ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠢ᠂ ᠡᠯ᠎ᠡ ᠴᠢᠭ | ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ᠄ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠣᠭᠤᠶ ᠤᠳᠠᠭᠠᠨ ᠴᠢᠨᠠᠷᠲᠠᠶ ᠡᠪᠡᠳᠴᠢᠨ ᠤ ᠳᠦᠷᠢᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠵᠦ ᠡᠮ ᠬᠤᠳᠠᠯᠳᠤᠨ | ᠠᠪᠬᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ ᠡᠳᠦᠭᠡ ᠥᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠰᠡᠭ ᠡᠭᠦᠳᠡᠨ | ᠡᠮᠨᠡᠯᠭᠡ ᠶᠢᠨ ᠣᠨᠴᠣᠭᠤᠶ ᠤᠳᠠᠭᠠᠨ ᠴᠢᠨᠠᠷᠲᠠᠶ ᠡᠪᠡᠳᠴᠢᠨ ᠤ ᠣᠯᠭᠤᠮᠵᠢ ᠳᠤ ᠲᠣᠬᠢᠷᠠᠭᠤᠯᠤᠯᠲᠠ ᠬᠢᠨ᠎ᠡ᠂ ᠬᠠᠮᠢᠶ᠎ᠠ | ᠪᠦᠬᠦᠢ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠴᠢᠰᠤ ᠶᠢ ᠨᠡᠪᠴᠢᠨ ᠵᠠᠳᠠᠯᠬᠤ᠂ ᠬᠡᠪᠡᠯᠢ ᠶᠢᠨ ᠬᠠᠯᠢᠰᠤ ᠶᠢ ᠨᠡᠪᠴᠢᠨ ᠵᠠᠳᠠᠯᠬᠤ᠂ ᠨᠡᠬᠡᠳᠡᠰᠦ ᠡᠷᠬᠡᠲᠡᠨ ᠢ | ᠰᠢᠯᠵᠢᠭᠦᠯᠦᠨ ᠤᠷᠭᠤᠭᠤᠯᠬᠤ ᠮᠡᠰᠡ ᠵᠠᠰᠠᠯ ᠤᠨ ᠳᠠᠷᠠᠭᠠᠬᠢ ᠣᠨᠳᠣᠣᠰᠢᠭᠤᠯᠬᠤ ᠶᠢ ᠡᠰᠡᠷᠭᠦᠴᠡᠬᠦ ᠡᠮᠴᠢᠯᠡᠭᠡ ᠪᠠ | ᠬᠤᠤᠷᠲᠤ ᠬᠠᠪᠤᠳᠠᠷ ᠢ ᠰᠠᠴᠤᠷᠠᠭ ᠬᠢᠮᠢ ᠶᠢᠨ ᠵᠠᠰᠠᠯᠭ᠎ᠠ ᠶᠢᠨ ᠬᠠᠷᠠᠭᠠᠯᠵᠠᠯ ᠤᠨ ᠳᠠᠭᠠᠳᠬᠠᠯ ᠳᠤ ᠣᠷᠣᠯᠴᠠᠭᠰᠠᠳ᠂ | ᠨᠢᠭᠡ ᠵᠢᠯ ᠤᠨ ᠳᠣᠲᠣᠷ᠎ᠠ ᠭᠠᠷᠤᠭᠰᠠᠨ ᠡᠬᠢᠯᠡᠵᠦ ᠲᠥᠯᠥᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ | ᠲᠥᠯᠥᠬᠦ ᠬᠢᠵᠠᠭᠠᠷ ᠲᠤᠭ᠎ᠠ ᠠᠴᠠ ᠳᠣᠷᠣᠭᠰᠢ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠭᠦᠳᠡᠨ | ᠡᠮᠨᠡᠯᠭᠡ ᠶᠢᠨ ᠵᠠᠷᠤᠳᠠᠯ ᠨᠢ ᠲᠣᠰ ᠲᠣᠰ 96%᠂ 96%᠂ 95% ᠪᠠ 90% ᠶᠢᠨ ᠬᠠᠷᠢᠴᠠᠯ ᠢᠶᠠᠷ ᠲᠥᠯᠥᠨ᠎ᠡ | ᠃ | ᠬᠤᠶᠠᠷ᠂ ᠡᠭᠦᠳᠡᠨ ᠡᠮᠨᠡᠯᠭᠡ ᠶᠢᠨ ᠣᠨᠴᠣᠭᠤᠶ ᠤᠳᠠᠭᠠᠨ ᠴᠢᠨᠠᠷᠲᠠᠶ ᠡᠪᠡᠳᠴᠢᠨ ᠤ ᠣᠯᠭᠤᠮᠵᠢ ᠶᠢ ᠭᠥᠷᠳᠡᠵᠦ ᠪᠠᠶᠢᠭ᠎ᠠ | ᠳᠠᠭᠠᠳᠬᠠᠯ ᠳᠤ ᠣᠷᠣᠯᠴᠠᠭᠰᠠᠳ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠵᠢᠭᠦᠯᠭᠡ᠂ ᠡᠭᠦᠳᠡᠨ | ᠡᠮᠨᠡᠯᠭᠡ ᠶᠢᠨ ᠣᠨᠴᠣᠭᠤᠶ ᠡᠮ ᠬᠡᠷᠡᠭᠯᠡᠬᠦ ᠬᠠᠷᠠᠭᠠᠯᠵᠠᠯ ᠢ ᠬᠠᠮᠲᠤ ᠳᠤᠨᠢ ᠭᠥᠷᠳᠡᠵᠦ ᠪᠣᠯᠤᠨ᠎ᠠ᠃ | ᠭᠤᠷᠪᠠ᠂ ᠳᠡᠭᠡᠷ᠎ᠡ ᠳᠤᠷᠠᠳᠤᠭᠰᠠᠨ ᠡᠭᠦᠳᠡᠨ ᠡᠮᠨᠡᠯᠭᠡ ᠶᠢᠨ ᠣᠨᠴᠣᠭᠤᠶ ᠤᠳᠠᠭᠠᠨ ᠴᠢᠨᠠᠷᠲᠠᠶ ᠡᠪᠡᠳᠴᠢᠨ ᠤ ᠪᠤᠰᠤᠳ | ᠬᠠᠷᠠᠭᠠᠯᠵᠠᠯ ᠤᠨ ᠪᠠᠷᠢᠮᠵᠢᠶ᠎ᠠ ᠶᠢ ᠮᠥᠨ ᠬᠦ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠶ | ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ | ︵ᠥᠪᠥᠷ ᠡᠮᠴᠢᠯᠡᠭᠡᠨ ᠤ ᠪᠠᠳᠤᠯᠠᠭ᠎ᠠ ᠲᠠᠷᠬᠠᠭᠠᠭᠰᠠᠨ ﹇2022﹈ 25 ᠳ᠋ᠤᠭᠠᠷ ᠲᠣᠭᠠᠲᠤ︶ ᠶᠣᠰᠣᠭᠠᠷ | ᠬᠡᠷᠡᠭᠵᠢᠭᠦᠯᠦᠨ᠎ᠡ᠃ | ᠳᠥᠷᠪᠡ᠂ ᠲᠣᠰ ᠮᠡᠳᠡᠭᠳᠡᠯ ᠢ 2023 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ | ᠤᠯᠤᠰ ᠵᠢᠴᠢ ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠰᠢᠨ᠎ᠡ ᠲᠣᠭᠲᠠᠭᠠᠯ ᠲᠠᠢ ᠪᠣᠯ ᠲᠡᠷᠡ ᠲᠣᠭᠲᠠᠭᠠᠯ ᠢ | ᠵᠢᠷᠤᠮᠯᠠᠨ᠎ᠠ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ | ᠲᠥᠪ | 2023 ᠣᠨ ᠤ 7 ᠳ᠋ᠤᠭᠠᠷ ᠰᠠᠷ᠎ᠠ ᠶᠢᠨ 25 ᠤ ᠡᠳᠦᠷ | | ᠬᠤᠯᠪᠣᠭᠳᠠᠬᠤ ᠪᠢᠴᠢᠭ ᠮᠠᠲ᠋ᠧᠷᠢᠶᠠᠯ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯᠲᠠᠨ ᠠᠵᠢᠯᠴᠢᠨ ᠤ | ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ ᠴᠢᠨᠠᠷᠲᠠᠶ ᠡᠪᠡᠳᠴᠢᠨ ᠤ | ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | |