ᠥᠪᠥᠷ ᠡᠮ ᠬᠤᠳᠠᠯᠳᠤᠨ ᠠᠪᠬᠤ ᠲᠥᠪ ᠦᠰᠦᠭ ﹇2023﹈ 177 ᠳ᠋ᠤᠭᠠᠷ ᠲᠣᠭᠠᠲᠤ | | ᠡᠯ᠎ᠡ ᠬᠤᠯᠪᠣᠭᠳᠠᠯ ᠪᠦᠬᠦᠢ ᠨᠢᠭᠡᠴᠢ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠢ ᠰᠦᠯᠵᠢᠶᠡᠨ ᠳᠤ ᠬᠤᠯᠪᠣᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠡᠮ | ᠬᠤᠳᠠᠯᠳᠤᠨ ᠠᠪᠬᠤ ᠲᠥᠪ ᠦᠰᠦᠭ ﹇2022 ﹈ 246 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠡᠳᠦᠭᠡ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠡᠶ᠎ᠡ ᠶᠢᠨ ᠭᠠᠳᠠᠨᠠᠬᠢ | ᠣᠨᠣᠰᠢᠯᠠᠯᠲᠠ ᠶᠢᠨ ᠤᠷᠪᠠᠯᠵᠢ ᠶᠢ ᠪᠠᠭᠲᠠᠭᠠᠨ᠎ᠠ︶ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ | ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠢᠯᠡ ᠨᠡᠶᠢᠲᠡᠯᠡᠬᠦ ᠠᠭᠤᠯᠭ᠎ᠠ | ᠠᠵᠤ ᠠᠬᠤᠶᠢᠯᠠᠯ ᠨᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠡᠶ᠎ᠡ ᠶᠢᠨ ᠭᠠᠳᠠᠨᠠᠬᠢ | ᠣᠨᠣᠰᠢᠯᠠᠯᠲᠠ ᠶᠢᠨ ᠤᠷᠪᠠᠯᠵᠢ ᠶᠢ ᠪᠠᠭᠲᠠᠭᠠᠨ᠎ᠠ︶ ᠤᠨ ᠪᠦᠲᠦᠭᠡᠭᠳᠡᠬᠦᠨ ᠤ ᠮᠡᠳᠡᠭᠡ ᠵᠠᠩᠭᠢ ᠶᠢ ᠮᠡᠳᠡᠭᠦᠯᠦᠨ᠎ᠡ᠃ | ᠠᠵᠤ ᠠᠬᠤᠶᠢᠯᠠᠯ ᠨᠢ ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ︱ ᠥᠪᠥᠷ | ᠮᠣᠩᠭᠤᠯ ᠤᠨ ᠡᠮᠴᠢᠯᠡᠭᠡᠨ ᠤ ᠪᠠᠳᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ︱ ᠬᠥᠳᠡᠯᠦᠩᠭᠦᠢ | ᠲᠣᠬᠢᠷᠠᠭᠤᠯᠤᠯᠲᠠ ᠬᠠᠮᠢᠶᠠᠷᠤᠯᠲᠠ ᠠᠴᠠ ᠮᠡᠳᠡᠭᠡ ᠵᠠᠩᠬᠢ ᠶᠢ ᠪᠠᠶᠢᠴᠠᠭᠠᠨ ᠦᠵᠡᠵᠦ ᠪᠤᠯᠤᠨ᠎ᠠ᠃ | ᠬᠤᠶᠠᠷ᠂ ᠢᠯᠡ ᠨᠡᠶᠢᠲᠡᠯᠡᠬᠦ ᠴᠠᠭ | 2023 ᠣᠨ ᠤ 8 ᠳ᠋ᠤᠭᠠᠷ ᠰᠠᠷ᠎ᠠ ᠶᠢᠨ 21 ᠠᠴᠠ 8 ᠳ᠋ᠤᠭᠠᠷ ᠰᠠᠷ᠎ᠠ ᠶᠢᠨ 28 ᠤ ᠡᠳᠦᠷ ᠪᠤᠯᠳᠠᠯ᠎ᠠ᠃ | ᠭᠤᠷᠪᠠ᠂ ᠪᠤᠰᠤᠳ ᠵᠦᠢᠯ | ︵ᠨᠢᠭᠡ︶ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠤᠳ ᠬᠡᠷᠪᠡ ᠵᠠᠷᠯᠠᠨ ᠨᠡᠶᠢᠲᠡᠯᠡᠭᠰᠡᠨ ᠮᠡᠳᠡᠭᠡ ᠵᠠᠩᠭᠢ | ᠵᠢᠴᠢ ᠦᠢᠯᠡᠳᠬᠦᠨ ᠤ ᠦᠨ᠎ᠡ ᠬᠠᠩᠰᠢ ᠳᠤ ᠣᠨᠳᠣᠣ ᠰᠠᠨᠠᠯ ᠲᠠᠢ ᠪᠠᠶᠢᠪᠠᠯ᠂ ︽ᠬᠡᠨ ᠵᠣᠷᠢᠪᠠᠯ ᠲᠡᠷᠡ ᠭᠡᠷᠡᠴᠢ | ᠳᠤᠷᠠᠳᠬᠤ︾ ᠵᠠᠷᠴᠢᠮ ᠤᠨ ᠶᠣᠰᠣᠭᠠᠷ᠂ ᠦᠨᠡᠨ ᠪᠣᠳᠠᠲᠠᠢ ᠬᠦᠴᠦᠨ ᠲᠠᠢ᠂ ᠪᠦᠷᠢᠨ ᠭᠦᠢᠴᠡᠳ ᠭᠡᠷᠡᠴᠢᠯᠡᠬᠦ | ᠮᠠᠲ᠋ᠧᠷᠢᠶᠠᠯ ᠢ ᠬᠠᠩᠭᠠᠨ᠎ᠠ᠂ ᠬᠤᠭᠤᠴᠠᠭ᠎ᠠ ᠠᠴᠠ ᠪᠠᠨ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ | ᠦᠭᠡᠢ ᠪᠠᠶᠢᠪᠠᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃ | ︵ᠬᠤᠶᠠᠷ︶ ᠠᠵᠤ ᠠᠬᠤᠶᠢᠯᠠᠯ ᠤᠨ ᠳᠡᠪᠰᠢᠭᠦᠯᠦᠭᠰᠡᠨ ᠭᠤᠮᠤᠳᠠᠯ ᠲᠤᠭᠠᠴᠠᠬᠤ ︵ᠵᠠᠭᠠᠯᠳᠤᠯᠭ᠎ᠠ︶ | ᠮᠠᠲ᠋ᠧᠷᠢᠶᠠᠯ ᠳᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ | ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ᠂ | ᠬᠠᠤᠯᠢ ᠶᠢᠨ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ᠂ ᠪᠠᠶᠢᠳᠠᠯ ᠤᠨ ᠲᠣᠳᠣᠷᠬᠠᠶᠢᠯᠠᠯᠲᠠ ᠪᠠ | ᠬᠠᠮᠢᠶ᠎ᠠ ᠪᠦᠬᠦᠢ ᠲᠣᠳᠣᠷᠬᠠᠢ ᠪᠥᠭᠡᠳ ᠬᠦᠴᠦᠨ ᠲᠠᠢ ᠭᠡᠷᠡᠴᠢ ᠮᠠᠲ᠋ᠧᠷᠢᠶᠠᠯ ᠪᠠᠭᠲᠠᠨ᠎ᠠ᠃ | ︵ᠭᠤᠷᠪᠠ︶ ᠭᠠᠷᠳᠠᠭᠤᠯᠬᠤ ᠠᠷᠭ᠎ᠠ ᠮᠠᠶ᠋ᠢᠭ | 1᠂ ᠭᠤᠮᠤᠳᠠᠯ ᠲᠤᠭᠠᠴᠠᠬᠤ ︵ᠵᠠᠭᠠᠯᠳᠤᠯᠭ᠎ᠠ︶ ᠮᠠᠲ᠋ᠧᠷᠢᠶᠠᠯ ᠢ ᠲᠡᠮᠳᠡᠭᠯᠡᠬᠦ ︱ ᠰᠦᠯᠵᠢᠶᠡᠨ ᠳᠡᠭᠡᠷᠡᠬᠢ | ᠲᠤᠬᠠᠶᠢᠯᠠᠭᠰᠠᠨ ᠠᠵᠢᠯ ᠢ ᠭᠦᠢᠴᠡᠳᠬᠡᠬᠦ ᠰᠢᠰᠲ᠋ᠧᠮ ︱ ᠬᠤᠷᠣᠭᠳᠠᠯ ᠮᠠᠲ᠋ᠧᠷᠢᠶᠠᠯ ᠤᠨ ᠦᠢᠯᠡᠳᠬᠦᠨ ᠤ ᠮᠡᠳᠡᠭᠦᠯᠬᠦ | ᠲᠤᠬᠠᠶᠢᠯᠠᠭᠰᠠᠨ ᠠᠵᠢᠯ ᠤᠨ ᠭᠤᠶᠤᠴᠢᠯᠠᠯ ᠮᠡᠳᠡᠭᠦᠯᠦᠯᠳᠡ ᠶᠢ ᠲᠤᠰᠢᠶᠠᠬᠤ ᠲᠤᠬᠠᠶᠢᠯᠠᠭᠰᠠᠨ ᠠᠵᠢᠯ ᠢ ᠭᠥᠯᠢᠶᠡᠨ | ᠠᠪᠴᠤ ᠰᠢᠢᠳᠪᠦᠷᠢᠯᠡᠬᠦ᠃ | 2᠂ ᠲᠤᠬᠠᠢ ᠶᠢᠨ ᠲᠠᠯᠠᠪᠤᠷ ᠲᠤ ᠮᠠᠲ᠋ᠧᠷᠢᠶᠠᠯ ᠢᠶᠠᠨ ᠲᠤᠰᠢᠶᠠᠬᠤ ᠠᠵᠤ ᠠᠬᠤᠶᠢᠯᠠᠯ ᠨᠢ ᠮᠠᠲ᠋ᠧᠷᠢᠶᠠᠯ ᠢᠶᠠᠨ | ᠨᠢᠭᠤᠷ ᠳᠠᠷᠠᠭᠠᠯᠠᠨ ᠠᠵᠤ ᠠᠬᠤᠶᠢᠯᠠᠯ ᠤᠨ ᠠᠯᠪᠠᠨ ᠲᠠᠮᠠᠭ᠎ᠠ ︵ᠠᠯᠪᠠᠨ ᠲᠠᠮᠠᠭ᠎ᠠ ᠶᠢ ᠲᠣᠳᠣᠷᠬᠠᠢ ᠣᠯᠵᠤ ᠦᠵᠡᠬᠦ | ᠴᠢᠬᠤᠯᠠ ᠲᠠᠢ︶ ᠶᠢ ᠳᠠᠷᠤᠭᠰᠠᠨ ᠤ ᠳᠠᠷᠠᠭ᠎ᠠ᠂ ᠴᠤᠩᠬᠤᠪᠴᠢ ᠪᠠᠷ ᠲᠤᠰᠢᠶᠠᠵᠤ ᠭᠦᠢᠴᠡᠳᠬᠡᠨ᠎ᠡ᠃ | ︵ᠳᠥᠷᠪᠡ︶ ᠢᠯᠡ ᠨᠡᠶᠢᠲᠡᠯᠡᠬᠦ ᠬᠤᠭᠤᠴᠠᠭᠠᠨ ᠳᠤ ᠭᠥᠯᠢᠶᠡᠨ ᠠᠪᠤᠭᠰᠠᠨ ᠭᠤᠮᠤᠳᠠᠯ ᠲᠤᠭᠠᠴᠠᠬᠤ ︵ | ᠵᠠᠭᠠᠯᠳᠤᠯᠭ᠎ᠠ︶ ᠢ ᠲᠥᠪᠯᠡᠷᠡᠭᠦᠯᠦᠨ ᠰᠢᠢᠳᠪᠦᠷᠢᠯᠡᠵᠦ᠂ ᠲᠤᠬᠠᠢ ᠶᠢᠨ ᠦᠶ᠎ᠡ ᠳᠤ ᠥᠪᠡᠷᠲᠡᠭᠡᠨ ᠵᠠᠰᠠᠬᠤ ᠣᠷᠣᠨ ᠤ | ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠡᠮᠵᠢᠨ ᠦᠷ᠎ᠡ ᠳ᠋ᠦᠩ ᠢ ᠨᠢᠭᠡᠳᠦᠯᠲᠡᠢ ᠨᠡᠶᠢᠲᠡᠯᠡᠨ᠎ᠡ᠃ | ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠦᠢᠯᠡᠳᠬᠦᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠬᠦᠨ ᠤ ᠠᠷᠠᠯᠵᠢᠶ᠎ᠠ ᠶᠢᠨ ᠬᠥᠮᠥᠷᠭᠡ ᠳᠤ ᠣᠷᠣᠭᠤᠯᠤᠨ᠎ᠠ᠃ | ᠳᠥᠷᠪᠡ᠂ ᠬᠠᠷᠢᠯᠴᠠᠬᠤ ᠠᠷᠭ᠎ᠠ ᠮᠠᠶ᠋ᠢᠭ | 0471—4919735 ︵ᠮᠠᠲ᠋ᠧᠷᠢᠶᠠᠯ ᠢ ᠭᠥᠯᠢᠶᠡᠨ ᠠᠪᠬᠤ︶ | 0471—4930595 ︵ᠲᠤᠬᠠᠶᠢᠯᠠᠭᠰᠠᠨ ᠠᠵᠢᠯ ᠤᠨ ᠯᠠᠪᠯᠠᠯᠭ᠎ᠠ︶ | ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ | 19 ᠳ᠋ᠤᠭᠡᠷ ᠨᠣᠮᠧᠷ | | | ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ | 2023 ᠣᠨ ᠤ 8 ᠳ᠋ᠤᠭᠠᠷ ᠰᠠᠷ᠎ᠠ ᠶᠢᠨ 21 ᠤ ᠡᠳᠦᠷ | | | |