠠᠨ ᠬᠢᠨᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ  ᠡᠯ᠎ᠡ ᠭᠠᠵᠠᠷ ᠤᠨ ᠬᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠥᠬᠦᠶ ᠣᠨᠣᠰᠢᠯᠠᠨ ᠡᠮᠨᠡᠬᠦ ᠵᠦᠭᠯᠡᠭᠦᠷ᠂ ᠮᠡᠷᠭᠡᠵᠢᠯ ᠤᠨ ᠠᠵᠢᠯᠯᠠᠭᠠᠨ ᠤ ᠵᠢᠷᠤᠮᠵᠢᠯ ᠵᠡᠷᠭᠡ ᠶᠢ ᠴᠢᠩᠭ᠎ᠠ ᠬᠡᠷᠡᠭᠵᠢᠭᠦᠯᠬᠦ ᠶᠢ ᠴᠢᠩᠭᠠᠳᠬᠠᠵᠤ᠂ ᠠᠮᠤᠷ ᠲᠦᠪᠰᠢᠨ᠂ ᠪᠦᠲᠦᠮᠵᠢᠲᠡᠶ᠂ ᠠᠷᠪᠢᠲᠠᠶ᠂ ᠲᠣᠬᠢᠷᠠᠮᠵᠢᠲᠠᠶ ᠵᠠᠷᠴᠢᠮ ᠢ ᠪᠠᠷᠢᠮᠲᠠᠯᠠᠨ᠂ ᠡᠮᠴᠢᠯᠡᠭᠡᠨ ᠤ ᠠᠷᠭ᠎ᠠ ᠶᠢ ᠵᠦᠶ ᠵᠣᠬᠢᠰᠲᠠᠶ ᠰᠣᠩᠭᠤᠵᠤ᠂ ᠬᠤᠷᠣᠭᠳᠠᠯ ᠮᠠᠲ᠋ᠧᠷᠢᠶᠠᠯ ᠤᠨ ᠲᠥᠷᠥᠯ ᠵᠦᠢᠯ ᠪᠠ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠰᠣᠩᠭᠤᠭᠳᠠᠭᠰᠠᠨ ᠠᠵᠤ ᠠᠬᠤᠶᠢᠯᠠᠯ ᠤᠨ ᠭᠡᠷ᠎ᠡ ᠭᠦᠢᠴᠡᠳᠬᠡᠭᠰᠡᠨ ᠪᠠᠶᠢᠳᠠᠯ ᠢ ᠨᠢᠭᠲᠠ ᠬᠢᠨᠠᠨ ᠬᠡᠮᠵᠢᠵᠦ᠂ ᠦᠢᠯᠡᠳᠬᠦᠨ ᠤ ᠬᠠᠩᠭᠠᠯᠭ᠎ᠠ᠂ ᠲᠣᠬᠢᠷᠠᠭᠤᠯᠤᠨ ᠬᠦᠷᠭᠡᠬᠦ᠂ ᠲᠤᠰᠬᠠᠶ ᠬᠡᠷᠡᠭᠯᠡᠬᠦ ᠪᠠᠭᠠᠵᠢ ᠵᠢᠴᠢ ᠦᠢᠯᠡᠴᠢᠯᠡᠭᠡ ᠬᠠᠩᠭᠠᠭᠰᠠᠨ ᠪᠠᠶᠢᠳᠠᠯ ᠢ ᠪᠠᠭᠲᠠᠭᠠᠭᠰᠠᠨ ᠰᠠᠶᠢᠨ ᠬᠢᠨᠠᠨ ᠬᠡᠮᠵᠢᠵᠦ᠂ ᠭᠡᠷ᠎ᠡ ᠭᠦᠢᠴᠡᠳᠬᠡᠵᠦ ᠳᠡᠶᠢᠯᠬᠦ ᠥᠬᠡᠶ ᠪᠠ ᠬᠤᠳᠠᠯᠳᠤᠭᠠᠨ ᠤ ᠬᠡᠭᠡᠯᠢ ᠬᠠᠭ᠋ᠤᠤᠯᠢ ᠲᠦᠯᠬᠢᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠷ ᠰᠢᠳᠬᠡᠭᠳᠡᠭᠰᠡᠨ ᠰᠣᠩᠭᠤᠭᠳᠠᠭᠰᠠᠨ ᠠᠵᠤ ᠠᠬᠤᠶᠢᠯᠠᠯ ᠢ ᠡᠮ ᠡᠮᠴᠢᠯᠡᠭᠡᠨ ᠤ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠬᠤ ᠢᠲᠡᠭᠡᠬᠦ ᠬᠡᠷᠡᠭᠯᠡᠬᠦ ᠶᠢ ᠦᠨᠡᠯᠡᠭᠰᠡᠨ ᠲᠡᠮᠳᠡᠭᠯᠡᠯ ᠳᠤ ᠣᠷᠣᠭᠤᠯᠬᠤ ᠶᠢᠨ ᠬᠠᠮᠲᠤ ᠬᠦᠨᠳᠦ ᠨᠣᠴᠢᠲᠠᠶ ᠬᠡᠮᠵᠢᠶ᠎ᠡ ᠶᠢ ᠦᠨᠳᠦᠰᠦᠯᠡᠨ ᠵᠣᠬᠢᠴᠠᠩᠭᠤᠶ ᠵᠠᠯᠬᠠᠭᠠᠨ ᠴᠡᠭᠡᠷᠯᠡᠭᠦᠯᠬᠦ ᠬᠡᠷᠡᠭᠲᠡᠶ᠃ ᠴᠠᠭ ᠬᠤᠭᠤᠴᠠᠭ᠎ᠠ ᠶᠣᠰᠣᠭᠠᠷ ᠲᠣᠬᠢᠷᠠᠭᠤᠯᠤᠨ ᠬᠦᠷᠭᠡᠬᠦ ᠦᠭᠡᠶ ᠠᠵᠤ ᠠᠬᠤᠶᠢᠯᠠᠯ ᠳᠤ ᠰᠠᠨᠠᠭᠤᠯᠬᠤ᠂ ᠪᠣᠯᠵᠣᠨ ᠶᠠᠷᠢᠯᠴᠠᠬᠤ᠂ ᠲᠣᠬᠢᠷᠠᠭᠤᠯᠤᠨ ᠬᠦᠷᠭᠡᠬᠦ ᠪᠤᠶᠤ ᠰᠣᠩᠭᠤᠭᠳᠠᠭᠰᠠᠨ ᠬᠢᠷᠢ ᠭᠡᠮ ᠢ ᠲᠦᠷ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠠᠪᠴᠤ᠂ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃ ︽ᠰᠠᠷ᠎ᠠ ᠪᠦᠷᠢ ᠬᠢᠨᠠᠨ ᠬᠡᠮᠵᠢᠬᠦ᠂ ᠵᠢᠯ ᠤᠨ ᠬᠢᠨᠠᠨ ᠰᠢᠯᠭᠠᠬᠤ︾ ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ ᠪᠠᠶᠢᠭᠤᠯᠤᠮᠵᠢ ᠶᠢᠨ ᠵᠥᠪᠳᠡᠯᠴᠡᠨ ᠬᠤᠳᠠᠯᠳᠤᠨ ᠠᠪᠬᠤ ᠬᠡᠮᠵᠢᠶ᠎ᠡ ᠶᠢᠨ ᠠᠬᠢᠴᠠ᠂ ᠵᠣᠭᠤᠰ ᠪᠤᠴᠠᠭᠠᠭᠰᠠᠨ ᠪᠠᠶᠢᠳᠠᠯ ᠵᠡᠷᠭᠡ ᠶᠢ ᠬᠢᠨᠠᠨ ᠬᠡᠮᠵᠢᠬᠦ ᠪᠠ ᠬᠢᠨᠠᠨ ᠵᠢᠯᠣᠭᠤᠳᠬᠤ ᠠᠵᠢᠯ ᠢ ᠥᠷᠨᠢᠭᠦᠯᠵᠦ᠂ ᠵᠥᠪᠳᠡᠯᠴᠡᠭᠡᠷ ᠤᠨ ᠬᠡᠮᠵᠢᠶ᠎ᠡ ᠨᠢ ᠪᠡᠶᠡᠯᠡᠭᠦᠯᠦᠭᠰᠡᠨ ᠥᠬᠡᠶ ᠴᠠᠭ ᠤᠨ ᠠᠬᠢᠴᠠ᠂ ᠵᠣᠭᠤᠰ ᠪᠤᠴᠠᠭᠠᠬᠤ ᠨᠢ ᠤᠳᠠᠭᠠᠨ᠂ ᠰᠣᠩᠭᠤᠭᠳᠠᠭᠰᠠᠨ ᠠᠴᠠ ᠪᠤᠰᠤ ᠦᠢᠯᠡᠳᠬᠦᠨ ᠢ ᠶᠡᠭᠡ ᠬᠡᠮᠵᠢᠶ᠎ᠡ ᠪᠠᠷ ᠬᠡᠷᠡᠭᠯᠡᠬᠦ ᠵᠡᠷᠭᠡ ᠦᠢᠯᠡ ᠠᠵᠢᠯᠯᠠᠭ᠎ᠠ ᠳᠤ ᠰᠠᠨᠠᠭᠤᠯᠤᠨ ᠰᠠᠨᠠᠭᠤᠯᠵᠤ᠂ ᠴᠢᠬᠤᠯᠠᠲᠠᠶ ᠦᠶ᠎ᠡ ᠳᠤ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠪᠠ ᠬᠤᠯᠪᠣᠭᠳᠠᠯ ᠪᠥᠬᠦᠶ ᠡᠮᠴᠢ ᠰᠤᠪᠢᠯᠠᠭᠴᠢᠳ ᠲᠠᠢ ᠪᠣᠯᠵᠣᠨ ᠶᠠᠷᠢᠯᠴᠠᠬᠤ ᠬᠡᠷᠡᠭᠲᠡᠶ᠃  ᠳᠠᠭᠠᠯᠳᠤᠭᠤᠯᠤᠯ  1᠄ ᠵᠣᠬᠢᠶᠠᠮᠠᠯ ᠦᠶ᠎ᠡ ᠭᠡᠰᠢᠭᠦᠦ ᠶᠢ ᠲᠥᠪᠯᠡᠷᠡᠭᠦᠯᠦᠨ ᠬᠡᠮᠵᠢᠶ᠎ᠡ ᠪᠠᠷ ᠬᠤᠳᠠᠯᠳᠤᠨ ᠠᠪᠬᠤ ᠳᠤᠮᠳᠠᠬᠢ ᠰᠣᠩᠭᠤᠭᠳᠠᠭᠰᠠᠨ ᠦᠢᠯᠡᠳᠬᠦᠨ ᠤ ᠭᠠᠷᠴᠠᠭ  2᠄ ᠬᠠᠷᠢᠮᠠᠭ ᠴᠠᠭᠠᠷᠢᠭ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠳᠤᠮᠳᠠᠬᠢ ᠰᠣᠩᠭᠤᠬᠤ ᠦᠢᠯᠡᠳᠬᠦᠨ ᠤ ᠭᠠᠷᠴᠠᠭ  3᠄ ᠬᠤᠣᠰ ᠬᠥᠨᠳᠡᠢ ᠶᠢᠨ ᠯᠤᠭᠰᠢᠭᠤᠯᠤᠭᠤᠷ ᠤᠨ ᠲᠥᠷᠥᠯ  4᠄ ᠬᠥᠨᠳᠡᠢ ᠶᠢᠨ ᠲᠤᠷᠠᠨ ᠠᠮᠠᠯᠠᠭᠤᠷ ᠤᠨ ᠲᠥᠷᠥᠯ᠂ ᠵᠢᠷᠦᠬᠡᠨ ᠯᠤᠭᠰᠢᠯᠲᠠ ᠶᠢᠨ ᠴᠠᠬᠢᠯᠭᠠᠨ ᠹᠢᠽᠢᠣᠯᠣᠭᠢ ᠶᠢᠨ ᠲᠥᠷᠥᠯ ᠮᠤᠵᠢ ᠶᠢᠨ ᠬᠤᠭᠤᠷᠤᠨᠳᠤᠬᠢ ᠬᠤᠯᠪᠤᠭᠠᠨ ᠤ ᠲᠦᠪᠯᠡᠷᠡᠭᠦᠯᠦᠨ ᠬᠤᠲᠠᠯᠲᠤᠵᠤ ᠠᠪᠬᠤ ᠳᠤᠮᠲᠠᠭᠢ ᠦᠢᠯᠡᠳᠭᠦᠨ ᠤ ᠭᠠᠷᠴᠠᠭ  5᠄ ᠠᠮᠠᠨ ᠬᠥᠨᠳᠡᠢ ᠶᠢᠨ ᠵᠥᠪ ᠵᠡᠷᠡᠮᠳᠡᠭ ᠤᠨ ᠲᠤᠯᠬᠤ ᠬᠤᠪᠢᠯ ᠤᠨ ᠲᠥᠷᠥᠯ ᠤᠨ ᠮᠤᠵᠢ ᠶᠢᠨ ᠬᠤᠭᠤᠷᠤᠨᠲᠤᠭᠢ ᠬᠤᠯᠪᠤᠭ᠎ᠠ ᠶᠢᠨ ᠲᠦᠪᠯᠡᠷᠡᠭᠦᠯᠦᠨ ᠬᠤᠲᠠᠯᠲᠤᠨ ᠠᠪᠬᠤ ᠠᠵᠢᠯ ᠰᠤᠩᠭᠤᠭᠳᠠᠭᠰᠠᠨ ᠦᠢᠯᠡᠳᠭᠦᠨ ᠤ ᠭᠠᠷᠴᠠᠭ  6᠄ ᠵᠠᠮᠴᠢᠯᠠᠨ ᠳᠠᠮᠵᠢᠭᠤᠯᠬᠤ ᠬᠤᠭᠤᠯᠠᠢ ᠮᠤᠵᠢ ᠶᠢᠨ ᠬᠤᠭᠤᠷᠤᠨᠳᠤᠬᠢ ᠬᠤᠯᠪᠤᠭᠠᠨ ᠤ ᠲᠦᠪᠯᠡᠷᠡᠯ ᠰᠣᠩᠭᠤᠭᠳᠠᠭᠰᠠᠨ ᠦᠢᠯᠡᠳᠭᠦᠨ ᠤ ᠭᠠᠷᠴᠠᠭ           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ        2023 ᠣᠨ ᠤ 7 ᠳ᠋ᠤᠭᠠᠷ ᠰᠠᠷ᠎ᠠ ᠶᠢᠨ 21 ᠤ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号