︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/8/28
  ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠬᠦᠯᠵᠦ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠦᠯᠦᠪᠵᠢᠬᠦᠯᠦᠭᠰᠡᠨ᠂ ᠲᠥᠪ ᠭᠤᠣᠯᠴᠢ ᠨᠢᠭᠡᠳᠦᠯᠲᠡᠢ᠂ ᠠᠮᠤᠷ ᠲᠦᠪᠰᠢᠨ ᠢᠶᠠᠷ ᠵᠢᠷᠤᠮᠵᠢᠭᠤᠨ᠂ ᠦᠷᠭᠦᠯᠵᠢᠯᠡᠨ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠦᠨ᠎ᠡ᠃ ︽2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ       ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ︵ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2020﹈ 24 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2020﹈ 18 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄  ᠨᠢᠭᠡ᠂ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠳᠠᠭᠠᠳᠬᠠᠯ ᠤᠨ ᠪᠠᠯᠠ ᠴᠤᠭᠯᠠᠭᠤᠯᠬᠤ ᠪᠠ ᠬᠠᠷᠠᠭᠠᠯᠵᠠᠯ ᠤᠨ ᠪᠠᠲᠤᠯᠠᠭ᠎ᠠ ᠶᠢᠨ ᠠᠵᠢᠯ ᠤᠨ ᠪᠣᠳᠠᠲᠠᠶ ᠲᠣᠬᠢᠷᠠᠭᠤᠯᠤᠯᠲᠠ ᠨᠢ ᠶᠠᠮᠠᠷ ᠪᠣᠶ︖  ᠪᠡᠯᠡ ᠮᠥᠩᠭᠦ ᠴᠤᠭᠯᠠᠭᠤᠯᠬᠤ ᠪᠠᠷᠢᠮᠵᠢᠶ᠎ᠠ ᠶᠢᠨ ᠲᠠᠯ᠎ᠠ ᠪᠠᠷ᠂ ︽ᠮᠡᠳᠡᠭᠳᠡᠯ︾ ᠨᠢ ᠠᠵᠤ ᠠᠬᠤᠶ ᠨᠡᠶᠢᠭᠡᠮ ᠤᠨ ᠬᠥᠭᠵᠢᠯᠲᠡ ᠪᠠ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠦᠨᠳᠦᠰᠦᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ᠳᠣᠲᠣᠷᠠᠬᠢ ︽2023 ᠣᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠨᠢ 1020 ᠲᠥᠭᠦᠷᠢᠭ ᠪᠣᠯᠤᠨ᠎ᠠ᠂ ᠡᠭᠦᠨ ᠳᠤ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠪᠦᠷᠢ ᠳᠤ ᠳᠤᠮᠳᠠᠴᠢ ᠪᠠᠷ 640 ᠲᠥᠭᠦᠷᠢᠭ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠦᠨ ᠪᠦᠷᠢ ᠵᠢᠯ ᠳᠤ 380 ᠲᠥᠭᠦᠷᠢᠭ ᠲᠤ ᠬᠦᠷᠭᠡᠬᠦ︾ ᠬᠤᠯᠪᠣᠭᠳᠠᠯ ᠪᠦᠬᠦᠢ ᠱᠠᠭᠠᠷᠳᠠᠯᠭ᠎ᠠ ᠳᠤ ᠬᠦᠷᠭᠡᠵᠦ᠂ 2023 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠪᠠᠲᠤᠯᠠᠭ᠎ᠠ ︵ᠳᠣᠷᠣᠭᠰᠢ ︽ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ︾ ᠭᠡᠵᠦ ᠲᠣᠪᠴᠢᠯᠠᠨ᠎ᠠ︶ ᠤᠨ ᠪᠠᠯᠠ ᠴᠤᠭᠯᠠᠭᠤᠯᠬᠤ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ 1020 ᠲᠥᠭᠦᠷᠢᠭ ᠠᠴᠠ ᠳᠣᠤᠷ᠎ᠠ ᠥᠬᠡᠶ ᠬᠡᠮᠵᠢᠶᠡᠨ ᠳᠤ ᠬᠦᠷᠭᠡᠵᠦ᠂ ᠡᠭᠦᠨ ᠳᠤ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠵᠦ᠂ ᠬᠥᠮᠦᠨ ᠪᠦᠷᠢ ᠳᠤ ᠲᠤᠮᠳᠠᠴᠢ ᠪᠠᠷ ᠵᠢᠯ ᠳᠤ 640 ᠲᠥᠭᠦᠷᠢᠭ ᠠᠴᠠ ᠳᠣᠤᠷ᠎ᠠ ᠪᠠᠶᠢᠯᠭᠠᠵᠤ ᠪᠣᠯᠬᠤ ᠥᠬᠡᠶ ᠭᠡᠵᠦ ᠲᠣᠳᠣᠷᠬᠠᠶ ᠲᠣᠭᠲᠠᠭᠠᠵᠠᠶ᠃ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠦᠨ ᠪᠦᠷᠢ ᠵᠢᠯ ᠳᠤ 380 ᠲᠥᠭᠦᠷᠢᠭ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ ᠡᠭᠦᠨ ᠤ ᠬᠠᠮᠲᠤ ᠲᠣᠰ ᠭᠠᠵᠠᠷ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠪᠣᠳᠠᠲᠠᠶ ᠪᠠᠯᠠ ᠴᠤᠭᠯᠠᠭᠤᠯᠬᠤ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠬᠡᠷᠡᠭᠲᠡᠶ ᠭᠡᠵᠦ ᠱᠠᠭᠠᠷᠳᠠᠪᠠ᠃ ᠬᠠᠷᠠᠭᠠᠯᠵᠠᠯ ᠤᠨ ᠪᠠᠲᠤᠯᠠᠭ᠎ᠠ ᠶᠢᠨ ᠲᠠᠯ᠎ᠠ ᠪᠠᠷ᠂ ︽ᠮᠡᠳᠡᠭᠳᠡᠯ︾ ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠯᠢᠭ ᠬᠠᠭᠤᠳᠠᠰᠤ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠷᠢᠮ ᠤᠨ ᠵᠢᠷᠤᠮᠵᠢᠯ ᠨᠢᠭᠡᠳᠦᠯᠲᠡᠢ᠂ ᠬᠠᠷᠠᠭᠠᠯᠵᠠᠯ ᠤᠨ ᠪᠠᠲᠤᠯᠠᠭ᠎ᠠ ᠲᠡᠩᠴᠡᠭᠦᠷᠢᠲᠡᠢ ᠪᠠᠶᠢᠬᠤ ᠶᠢ ᠪᠠᠷᠢᠮᠲᠠᠯᠠᠵᠤ᠂ ᠡᠷᠬᠡ ᠲᠡᠭᠰᠢ ᠪᠠᠲᠤᠯᠠᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠳᠤ ᠭᠤᠣᠯᠳᠠᠭᠤ ᠭᠤᠷᠪᠠᠨ ᠲᠠᠯ᠎ᠠ ᠶᠢ ᠪᠠᠭᠲᠠᠭᠠᠨ᠎ᠠ᠂ ᠨᠢᠭᠡ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ ᠰᠠᠭᠤᠬᠤ ᠬᠠᠷᠠᠭᠠᠯᠵᠠᠯ ᠤᠨ ᠬᠢᠷᠢ ᠲᠦᠪᠰᠢᠨ ᠢ ᠪᠠᠬᠢᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠰᠠᠭᠤᠷᠢ ᠮᠥᠩᠭᠦ ᠶᠢᠨ ᠥᠭᠬᠦ ᠬᠠᠷᠢᠴᠠᠯ ᠢ 70% ᠣᠷᠴᠢᠮ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ  ᠳᠡᠭᠡᠭᠰᠢᠯᠡᠬᠦᠯᠬᠦ ᠬᠡᠷᠡᠭᠲᠡᠢ᠃ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠳᠦᠷᠢᠮ ᠢ ᠪᠦᠬᠦ ᠲᠠᠯ᠎ᠠ ᠪᠠᠷ ᠥᠷᠨᠢᠭᠦᠯᠵᠦ᠂ ᠨᠥᠬᠦᠴᠡᠯ ᠲᠠᠢ ᠭᠠᠵᠠᠷ ᠣᠷᠣᠨ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠣᠨ ᠤ ᠰᠢᠨ᠎ᠡ ᠪᠠᠷ ᠨᠡᠮᠡᠭᠳᠡᠭᠰᠡᠨ ᠪᠡᠯᠡ ᠬᠤᠷᠠᠮᠳᠤᠭᠤᠯᠬᠤ ᠵᠣᠬᠢᠬᠤ ᠬᠠᠷᠢᠴᠠᠯ ᠢ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠳᠤ ᠬᠡᠷᠡᠭᠯᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠲᠡᠶᠢᠰᠢ ᠦᠷᠭᠦᠯᠵᠢᠯᠡᠨ ᠬᠡᠯᠪᠠᠶᠢᠯᠭᠡᠵᠦ ᠪᠣᠯᠤᠨ᠎ᠠ᠃ ᠣᠳᠣ ᠶᠢᠨ ᠪᠠᠶᠢᠭ᠎ᠠ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠵᠦ᠂ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ ᠤᠯᠤᠰ ᠤᠨ ᠪᠠᠶᠢᠷᠢᠯᠠᠭᠤᠯᠤᠯᠲᠠ ᠶᠣᠰᠣᠭᠠᠷ᠂ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠵᠣᠬᠢᠴᠠᠮᠵᠢ ᠶᠢᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠬᠦᠷᠲᠡᠯ᠎ᠡ ᠥᠷᠭᠡᠳᠬᠡᠨ᠎ᠡ᠃ ᠭᠤᠷᠪᠠ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠦᠩᠭᠡᠷᠡᠭᠦᠯᠬᠦ ᠬᠡᠷᠡᠭᠲᠡᠢ᠃ ᠡᠭᠦᠨ ᠠᠴᠠ ᠭᠠᠳᠠᠨ᠎ᠠ᠂ ︽ᠮᠡᠳᠡᠭᠳᠡᠯ︾ ᠳᠤ ᠪᠠᠰᠠ ᠡᠮᠴᠢᠯᠡᠭᠡᠨ ᠤ ᠦᠨᠳᠦᠰᠦᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠵᠢᠭᠦᠯᠭᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃  ᠬᠤᠶᠠᠷ᠂ ᠡᠮᠴᠢᠯᠡᠭᠡᠨ ᠤ ᠳᠠᠭᠠᠳᠬᠠᠯ ᠢ ᠬᠠᠮᠤᠷᠬᠤ ᠬᠡᠪᠴᠢᠶ᠎ᠡ ᠶᠢ ᠥᠷᠭᠡᠳᠬᠡᠬᠦ᠂ ᠪᠥᠬᠦ ᠠᠷᠠᠳ ᠤᠨ ᠡᠮᠴᠢᠯᠡᠭᠡᠨ ᠤ ᠳᠠᠭᠠᠳᠬᠠᠯ ᠢ ᠪᠠᠬᠢᠵᠢᠭᠦᠯᠦᠨ ᠪᠦᠷᠢᠨᠰᠢᠭᠦᠯᠬᠦ ᠲᠠᠯ᠎ᠠ ᠪᠠᠷ ᠶᠠᠮᠠᠷ ᠶᠠᠮᠠᠷ ᠪᠣᠳᠠᠲᠠᠶ ᠱᠠᠭᠠᠷᠳᠠᠯᠭ᠎ᠠ ᠪᠠᠶᠢᠬᠤ ᠪᠣᠶ︖  ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ︽ᠡᠮᠴᠢᠯᠡᠭᠡᠨ ᠤ ᠦᠨᠳᠦᠰᠦᠨ ᠪᠠᠲᠤᠯᠠᠭ᠎ᠠ ᠶᠢᠨ ᠪᠥᠬᠦ ᠠᠷᠠᠳ ᠢᠶᠠᠷ ᠢᠶᠠᠨ ᠪᠠᠲᠤᠯᠠᠭ᠎ᠠ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠵᠣᠬᠢᠴᠠᠮᠵᠢ ᠶᠢ ᠪᠠᠶᠢᠭᠤᠯᠬᠤ ᠲᠤᠬᠠᠶ ᠰᠠᠨᠠᠯ︾ ︵ᠥᠪᠥᠷ ᠡᠮᠴᠢᠯᠡᠭᠡ ᠪᠠᠳᠤᠯᠠᠭ᠎ᠠ ᠲᠠᠷᠬᠠᠭᠠᠭᠰᠠᠨ ﹇2022﹈ 24 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠨ᠂ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤ ᠬᠠᠮᠲᠤᠷᠠᠨ ᠬᠥᠳᠡᠯᠦᠯᠴᠡᠵᠦ ᠪᠠᠲᠤᠯᠠᠭ᠎ᠠ ᠳᠤ ᠣᠷᠣᠯᠴᠠᠬᠤ ᠰᠢᠰᠲ᠋ᠧᠮᠵᠢ ᠶᠢ ᠪᠠᠶᠢᠭᠤᠯᠵᠤ᠂ ᠡᠭᠦᠷᠭᠡ ᠶᠢᠨ ᠬᠠᠷᠠᠯᠲᠠ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠡᠯ᠎ᠡ ᠱᠠᠲᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠬᠡᠷᠡᠭᠲᠡᠶ᠃ ᠨᠢᠭᠡ ᠳᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠰᠠᠭᠤᠷᠢ ᠲᠤᠭ᠎ᠠ ᠶᠢ ᠣᠨᠣᠪᠴᠢᠲᠠᠢ ᠡᠵᠡᠮᠰᠢᠬᠦ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠡᠪᠴᠢᠶ᠎ᠡ ᠶᠢ ᠥᠷᠭᠡᠳᠬᠡᠬᠦ ᠶᠢ  ᠬᠡᠷᠡᠭᠵᠢᠬᠦᠯᠬᠦ ᠬᠡᠷᠡᠭᠲᠡᠢ᠃ ᠭᠤᠷᠪᠠ ᠳᠤ᠂ ᠣᠷᠣᠰᠢᠨ ᠰᠠᠭᠤᠬᠤ ᠦᠨᠡᠮᠯᠡᠯ ᠲᠠᠢ ᠪᠠᠲᠤᠯᠠᠭ᠎ᠠ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠨᠢ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠠᠳᠠᠯᠢ ᠪᠠᠷᠢᠮᠵᠢᠶ᠎ᠠ ᠶᠢᠨ ᠶᠣᠰᠣᠭᠠᠷ ᠨᠥᠬᠦᠪᠥᠷᠢ ᠥᠭᠬᠦ ᠬᠡᠷᠡᠭᠲᠡᠶ᠃ ᠳᠥᠷᠪᠡ ᠳᠤ᠂ ᠪᠠᠲᠤᠯᠠᠭ᠎ᠠ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠣᠯᠠᠨ ᠠᠷᠭ᠎ᠠ ᠵᠠᠮ ᠢᠶᠠᠷ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠠᠩᠭᠠᠬᠤ ᠬᠡᠷᠡᠭᠲᠡᠢ᠃ ᠲᠠᠪᠤ ᠳᠤ᠂ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠭᠰᠡᠨ ᠠᠵᠢᠯ ᠤᠨ ᠦᠷ᠎ᠡ ᠪᠦᠲᠦᠭᠡᠯ ᠢ ᠣᠨ ᠤ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠲᠠᠢ ᠬᠤᠯᠪᠣᠭᠳᠠᠭᠤᠯᠵᠤ᠂ ᠦᠷᠭᠦᠯᠵᠢᠯᠡᠨ ᠪᠠᠲᠤᠯᠠᠭ᠎ᠠ ᠳᠤ ᠣᠷᠣᠯᠴᠠᠵᠤ ᠰᠦᠢᠳᠬᠡᠯ ᠲᠤᠰᠢᠶᠠᠭᠰᠠᠨ ᠤᠷᠮᠠᠰᠢᠭᠤᠯᠤᠯ ᠤᠨ ᠵᠣᠬᠢᠴᠠᠮᠵᠢ ᠶᠢ ᠬᠠᠶᠢᠨ ᠰᠦᠪᠡᠭᠴᠢᠯᠡᠬᠦ ᠬᠡᠷᠡᠭᠲᠡᠢ᠃  ᠭᠤᠷᠪᠠ᠂ ᠡᠮᠴᠢᠯᠡᠭᠡᠨ ᠤ ᠳᠠᠭᠠᠳᠬᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠬᠡᠷᠬᠢᠨ ᠤᠯᠠᠮ ᠨᠢᠭᠡ ᠠᠯᠬᠤᠮ ᠠᠬᠢᠭᠤᠯᠬᠤ ᠪᠣᠶ︖  ︽ᠡᠮᠴᠢᠯᠡᠭᠡᠨ ᠤ ᠦᠨᠳᠦᠰᠦᠨ ᠳᠠᠭᠠᠳᠬᠠᠯ ᠲᠠᠢ︾ ᠪᠠᠶᠢᠬᠤ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠯᠵᠢᠯᠲᠡ ᠶᠢᠨ ᠬᠤᠭᠤᠴᠠᠭᠠᠨ ᠤ ᠡᠮᠴᠢᠯᠡᠭᠡᠨ ᠤ ᠪᠠᠲᠤᠯᠠᠭ᠎ᠠ ᠶᠢᠨ ᠶᠡᠷᠦᠩᠬᠡᠶᠢᠯᠡᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠪᠣᠯᠤᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠲᠣᠭᠲᠠᠭᠤᠨ ᠢᠶᠠᠷ ᠪᠡᠶᠡᠯᠡᠭᠦᠯᠵᠦ᠂ ᠭᠤᠷᠪᠠᠨ ᠵᠦᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠦᠢᠯᠡᠳᠦᠯ ᠴᠢᠳᠠᠪᠤᠷᠢ ᠶᠢ ᠴᠢᠩᠭᠠᠳᠬᠠᠵᠤ᠂ ᠡᠪᠡᠳᠴᠢᠨ ᠠᠴᠠ ᠪᠤᠯᠵᠤ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ︽ᠮᠡᠳᠡᠭᠳᠡᠯ︾ ᠳᠤ ᠭᠤᠷᠪᠠᠨ ᠵᠦᠢᠯ ᠤᠨ ᠱᠠᠭᠠᠷᠳᠠᠯᠭ᠎ᠠ ᠳᠤᠷᠠᠳᠪᠠ᠂ ᠨᠢᠭᠡ ᠳᠤ᠂ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠲᠤᠯᠭᠠᠭᠤᠷᠢᠯᠠᠬᠤ ᠴᠢᠳᠠᠪᠤᠷᠢ ᠪᠠ ᠬᠦᠴᠢᠷᠳᠡᠯᠲᠡᠶ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠲᠥᠷᠥᠯ ᠬᠤᠪᠢᠶᠠᠨ ᠲᠤᠰᠠᠯᠠᠵᠤ ᠪᠠᠲᠤᠯᠠᠭ᠎ᠠ ᠳᠤ ᠣᠷᠣᠯᠴᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠬᠦᠯᠬᠦ ᠬᠡᠷᠡᠭᠲᠡᠢ᠃ ᠬᠤᠶᠠᠷ ᠲᠤ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠵᠣᠬᠢᠴᠠᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠮᠴᠢᠯᠡᠭᠡᠨ ᠤ ᠥᠨᠳᠥᠷ ᠲᠣᠭᠠᠨ ᠤ ᠵᠠᠷᠤᠳᠠᠯ ᠤᠨ ᠳᠠᠷᠤᠭᠠᠰᠤ ᠶᠢᠨ ᠡᠪᠡᠳᠴᠢᠲᠡᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠷᠢᠮᠵᠢᠶ᠎ᠠ ᠳᠤ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠯᠲᠠ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢᠨ ᠴᠠᠭᠴᠢ ᠴᠢᠨᠠᠷ ᠤᠨ ᠣᠨᠣᠪᠴᠢᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠬᠦᠴᠢᠷᠳᠡᠯᠲᠡᠶ ᠬᠦᠨᠳᠦ ᠡᠪᠡᠳᠴᠢᠲᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠳᠤ ᠣᠷᠣᠯᠴᠠᠭᠤᠯᠵᠤ᠂ ᠣᠯᠠᠨ ᠡᠰᠢᠵᠢᠭᠰᠡᠨ ᠠᠪᠤᠷᠠᠨ ᠲᠤᠰᠠᠯᠠᠬᠤ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ      ᠬᠡᠷᠡᠭᠲᠡᠢ᠃  ᠳᠥᠷᠪᠡ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ᠂ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠬᠠᠩᠰᠢ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠶᠠᠮᠠᠷ ᠶᠠᠮᠠᠷ ᠪᠣᠳᠠᠲᠠᠶ ᠲᠣᠬᠢᠷᠠᠭᠤᠯᠤᠯᠲᠠ ᠪᠠᠶᠢᠬᠤ ᠪᠣᠶ︖  ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠠᠯ᠎ᠠ ᠪᠠᠷ᠂ ᠲᠠᠪᠤᠨ ᠵᠦᠢᠯ ᠤᠨ ᠪᠣᠳᠠᠲᠠᠶ ᠱᠠᠭᠠᠷᠳᠠᠯᠭ᠎ᠠ ᠶᠢ ᠳᠤᠷᠠᠳᠪᠠ᠂ ᠨᠢᠭᠡ ᠳᠤ᠂ 2022 ᠣᠨ ᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠬᠡᠯᠡᠯᠴᠡᠭᠡ ᠬᠢᠬᠦ ᠡᠮ ᠤᠨ ᠵᠦᠢᠯ ᠤᠨ ︽ᠬᠤᠤᠰ ᠵᠠᠮ︾ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠦᠨ ᠵᠣᠷ ᠤᠨ ᠲᠥᠪ ᠤᠨ ᠬᠡᠷᠡᠭᠯᠡᠯᠲᠡ ᠶᠢ ᠪᠥᠬᠦ ᠲᠠᠯ᠎ᠠ ᠪᠠᠷ ᠬᠡᠷᠡᠭᠵᠢᠬᠦᠯᠬᠦ ᠬᠡᠷᠡᠭᠲᠡᠢ᠃ ᠬᠤᠶᠠᠷ ᠲᠤ᠂ ᠦᠨᠳᠦᠰᠦᠲᠡᠨ ᠤ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ ᠪᠠ ᠬᠢᠲᠠᠳ ᠡᠮ ᠤᠨ ᠴᠢᠨᠠᠬᠤ ᠡᠮ ᠤᠨ ᠡᠮᠴᠢᠯᠡᠭᠡᠨ ᠤ ᠳᠠᠭᠠᠭᠳᠬᠠᠯ ᠳᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠶᠢᠨ ᠬᠠᠮᠲᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠬᠡᠷᠡᠭᠲᠡᠢ᠃ ᠭᠤᠷᠪᠠ ᠳᠤ᠂ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠴᠠᠭ ᠲᠤᠬᠠᠶ ᠳᠤ ᠨᠢ ᠤᠷᠤᠭᠤᠯᠬᠤ ᠬᠡᠷᠡᠭᠲᠡᠢ᠃ ᠳᠥᠷᠪᠡ ᠳᠤ᠂ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ 2023 ᠣᠨ ᠳᠤ ᠪᠥᠬᠦ ᠨᠥᠬᠦᠴᠡᠯ ᠳᠤ ᠨᠡᠶᠢᠴᠡᠬᠦ ᠡᠮᠨᠡᠯᠭᠡ ᠳᠤ ᠰᠠᠭᠤᠬᠤ ᠦᠢᠯᠡᠴᠢᠯᠡᠭᠡ ᠥᠷᠨᠢᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠶᠢ ᠬᠠᠮᠤᠷᠤᠭᠰᠠᠨ ᠪᠠᠶᠢᠬᠤ ᠬᠡᠷᠡᠭᠲᠡᠢ᠃ ᠲᠠᠪᠤ ᠳᠤ᠂ ᠡᠮᠴᠢᠯᠡᠭᠡᠨ ᠤ ᠳᠠᠭᠠᠳᠬᠠᠯ ᠢᠶᠠᠷ ︽ᠢᠨᠲ᠋ᠧᠷ ᠰᠦᠯᠵᠢᠶ᠎ᠡ︾ ᠶᠢᠨ ᠡᠮᠴᠢᠯᠡᠭᠡ ᠶᠢᠨ ᠦᠢᠯᠡᠴᠢᠯᠡᠭᠡᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢ ᠳᠡᠮᠵᠢᠬᠦ᠂ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠦᠭᠵᠢᠬᠦᠯᠬᠦ ᠶᠢ ᠳᠡᠮᠵᠢᠬᠦ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠠᠯ᠎ᠠ ᠪᠠᠷ᠂ ᠳᠥᠷᠪᠡᠨ ᠵᠦᠢᠯ ᠤᠨ ᠪᠣᠳᠠᠲᠠᠶ ᠱᠠᠭᠠᠷᠳᠠᠯᠭ᠎ᠠ ᠳᠤᠷᠠᠳᠪᠠ᠂ ᠨᠢᠭᠡ ᠳᠤ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠤᠯᠤᠰ ᠠᠴᠠ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠦᠷ᠎ᠡ ᠳ᠋ᠦᠩ ᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠵᠦ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠤᠨ ︽ᠰᠦᠯᠵᠢᠶ᠎ᠡ ᠪᠠᠷ ᠬᠤᠳᠠᠯᠳᠤᠨ ᠠᠪᠬᠤ ᠨᠣᠷᠮ᠎ᠠ︾ ᠶᠢ ᠦᠷᠭᠦᠯᠵᠢᠯᠡᠨ ᠳᠡᠭᠡᠭᠰᠢᠯᠡᠬᠦᠯᠬᠦ ᠬᠡᠷᠡᠭᠲᠡᠢ᠃ ᠭᠤᠷᠪᠠ ᠳᠤ᠂ ᠡᠮ ᠤᠨ ᠵᠦᠢᠯᠡᠰ ᠢ ᠰᠦᠯᠵᠢᠶᠡᠨ ᠳᠤ ᠭᠠᠷᠭᠠᠬᠤ ᠪᠠ ᠬᠦᠴᠦᠨ ᠦᠭᠡᠢ ᠪᠣᠯᠭᠠᠬᠤ ᠠᠵᠢᠯ ᠢ ᠵᠢᠷᠤᠮᠵᠢᠭᠤᠯᠤᠨ ᠦᠷᠨᠢᠬᠦᠯᠬᠦ ᠬᠡᠷᠡᠭᠲᠡᠢ᠃ ᠳᠥᠷᠪᠡ ᠳᠤ᠂ ᠡᠮ ᠡᠮᠨᠡᠯᠭᠡ ᠶᠢᠨ ᠦᠨ᠎ᠡ ᠬᠠᠩᠰᠢ ᠪᠣᠯᠤᠨ ᠬᠤᠳᠠᠯᠳᠤᠨ ᠠᠪᠬᠤ ᠬᠡᠷᠡᠭᠯᠡᠯᠲᠡ‌‍ᠶᠢᠨ ᠢᠳᠡᠭᠡᠮᠵᠢ ᠶᠢᠨ ᠦᠨᠡᠯᠡᠯᠲᠡ ᠶᠢ ᠰᠠᠶᠢᠲᠤᠷ ᠬᠢᠬᠦ ᠬᠡᠷᠡᠭᠲᠡᠢ᠃  ᠲᠠᠪᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠬᠢᠨ ᠦᠷᠭᠦᠯᠵᠢᠯᠡᠨ ᠴᠢᠩᠭᠠᠳᠬᠠᠬᠤ ᠪᠣᠶ︖  ︽ᠮᠡᠳᠡᠭᠳᠡᠯ︾ ᠳᠤ᠂ 2023 ᠣᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠨᠢᠭᠡ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ ᠠᠮᠤᠷ ᠲᠦᠪᠰᠢᠨ ᠤ ᠵᠢᠷᠤᠮᠵᠢᠯ ᠤᠨ ᠣᠨ ᠤ ᠠᠵᠢᠯᠯᠠᠭ᠎ᠠ ᠶᠢ       ᠬᠡᠷᠡᠭᠵᠢᠭᠦᠯᠵᠦ᠂ ᠰᠠᠭᠤᠷᠢ ᠮᠥᠩᠭᠦ ᠶᠢᠨ ᠬᠡᠪᠰᠢᠭᠰᠡᠨ ᠬᠢᠨᠠᠨ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠪᠠᠶᠢᠴᠠᠭᠠᠯᠲᠠ ᠶᠢ ᠦᠷᠭᠦᠯᠵᠢᠯᠡᠨ ᠦᠷᠨᠢᠬᠦᠯᠬᠦ ᠬᠡᠷᠡᠭᠲᠡᠢ᠃ ᠬᠤᠶᠠᠷ ᠲᠤ᠂ ᠮᠡᠬᠡᠯᠡᠨ ᠬᠢᠬᠠᠬᠤ ᠪᠠ ᠪᠠᠲᠤᠯᠠᠭ᠎ᠠ ᠶᠢ ᠮᠡᠬᠡᠯᠡᠬᠦ ᠳᠤ ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠦᠷᠨᠢᠬᠦᠯᠬᠦ ᠬᠡᠷᠡᠭᠲᠡᠢ᠃ ᠭᠤᠷᠪᠠ ᠳᠤ᠂ ᠬᠢᠨᠠᠨ ᠬᠠᠮᠢᠶᠠᠷᠬᠤ ᠡᠩᠨᠡᠭᠡ ᠪᠠ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠨᠡᠶᠢᠲᠡᠯᠡᠬᠦ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ ᠬᠦᠷᠢᠶᠡᠨ ᠳᠠᠬᠢ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠷᠨᠢᠬᠦᠯᠬᠦ ᠬᠡᠷᠡᠭᠲᠡᠢ᠃ ᠳᠦᠷᠪᠡ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠦᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠦᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠬᠦᠯᠬᠦ ᠬᠡᠷᠡᠭᠲᠡᠢ᠃  ᠵᠢᠷᠭᠤᠭ᠎ᠠ᠂ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠡᠷᠬᠢᠨ ᠦᠷᠭᠦᠯᠵᠢᠯᠡᠨ ᠳᠡᠭᠡᠭᠰᠢᠯᠡᠭᠦᠯᠬᠦ ᠪᠣᠶ︖  ︽ᠮᠡᠳᠡᠭᠳᠡᠯ︾ ᠳᠤ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡ ᠳᠤ ᠳᠥᠷᠪᠡᠨ ᠲᠠᠯ᠎ᠠ ᠶᠢᠨ ᠱᠠᠭᠠᠷᠳᠠᠯᠭ᠎ᠠ ᠳᠤᠷᠠᠳᠪᠠ᠂ ᠨᠢᠭᠡ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠵᠦ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠶᠡᠭᠡ ᠪᠠᠷ ᠳᠥᠯᠭᠢᠨ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠯᠢᠭ ᠬᠠᠭᠤᠳᠠᠰᠤ ᠪᠠ ᠠᠵᠢᠯᠯᠠᠭᠠᠨ ᠤ ᠵᠢᠷᠤᠮᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠬᠦ       ᠬᠡᠷᠡᠭᠲᠡᠢ᠃ ᠬᠤᠶᠠᠷ ᠲᠤ᠂ ᠡᠮᠴᠢᠯᠡᠭᠡᠨ ᠤ ᠦᠨᠳᠦᠰᠦᠨ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ ᠭᠠᠷᠲᠠᠨ ᠭᠦᠢᠴᠡᠳᠭᠡᠬᠦ ᠲᠦᠷᠢᠮ ᠢ ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠳᠠᠶᠢᠴᠢᠯᠠᠬᠤ ᠶᠢ ᠰᠠᠶᠢᠲᠤᠷ ᠬᠢᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠢᠳᠡᠪᠬᠢᠵᠢᠯ ᠢ ᠳᠠᠶᠢᠴᠢᠯᠠᠨ᠂ ᠪᠠᠲᠤᠯᠠᠭ᠎ᠠ ᠳᠤ ᠳᠠᠪᠬᠤᠷᠳᠠᠭᠤᠯᠤᠨ ᠣᠷᠣᠯᠴᠠᠭᠰᠠᠨ ᠲᠤᠭ᠎ᠠ ᠪᠠᠷᠢᠮᠲᠠ ᠶᠢᠨ ᠵᠠᠰᠠᠯᠲᠠ ᠶᠢ ᠦᠷᠭᠦᠯᠵᠢᠯᠡᠨ ᠦᠷᠨᠢᠬᠦᠯᠬᠦ ᠭᠡᠷᠡᠭᠲᠡᠢ᠃ ᠭᠤᠷᠪᠠ ᠳᠤ᠂ ᠨᠢᠭᠡ ᠪᠦᠯᠦᠭ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠶᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮᠨᠡᠯᠭᠡ ᠳᠤ ᠰᠠᠭᠤᠬᠤ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ 5 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠᠭᠠᠢ ᠡᠪᠡᠳᠴᠢᠨ ᠤ ᠵᠠᠷᠤᠳᠠᠯ ᠢ ᠮᠤᠵᠢ ᠠᠯᠤᠰᠯᠠᠨ ᠰᠢᠶᠠᠨ ᠤ ᠬᠡᠪᠴᠢᠶᠡᠨ ᠳᠤ ᠬᠦᠷᠳᠡᠯ᠎ᠡ ᠠᠯᠤᠰᠯᠠᠨ ᠰᠢᠭᠤᠳ ᠳ᠋ᠦᠩᠨᠡᠨ ᠪᠤᠳᠤᠬᠤ ᠶᠢ ᠠᠬᠢᠭᠤᠯᠬᠤ ᠬᠡᠷᠡᠭᠲᠡᠢ᠃ ᠳᠥᠷᠪᠡ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠰᠢᠰᠲ᠋ᠧᠮ ᠤᠨ ᠴᠡᠷᠢᠭ ᠪᠣᠯᠪᠠᠰᠤᠷᠠᠭᠤᠯᠬᠤ ᠮᠥᠷᠦ᠋ᠢᠴᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠠᠴᠠ ᠭᠠᠳᠠᠨ᠎ᠠ᠂ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠪᠠ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ︽ᠮᠡᠳᠡᠭᠳᠡᠯ︾ ᠳᠤ ᠪᠠᠰᠠ ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠡᠮᠴᠢᠯᠡᠭᠡᠨ ᠤ ᠳᠠᠭᠠᠳᠬᠠᠯ ᠤᠨ ᠡᠯᠧᠺᠲᠷᠦᠨ ᠭᠡᠷᠡᠴᠢ ᠪᠠᠷᠢᠮᠲᠠ᠂ ᠰᠢᠯᠵᠢᠮᠡᠯ ᠲᠣᠭᠠᠴᠠᠭ᠎ᠠ ᠬᠢᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠳᠠᠭᠠᠳᠬᠠᠯ ᠤᠨ ᠲᠤᠭ᠎ᠠ ᠪᠠᠷᠢᠮᠲᠠ ᠶᠢᠨ ᠰᠠᠭᠤᠷᠢ ᠲᠦᠷᠢᠮ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠳ᠋ᠠᠶᠢᠲ᠋ᠠ ᠶᠢᠨ ᠡᠨᠧᠷᠭᠢ ᠣᠯᠭᠤᠬᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ᠂ ᠦᠢᠯᠡᠴᠢᠯᠡᠭᠡ᠂ ᠥᠭᠡᠷᠡᠴᠢᠯᠡᠯᠲᠡ ᠶᠢᠨ ᠴᠢᠳᠠᠪᠤᠷᠢ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃  ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ︽ᠮᠡᠳᠡᠭᠳᠡᠯ︾ ᠨᠢ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠠᠵᠢᠯ ᠤᠨ ᠱᠠᠭᠠᠷᠳᠠᠯᠭ᠎ᠠ ᠳᠤᠷᠠᠳᠴᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠢ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠨᠠᠩ ᠰᠠᠶᠢᠨ ᠠᠰᠢᠭ ᠬᠦᠷᠲᠡᠭᠡᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号