ᠬᠡᠰᠡᠭ ᠡᠮ ᠤᠨ ᠵᠦᠢᠯ ᠤᠨ ᠦᠨ᠎ᠡ ᠬᠠᠩᠰᠢ ᠶᠢ ᠲᠣᠳᠣᠷᠬᠠᠶᠢᠯᠠᠭᠰᠠᠨ ᠵᠦᠢᠯᠡᠰ ᠢ ᠭᠦᠢᠴᠡᠳᠬᠡᠭᠰᠡᠨ ᠦᠷ᠎ᠡ ᠳ᠋ᠦᠩ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/8/24
        ᠥᠪᠥᠷ ᠡᠮ ᠬᠤᠳᠠᠯᠳᠤᠨ ᠠᠪᠬᠤ ᠲᠥᠪ ᠦᠰᠦᠭ ﹇2023﹈ 178 ᠳ᠋ᠤᠭᠠᠷ ᠲᠣᠭᠠᠲᠤ ᠡᠯ᠎ᠡ ᠬᠤᠯᠪᠣᠭᠳᠠᠯ ᠪᠥᠬᠦᠶ ᠨᠢᠭᠡᠴᠢ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2022﹈ 246 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠰᠦᠯᠵᠢᠶᠡᠨ ᠳᠤ ᠬᠤᠯᠪᠤᠭᠰᠠᠨ ᠡᠮ ᠤᠨ ᠵᠦᠢᠯ ᠤᠨ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠠᠵᠢᠯ ᠢ ᠥᠷᠨᠢᠭᠦᠯᠵᠦ᠂ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ ᠬᠡᠰᠡᠭ ᠡᠮ ᠤᠨ ᠵᠦᠢᠯ ᠢ ᠲᠣᠭᠲᠠᠭᠠᠯ ᠶᠣᠰᠣᠭᠠᠷ ᠪᠥᠬᠦ ᠤᠯᠤᠰ ᠲᠤ ᠬᠠᠮᠤᠭ ᠤᠨ ᠳᠣᠤᠷ᠎ᠠ ᠦᠨ᠎ᠡ ᠪᠠᠷ ᠬᠤᠯᠪᠣᠭᠠᠯᠠᠨ ᠬᠥᠳᠡᠯᠦᠯᠴᠡᠭᠰᠡᠨ ᠥᠬᠡᠶ᠂ ᠠᠵᠤ ᠠᠬᠤᠶᠢᠯᠠᠯ ᠳᠤ ᠮᠡᠳᠡᠭᠳᠡᠵᠦ ᠱᠠᠭᠠᠷᠳᠠᠯᠭ᠎ᠠ ᠶᠣᠰᠣᠭᠠᠷ ᠲᠣᠭᠲᠠᠭᠰᠠᠨ ᠴᠠᠭ ᠤᠨ ᠳᠣᠲᠣᠷ᠎ᠠ ᠲᠣᠳᠣᠷᠬᠠᠶᠢᠯᠠᠭᠤᠯᠤᠭᠰᠠᠨ ᠥᠬᠡᠶ᠂ ᠡᠳᠦᠭᠡ ᠠᠵᠤ ᠠᠬᠤᠶᠢᠯᠠᠯ ᠤᠨ ᠲᠤᠳᠤᠷᠬᠠᠶᠢᠯᠠᠨ᠎ᠠ ᠳᠣᠭᠲᠠᠭᠠᠭᠰᠠᠨ ᠵᠦᠢᠯᠡᠰ ᠢ ᠭᠦᠢᠴᠡᠳᠬᠡᠭᠰᠡᠨ ᠦᠷ᠎ᠡ ᠳ᠋ᠦᠩ ᠢ ᠨᠡᠶᠢᠲᠡᠯᠡᠵᠦ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠨᠢ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ ᠡᠮ ᠤᠨ ᠵᠦᠢᠯ ᠤᠨ ᠳᠠᠭᠠᠭᠠᠴᠢᠯᠠᠯᠲᠠ ᠵᠠᠷᠯᠠᠬᠤ ᠰᠢᠰᠲ᠋ᠧᠮ — ︽ᠡᠮ ᠤᠨ ᠵᠦᠢᠯ ᠤᠨ ᠳᠠᠭᠠᠭᠠᠴᠢᠯᠠᠯᠲᠠ ᠵᠠᠷᠯᠠᠬᠤ ᠬᠠᠮᠢᠶᠠᠷᠤᠯᠲᠠ︾ — ︽ᠬᠦᠳᠡᠯᠦᠩᠭᠦᠢ ᠲᠣᠬᠢᠷᠠᠭᠤᠯᠤᠯᠲᠠ ᠬᠠᠮᠢᠶᠠᠷᠤᠯᠲᠠ︾ — ︽ᠡᠮ ᠤᠨ ᠵᠦᠢᠯ ᠤᠨ ᠬᠡᠪ ᠤᠨ ᠪᠤᠰᠤ ᠦᠨ᠎ᠡ ᠬᠠᠩᠰᠢ ᠶᠢ ᠵᠢᠭᠰᠠᠭᠠᠨ ᠪᠠᠶᠢᠴᠠᠭᠠᠬᠤ ᠠᠵᠤ ᠠᠬᠤᠶᠢᠯᠠᠯ ᠤᠨ ᠲᠣᠳᠣᠷᠬᠠᠶᠢᠯᠠᠭᠰᠠᠨ ᠵᠦᠢᠯᠡᠰ ᠢ ᠭᠦᠢᠴᠡᠳᠭᠡᠭᠰᠡᠨ ᠦᠷ᠎ᠡ ᠳ᠋ᠦᠩ︾ ᠳᠤ ᠳᠠᠩᠰᠠᠯᠠᠭᠤᠯᠤᠨ ᠲᠡᠮᠳᠡᠭᠯᠡᠭᠦᠯᠵᠦ᠂ ᠠᠵᠤ ᠠᠬᠤᠶᠢᠯᠠᠯ ᠤᠨ ᠲᠣᠳᠣᠷᠬᠠᠶᠢᠯᠠᠭᠰᠠᠨ ᠵᠦᠢᠯᠡᠰ ᠤᠨ ᠰᠢᠢᠳᠪᠦᠷᠢᠯᠡᠭᠰᠡᠨ ᠦᠷ᠎ᠡ ᠳ᠋ᠦᠩ ᠢ 2023 ᠣᠨ ᠤ 8 ᠳ᠋ᠤᠭᠠᠷ ᠰᠠᠷ᠎ᠠ ᠶᠢᠨ 30 ᠤ ᠡᠳᠦᠷ ᠵᠢᠩᠬᠢᠨᠢ ᠪᠠᠷ ᠬᠡᠷᠡᠭᠵᠢᠭᠦᠯᠦᠨ᠎ᠡ᠃         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2023 ᠣᠨ ᠤ 8 ᠳ᠋ᠤᠭᠠᠷ ᠰᠠᠷ᠎ᠠ ᠶᠢᠨ 24 ᠤ ᠡᠳᠦᠷ     
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号