︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠪᠠᠨ ᠵᠢᠷᠭᠤᠭᠠᠨ ᠵᠦᠢᠯ ᠤᠨ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/8/4
  ᠲᠦᠷᠦᠭᠦᠬᠡᠨ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠪᠠᠨ ᠵᠢᠷᠭᠤᠭᠠᠨ ᠵᠦᠢᠯ ᠤᠨ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠤᠬᠠᠶ ᠮᠡᠳᠡᠭᠳᠡᠯ︾ ︵ᠡᠮᠴᠢᠯᠡᠭᠡᠨ ᠤ ᠳᠠᠭᠠᠳᠬᠠᠯ ᠠᠯᠪᠠᠨ ᠲᠠᠷᠬᠠᠭᠠᠭᠰᠠᠨ ﹇2023﹈ 16 ᠳ᠋ᠤᠭᠠᠷ ᠲᠣᠭᠠᠲᠤ᠂ ᠳᠣᠷᠣᠭᠰᠢ           ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠠᠮᠢᠶ᠎ᠠ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄  ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ  ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠡᠮᠴᠢᠯᠡᠭᠡᠨ ᠤ ᠳᠠᠭᠠᠳᠬᠠᠯ ᠤᠨ ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2020 ᠣᠨ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2021 ᠣᠨ ᠳᠤ ︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡᠨ ᠤ ᠳᠠᠭᠠᠳᠬᠠᠯ ᠤᠨ ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠮᠴᠢᠯᠡᠭᠡᠨ ᠤ ᠳᠠᠭᠠᠳᠬᠠᠯ ᠤᠨ ᠬᠦᠷᠢᠶᠡᠨ ᠳᠠᠬᠢ ᠦᠢᠯᠡᠴᠢᠯᠡᠭᠡ ᠶᠢ ᠰᠢᠯᠢᠳᠡᠭᠵᠢᠭᠦᠯᠬᠦ ᠠᠷᠠᠳ ᠲᠤ ᠲᠥᠬᠦᠮ ᠦᠵᠡᠭᠦᠯᠬᠦ ᠶᠡᠷᠦᠩᠬᠡᠶ ᠬᠠᠷᠠᠯᠲᠠ ᠶᠢ ᠲᠣᠳᠣᠷᠬᠠᠶᠢᠯᠠᠪᠠ᠃ ᠣᠶᠢᠷ᠎ᠠ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠠᠷᠠᠳ ᠲᠦᠮᠡᠨ ᠢ ᠳᠡᠭᠡᠳᠦᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠡᠮᠴᠢᠯᠡᠭᠡᠨ ᠤ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢᠨ ᠲᠥᠯᠥᠭᠡ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ︽ᠮᠡᠳᠡᠭᠳᠡᠯ︾ ᠢ ᠨᠡᠶᠢᠲᠡᠯᠡᠵᠦ᠂ ᠠᠷᠪᠠᠨ ᠵᠢᠷᠭᠤᠭᠠᠨ ᠵᠦᠢᠯ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠠᠷ ᠭᠦᠢᠴᠡᠳᠬᠡᠯ ᠢ ᠳᠥᠭᠦᠮᠴᠢᠯᠡᠵᠦ᠂ ᠮᠠᠲ᠋ᠧᠷᠢᠶᠠᠯ ᠢ ᠴᠣᠮᠬᠠᠳᠬᠠᠵᠤ᠂ ᠴᠠᠭ ᠤᠨ ᠬᠢᠵᠠᠭᠠᠷ ᠢ ᠪᠠᠭᠠᠰᠬᠠᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠣᠯᠠᠨ ᠲᠦᠮᠡᠨ ᠳᠤ ᠨᠠᠩ ᠳᠥᠭᠦᠮ ᠳᠥᠲᠡ᠂ ᠨᠠᠩ ᠰᠢᠯᠢᠳᠡᠭ᠂ ᠨᠠᠩ ᠥᠨᠳᠥᠷ ᠪᠦᠲᠦᠮᠵᠢᠲᠡᠶ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠬᠠᠩᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠪᠡ᠃  ᠬᠤᠶᠠᠷ᠂ ︽ᠮᠡᠳᠡᠭᠳᠡᠯ︾ ᠤᠨ ᠭᠤᠣᠯ ᠪᠣᠳᠣᠯᠬᠢᠯᠠᠯ  ︽ᠮᠡᠳᠡᠭᠳᠡᠯ︾ ᠨᠢ ᠠᠷᠠᠳ ᠣᠯᠠᠨ ᠤ ᠪᠠᠴᠢᠮ ᠪᠡᠷᠬᠡ ᠵᠣᠪᠠᠨᠢᠯ ᠤᠨ ᠬᠦᠰᠡᠯ ᠡᠷᠡᠮᠡᠯᠵᠡᠯ ᠤᠨ ᠪᠣᠳᠠᠲᠠᠶ ᠠᠰᠠᠭᠤᠳᠠᠯ ᠪᠠ ᠡᠮᠴᠢᠯᠡᠭᠡᠨ ᠤ ᠳᠠᠭᠠᠳᠬᠠᠯ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠳᠣᠤᠷᠠᠬᠢ ᠲᠠᠪᠤᠨ ᠲᠠᠯ᠎ᠠ ᠠᠴᠠ ᠪᠣᠳᠣᠯᠬᠢᠯᠠᠵᠤ᠂ ᠠᠷᠪᠠᠨ ᠵᠢᠷᠭᠤᠭᠠᠨ ᠵᠦᠢᠯ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠣᠳᠣᠬᠠᠨ ᠤ ᠲᠦᠭᠵᠢᠷᠡᠯ ᠤᠨ ᠴᠡᠭ ᠢ ᠨᠢᠭᠡᠳ ᠨᠢᠭᠡ ᠪᠠᠷ ᠰᠢᠪᠲᠤᠯᠵᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠠᠯᠬᠤᠮ ᠳᠠᠷᠠᠭ᠎ᠠ ᠲᠠᠢ ᠪᠠᠷ ᠳᠡᠭᠡᠭᠰᠢᠯᠡᠭᠦᠯᠪᠡ᠃ ᠨᠢᠭᠡ ᠳᠤ᠂ ᠭᠤᠭᠴᠤᠭ᠎ᠠ ᠶᠢ ᠪᠠᠭᠠᠰᠬᠠᠵᠤ᠂ ᠡᠮᠴᠢᠯᠡᠭᠡᠨ ᠤ ᠳᠠᠭᠠᠳᠬᠠᠯ ᠤᠨ ᠰᠢᠯᠵᠢᠭᠦᠯᠦᠨ ᠦᠷᠭᠦᠯᠵᠢᠯᠡᠭᠦᠯᠬᠦ ᠶᠢ ᠲᠦᠷᠭᠡᠳᠭᠡᠨ᠎ᠡ᠃ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠰᠢᠯᠵᠢᠭᠦᠯᠦᠨ ᠦᠷᠭᠦᠯᠵᠢᠯᠡᠭᠦᠯᠵᠦ ᠭᠦᠢᠴᠡᠳᠬᠡᠬᠦ ᠨᠢ ᠤᠳᠠᠭᠠᠨ ᠪᠠᠶᠢᠬᠤ ᠠᠰᠠᠭᠤᠳᠠᠯ ᠳᠤ ᠴᠢᠭᠯᠡᠭᠦᠯᠦᠨ᠂ ᠭᠦᠢᠴᠡᠳᠬᠡᠬᠦ ᠮᠠᠲ᠋ᠧᠷᠢᠶᠠᠯ ᠢ ᠴᠣᠮᠬᠠᠳᠬᠠᠵᠤ᠂ ᠰᠢᠯᠵᠢᠭᠦᠯᠦᠨ ᠭᠠᠷᠭᠠᠬᠤ ᠭᠠᠵᠠᠷ ᠠᠴᠠ ︽ᠳᠠᠭᠠᠳᠬᠠᠯ ᠳᠤ ᠣᠷᠣᠯᠴᠠᠭᠰᠠᠨ ᠭᠡᠷᠡᠴᠢ ᠪᠠᠷᠢᠮᠲᠠ︾ ᠪᠠ ᠰᠢᠯᠵᠢᠭᠦᠯᠦᠨ ᠣᠷᠣᠭᠤᠯᠬᠤ ᠭᠠᠵᠠᠷ ᠠᠴᠠ ᠭᠠᠷᠭᠠᠵᠤ ᠥᠭᠭᠦᠭᠰᠡᠨ ︽ᠬᠠᠷᠢᠯᠴᠠᠬᠤ ᠵᠠᠬᠢᠳᠠᠯ︾ ᠬᠤᠶᠠᠷ ᠭᠦᠢᠴᠡᠳᠬᠡᠬᠦ ᠭᠤᠭᠴᠤᠭ᠎ᠠ ᠶᠢ ᠬᠦᠴᠦᠨ ᠥᠬᠡᠶ ᠪᠣᠯᠭᠠᠵᠤ᠂ ᠤᠤᠯ ᠤᠨ 45 ᠠᠵᠢᠯᠯᠠᠬᠤ ᠡᠳᠦᠷ ᠢ 15 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠦᠢᠯᠡᠴᠢᠯᠡᠭᠡ ᠶᠢ ᠨᠡᠪᠲᠡᠷᠡᠭᠦᠯᠵᠦ᠂ ᠣᠯᠠᠨ ᠲᠦᠮᠡᠨ ᠤ ᠰᠦᠯᠵᠢᠶᠡᠨ ᠳᠡᠭᠡᠷ᠎ᠡ ᠭᠤᠶᠤᠴᠢᠯᠠᠬᠤ᠂ ᠪᠠᠶᠢᠴᠠᠭᠠᠨ ᠯᠠᠪᠯᠠᠵᠤ ᠭᠦᠢᠴᠡᠳᠬᠡᠬᠦ ᠠᠬᠢᠴᠠ ᠶᠢ ᠲᠥᠬᠦᠮ ᠦᠵᠡᠭᠦᠯᠪᠡ᠃ ᠬᠤᠶᠠᠷ ᠲᠤ᠂ ᠴᠤᠪᠤᠷᠠᠯ ᠢ ᠰᠢᠯᠢᠳᠡᠭᠵᠢᠭᠦᠯᠵᠦ᠂ ᠣᠨᠳᠣᠤ ᠭᠠᠵᠠᠷ ᠲᠤ ᠡᠪᠡᠳᠴᠢᠨ ᠦᠵᠡᠭᠦᠯᠬᠦ ᠶᠢ ᠳᠠᠩᠰᠠᠯᠠᠭᠤᠯᠬᠤ ᠳᠤ ᠲᠥᠬᠦᠮ ᠦᠵᠡᠭᠦᠯᠦᠨ᠎ᠡ᠃ ᠤᠯᠤᠰ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP᠂ ᠤᠯᠤᠰ ᠤᠨ ᠣᠨᠳᠣᠤ ᠭᠠᠵᠠᠷ ᠲᠤ ᠡᠪᠡᠳᠴᠢᠨ ᠦᠵᠡᠭᠦᠯᠬᠦ ᠶᠢ ᠳᠠᠩᠰᠠᠯᠠᠬᠤ ᠵᠢᠵᠢᠭ ᠲᠠᠰ ᠳᠠᠷᠠᠭᠠᠯᠠᠯ ᠳᠤ ᠲᠦᠰᠢᠭᠯᠡᠨ᠂ ᠳᠠᠭᠠᠳᠬᠠᠯ ᠳᠤ ᠣᠷᠣᠯᠴᠠᠭᠰᠠᠳ ᠤᠨ ᠰᠦᠯᠵᠢᠶᠡᠨ ᠳᠡᠭᠡᠷ᠎ᠡ ᠣᠨᠳᠣᠤ ᠭᠠᠵᠠᠷ ᠲᠤ ᠳᠠᠩᠰᠠᠯᠠᠭᠤᠯᠬᠤ ᠳᠤ ᠲᠥᠬᠦᠮ ᠪᠣᠯᠭᠠᠨ᠎ᠠ︔ ᠳᠠᠩᠰᠠᠯᠠᠭᠤᠯᠬᠤ ᠦᠢᠯᠡᠴᠢᠯᠡᠭᠡ ᠶᠢ ᠰᠢᠯᠢᠳᠡᠭᠵᠢᠭᠦᠯᠦᠨ ᠭᠦᠢᠴᠡᠳᠬᠡᠵᠦ᠂ ᠣᠨᠳᠣᠤ ᠭᠠᠵᠠᠷ ᠲᠤ ᠡᠮᠨᠡᠭᠦᠯᠦᠭᠰᠡᠨ ᠣᠯᠠᠨ ᠲᠦᠮᠡᠨ ᠤ ᠬᠡᠪ ᠤᠨ ᠶᠣᠰᠣᠭᠠᠷ ᠡᠮᠴᠢᠯᠡᠭᠡᠨ ᠤ ᠳᠠᠭᠠᠳᠬᠠᠯ ᠤᠨ ᠣᠯᠭᠤᠮᠵᠢ ᠭᠥᠷᠳᠡᠬᠦ ᠶᠢ ᠪᠠᠲᠤᠯᠠᠨ᠎ᠠ︔ ᠳᠠᠩᠰᠠᠯᠠᠭᠤᠯᠬᠤ ᠬᠡᠪᠴᠢᠶ᠎ᠡ ᠠᠴᠠ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ 5 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠲᠡᠨ ᠢ ᠥᠷᠭᠡᠳᠬᠡᠨ᠎ᠡ︔ ᠣᠨᠳᠣᠤ ᠭᠠᠵᠠᠷ ᠲᠤ ᠳᠠᠩᠰᠠᠯᠠᠭᠤᠯᠤᠭᠰᠠᠨ ᠥᠬᠡᠶ ᠲᠦᠷᠭᠡᠨ ᠡᠮᠨᠡᠵᠦ ᠠᠪᠤᠷᠠᠬᠤ ᠳᠤ ᠣᠷᠣᠯᠴᠠᠭᠰᠠᠳ ᠢ ᠨᠢᠭᠡᠨᠲᠡ ᠳᠠᠩᠰᠠᠯᠠᠭᠤᠯᠬᠤ ᠪᠠᠷ ᠦᠵᠡᠨ᠎ᠡ︔ ᠮᠤᠵᠢ ᠠᠯᠤᠰᠯᠠᠨ ᠣᠷᠳᠣ ᠬᠤᠭᠤᠴᠠᠭ᠎ᠠ ᠪᠠᠷ ᠣᠷᠣᠰᠢᠨ ᠰᠠᠭᠤᠭ᠎ᠠ ᠬᠥᠮᠦᠰ ᠤᠨ ᠳᠠᠩᠰᠠᠯᠠᠭᠤᠯᠤᠭᠰᠠᠨ ᠭᠠᠵᠠᠷ ᠪᠠ ᠳᠠᠭᠠᠳᠬᠠᠯ ᠳᠤ ᠣᠷᠣᠯᠴᠠᠭᠰᠠᠨ ᠭᠠᠵᠠᠷ ᠤᠨ ᠬᠤᠤᠰ ᠴᠢᠭᠯᠡᠯ ᠢᠶᠠᠷ ᠬᠠᠷᠠᠭᠠᠯᠵᠠᠯ ᠬᠦᠷᠲᠡᠬᠦ ᠶᠢ ᠵᠥᠪᠰᠢᠶᠡᠷᠡᠨ᠎ᠡ᠃ ᠭᠤᠷᠪᠠ ᠳᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠳᠥᠭᠦᠮ ᠦᠵᠡᠭᠦᠯᠦᠨ᠎ᠡ᠃ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠦᠢᠯᠡᠴᠢᠯᠡᠭᠡᠨ ᠤ ᠲᠠᠪᠴᠠᠩ ᠤᠨ APP᠂ ᠰᠦᠯᠵᠢᠶᠡᠨ ᠤ ᠲᠢᠩᠬᠢᠮ ᠪᠤᠶᠤ ᠣᠷᠣᠨ ᠨᠤᠲᠤᠭ ᠤᠨ ᠡᠮᠴᠢᠯᠡᠭᠡᠨ ᠤ ᠪᠠᠳᠤᠯᠠᠭ᠎ᠠ ᠶᠢᠨ ᠦᠢᠯᠡᠴᠢᠯᠡᠭᠡᠨ ᠤ ᠲᠠᠪᠴᠠᠩ ᠵᠡᠷᠭᠡ ᠣᠯᠠᠨ ᠵᠦᠢᠯ ᠤᠨ ᠪᠠᠶᠢᠴᠠᠭᠠᠨ ᠯᠠᠪᠯᠠᠬᠤ ᠠᠷᠭ᠎ᠠ ᠵᠠᠮ ᠢ ᠨᠡᠭᠡᠭᠡᠵᠦ᠂ ᠡᠮᠴᠢᠯᠡᠭᠡᠨ ᠤ ᠪᠠᠳᠤᠯᠠᠭ᠎ᠠ ᠶᠢᠨ ᠭᠠᠷᠲᠠᠨ ᠭᠦᠢᠴᠡᠳᠭᠡᠬᠦ ᠶᠡᠭᠡ ᠲᠢᠩᠬᠢᠮ ᠪᠠ ᠨᠥᠬᠦᠴᠡᠯ ᠲᠠᠢ ᠪᠠᠩᠬᠢ ᠶᠢᠨ ᠡᠵᠡᠩᠨᠡᠯᠲᠡ ᠶᠢᠨ ᠰᠦᠯᠵᠢᠶᠡᠨ ᠴᠡᠭ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠵᠡᠷᠭᠡ ᠲᠠᠯᠠᠪᠠᠢ ᠭᠠᠵᠠᠷ ᠲᠤ ᠡᠮᠴᠢᠯᠡᠭᠡᠨ ᠤ ᠪᠠᠳᠤᠯᠠᠭ᠎ᠠ ᠶᠢᠨ ᠥᠪᠡᠰᠦᠪᠡᠨ ᠦᠢᠯᠡᠴᠢᠯᠡᠬᠦ ᠣᠷᠣᠨ ᠪᠠᠶᠢᠭᠤᠯᠵᠤ᠂ ᠬᠤᠪᠢ ᠬᠥᠮᠦᠨ ᠤ ᠰᠦᠢᠳᠬᠡᠯ ᠲᠤᠰᠢᠶᠠᠭᠰᠠᠨ ᠲᠡᠮᠳᠡᠭᠯᠡᠯ᠂ ᠡᠮᠴᠢᠯᠡᠭᠡᠨ ᠤ ᠪᠠᠳᠤᠯᠠᠭ᠎ᠠ ᠶᠢᠨ ᠲᠠᠩᠰᠠᠨ ᠡᠷᠦᠬᠡ᠂ ᠡᠮᠴᠢᠯᠡᠭᠡᠨ ᠤ ᠪᠠᠳᠤᠯᠠᠭ᠎ᠠ ᠶᠢᠨ ᠡᠮ ᠤᠨ ᠵᠦᠢᠯ ᠤᠨ ᠭᠠᠷᠴᠠᠭ ᠵᠡᠷᠭᠡ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠦᠨ᠎ᠡ᠃ ᠳᠥᠷᠪᠡ ᠳᠤ᠂ ᠨᠢᠭᠡ ᠥᠷᠲᠡᠭᠡ ᠡᠷᠬᠢᠯᠡᠵᠦ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠦᠨ᠎ᠡ᠃ ᠤᠯᠠᠮᠵᠢᠯᠠᠯᠲᠤ ᠦᠢᠯᠡᠴᠢᠯᠡᠭᠡᠨ ᠤ ᠴᠣᠩᠬᠤᠪᠴᠢ ᠶᠢᠨ ᠡᠭᠦᠷᠭᠡ ᠴᠢᠳᠠᠪᠤᠷᠢ ᠨᠢ ᠳᠠᠩ ᠴᠤᠯᠭᠤᠢ᠂ ᠤᠯᠠᠷᠢᠯ ᠤᠨ ᠴᠢᠨᠠᠷᠲᠠᠶ ᠠᠵᠢᠯ ᠶᠠᠪᠤᠳᠠᠯ ᠭᠦᠢᠴᠡᠳᠭᠡᠬᠦ ᠳᠤ ᠰᠢᠬᠠᠯᠳᠤᠬᠤ᠂ ᠣᠯᠠᠨ ᠲᠦᠮᠡᠨ ᠤ ᠣᠯᠠᠨ ᠲᠠᠯ᠎ᠠ ᠠᠴᠠ ᠭᠦᠶᠦᠯᠭᠡᠬᠦ ᠵᠡᠷᠭᠡ ᠬᠡᠮ ᠰᠣᠭᠤᠭ ᠲᠤ ᠴᠢᠭᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠴᠣᠩᠬᠤᠪᠴᠢ ᠶᠢᠨ ︽ᠶᠡᠷᠦᠩᠬᠡᠶᠢᠯᠡᠭᠰᠡᠨ ᠯᠠᠩᠭᠦᠶ ᠶᠢᠨ ᠲᠦᠷᠢᠮ︾ ᠢ ᠠᠬᠢᠭᠤᠯᠵᠤ᠂ ᠴᠣᠩᠬᠤᠪᠴᠢ ᠶᠢᠨ ᠡᠮᠦᠨ᠎ᠡ ᠲᠠᠪᠴᠠᠩ ᠳᠤ ᠳᠠᠭᠠᠳᠬᠠᠯ ᠤᠨ ᠲᠥᠷᠥᠯ ᠢ ᠰᠠᠯᠭᠠᠬᠤ ᠥᠬᠡᠶ᠂ ᠤᠴᠢᠷ ᠶᠠᠪᠤᠳᠠᠯ ᠢ ᠰᠠᠯᠭᠠᠬᠤ ᠥᠬᠡᠶ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠯᠡ ᠥᠷᠲᠡᠭᠡᠨ ᠤ ᠮᠠᠶ᠋ᠢᠭ ᠢᠶᠠᠷ ᠦᠢᠯᠡᠴᠢᠯᠡᠬᠦ᠂ ᠠᠷᠤ ᠲᠠᠪᠴᠠᠩ ᠳᠤ ᠬᠤᠪᠢᠶᠠᠨ ᠭᠦᠢᠴᠡᠳᠭᠡᠵᠦ ᠬᠠᠮᠲᠤᠷᠠᠨ ᠡᠷᠭᠢᠯᠡᠵᠦ ᠲᠦᠷᠭᠡᠨ ᠭᠦᠢᠴᠡᠳᠭᠡᠬᠦ ᠶᠢ ᠠᠬᠢᠭᠤᠯᠪᠠ᠃ ᠲᠠᠪᠤ ᠳᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠠᠬᠢᠭᠤᠯᠪᠠ᠃ ᠭᠠᠷᠲᠠᠨ ᠭᠦᠢᠴᠡᠳᠭᠡᠬᠦ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ ︽ᠬᠤᠪᠢ ᠬᠥᠮᠦᠨ ᠤ ᠰᠦᠯᠵᠢᠶᠡᠨ ᠤ ᠲᠢᠩᠬᠢᠮ︾᠂ ︽ᠨᠢᠭᠡᠴᠢ ᠶᠢᠨ ᠰᠦᠯᠵᠢᠶᠡᠨ ᠤ ᠲᠢᠩᠬᠢᠮ︾ ᠳᠤ ᠲᠦᠰᠢᠭᠯᠡᠨ᠂ ᠳᠠᠭᠠᠳᠬᠠᠯ ᠳᠤ ᠣᠷᠣᠯᠴᠠᠬᠤ ᠶᠢ ᠪᠠᠶᠢᠴᠠᠭᠠᠨ ᠯᠠᠪᠯᠠᠬᠤ᠂ ᠳᠠᠭᠠᠳᠬᠠᠯ ᠳᠤ ᠣᠷᠣᠯᠴᠠᠬᠤ ᠮᠡᠳᠡᠭᠡ ᠵᠠᠩᠭᠢ ᠶᠢ ᠬᠤᠪᠢᠷᠠᠭᠤᠯᠬᠤ ᠵᠡᠷᠭᠡ ᠥᠨᠳᠥᠷ ᠳᠠᠪᠲᠠᠮᠵᠢᠲᠤ ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠭᠡᠬᠦ︾ ᠶᠢ ᠪᠡᠶᠡᠯᠡᠭᠦᠯᠵᠦ᠂ ︽ᠣᠯᠠᠨ ᠲᠦᠮᠡᠨ ᠭᠦᠶᠦᠬᠦ︾ ᠶᠢ ︽ᠲᠤᠭ᠎ᠠ ᠪᠠᠷᠢᠮᠲᠠ ᠶᠢ ᠳᠠᠮᠵᠢᠭᠤᠯᠬᠤ︾ ᠪᠣᠯᠭᠠᠨ ᠬᠤᠪᠢᠷᠠᠭᠤᠯᠤᠨ᠎ᠠ᠃ ᠲᠣᠭᠠᠴᠢᠯᠠᠭᠰᠠᠨ ᠡᠨᠧᠷᠭᠢ ᠣᠯᠭᠤᠬᠤ ᠳᠤ ᠲᠦᠰᠢᠭᠯᠡᠨ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠪᠥᠬᠦ ᠶᠠᠪᠤᠴᠠ ᠶᠢᠨ ᠬᠡᠷᠡᠭᠯᠡᠯᠲᠡ ᠶᠢ ᠪᠡᠶᠡᠯᠡᠭᠦᠯᠬᠦ ᠶᠢ ᠠᠬᠢᠭᠤᠯᠵᠤ᠂ ᠣᠯᠠᠨ ᠲᠦᠮᠡᠨ ᠤ ︽ᠺᠣᠳ᠋︾ ᠲᠠᠢ ᠡᠪᠡᠳᠴᠢᠨ ᠢᠶᠠᠨ ᠦᠵᠡᠭᠦᠯᠵᠦ ᠡᠮ ᠬᠤᠳᠠᠯᠳᠤᠨ ᠠᠪᠬᠤ ᠳᠤ ᠳᠥᠭᠦᠮ ᠦᠵᠡᠭᠦᠯᠦᠨ᠎ᠡ᠃  ᠭᠤᠷᠪᠠ᠂ ︽ᠮᠡᠳᠡᠭᠳᠡᠯ︾ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ  ᠳᠠᠷᠠᠭᠠᠴᠢ ᠶᠢᠨ ᠠᠯᠬᠤᠮ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠡᠮᠴᠢᠯᠡᠭᠡᠨ ᠤ ᠳᠠᠭᠠᠳᠬᠠᠯ ᠤᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ ᠨᠢᠭᠡ ᠳᠤ᠂ ᠨᠢᠭᠲᠠ ᠮᠥᠷᠳᠡᠵᠦ᠂ ᠶᠡᠷᠦᠩᠬᠡᠶᠢᠯᠡᠨ ᠬᠦᠴᠦᠯᠡᠵᠦ᠂ ᠠᠷᠠᠳ ᠲᠤ ᠳᠥᠭᠦᠮ ᠦᠵᠡᠭᠦᠯᠬᠦ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ 2023 ᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠵᠢᠷᠤᠮᠵᠢᠭᠰᠠᠨ ᠪᠠᠶᠢᠭᠤᠯᠤᠯᠲᠠ ᠶᠢᠨ ᠠᠭᠤᠯᠭ᠎ᠠ ᠳᠤ ᠣᠷᠣᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠦᠨᠡᠯᠡᠯᠲᠡ ᠶᠢᠨ ᠴᠢᠬᠤᠯᠠ ᠭᠦᠢᠴᠡᠳᠬᠡᠯ ᠲᠤᠭ᠎ᠠ ᠪᠣᠯᠭᠠᠵᠤ᠂ ᠠᠷᠪᠠᠨ ᠵᠢᠷᠭᠤᠭᠠᠨ ᠵᠦᠢᠯ ᠤᠨ ᠡᠮᠴᠢᠯᠡᠭᠡᠨ ᠤ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠡᠯ᠎ᠡ ᠭᠠᠵᠠᠷ ᠲᠤ ᠲᠦᠷᠭᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠡᠯ᠎ᠡ ᠭᠠᠵᠠᠷ ᠤᠳ ᠠᠴᠠ ᠡᠮᠴᠢᠯᠡᠭᠡᠨ ᠤ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠨᠡᠶᠢᠲᠡᠯᠢᠭ ᠠᠷᠭ᠎ᠠ ᠬᠢᠳᠡᠯ ᠪᠠ ᠲᠤᠷᠰᠢᠯᠭ᠎ᠠ ᠶᠢ ᠴᠤᠭᠯᠠᠭᠤᠯᠵᠤ᠂ ᠡᠯ᠎ᠡ ᠭᠠᠵᠠᠷ ᠤᠨ ᠣᠨᠴᠠᠯᠢᠭ ᠪᠥᠬᠦᠶ ᠬᠢᠯᠠᠰ ᠴᠡᠭ᠂ ᠲᠤᠷᠰᠢᠯᠭ᠎ᠠ ᠦᠷ᠎ᠡ ᠪᠦᠲᠦᠮᠵᠢ ᠶᠢ ᠳ᠋ᠦᠩᠨᠡᠵᠦ᠂ ᠪᠥᠬᠦ ᠤᠯᠤᠰ ᠤᠨ ᠬᠡᠪᠴᠢᠶᠡᠨ ᠳᠤ ᠳᠡᠯᠭᠡᠷᠡᠭᠦᠯᠦᠨ᠎ᠡ᠃            ᠭᠤᠷᠪᠠ ᠳᠤ᠂ ᠦᠨᠳᠦᠰᠦᠨ ᠱᠠᠲᠤᠨ ᠤ ᠪᠠᠶᠢᠴᠠᠭᠠᠨ ᠰᠤᠳᠤᠯᠤᠯᠲᠠ ᠪᠠ ᠰᠦᠯᠵᠢᠶᠡᠨ ᠤ ᠠᠨᠳᠠ ᠨᠠᠷ ᠤᠨ ᠰᠠᠨᠠᠭᠤᠯᠭ᠎ᠠ ᠶᠢ ᠦᠨᠳᠦᠰᠦᠯᠡᠨ ᠨᠢᠭᠡ ᠪᠦᠯᠦᠭ ᠡᠮᠴᠢᠯᠡᠭᠡᠨ ᠤ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠢᠴᠢᠯ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠥᠷᠨᠢᠭᠦᠯᠵᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠡᠶᠢᠲᠡᠯᠡᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号