ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2023 ᠣᠨ ᠤ ᠪᠥᠬᠦ ᠣᠷᠣᠨ ᠤ ᠪᠥᠬᠦ ᠠᠷᠠᠳ ᠤᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/9/1
  ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠠᠬᠢᠭᠤᠯᠵᠤ᠂ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠪᠥᠬᠦ ᠠᠷᠠᠳ ᠢ ᠬᠠᠮᠤᠷᠬᠤ ᠶᠢ ᠪᠠᠬᠢᠵᠢᠭᠦᠯᠦᠨ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠢᠳᠡᠪᠬᠢᠵᠢᠯ ᠢ ᠦᠨᠡᠨᠬᠦ ᠳᠠᠶᠢᠴᠢᠯᠠᠵᠤ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ 9 ᠳ᠋ᠦ᠋ᠭᠡᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠪᠣᠯᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠢᠴᠢ ᠬᠥᠬᠡᠬᠤᠲᠠ᠂ ᠰᠠᠶᠢᠬᠠᠨ ᠲᠣᠭᠤᠷᠢᠭ ᠭᠤᠷᠪᠠᠨ ᠱᠠᠲᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽ᠪᠦᠬᠦ ᠠᠷᠠᠳ ᠢᠶᠠᠷ ᠢᠶᠠᠨ ᠡᠮ ᠡᠮᠨᠡᠯᠭᠡ ᠶᠢᠨ ᠳᠠᠭᠠᠳᠬᠠᠯ ᠳᠤ ᠭᠠᠷ ᠭᠠᠷ ᠢᠶᠠᠨ ᠬᠤᠯᠪᠣᠯᠴᠠᠨ᠂ ᠡᠮ ᠡᠮᠨᠡᠯᠭᠡ ᠶᠢᠨ ᠳᠠᠭᠠᠳᠬᠠᠯ ᠳᠤ ᠰᠡᠳᠬᠢᠯ ᠵᠢᠷᠦᠬᠡ ᠪᠠᠨ ᠬᠤᠯᠪᠣᠯᠴᠠᠨ᠎ᠠ︾  ᠭᠡᠬᠦ ᠭᠤᠤᠯ ᠰᠡᠳᠦᠪ ᠪᠣᠯᠭᠠᠭᠰᠠᠨ ᠪᠥᠬᠦ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠢᠶᠠᠷ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃
医保护航心连心41.jpg
  ᠡᠬᠢᠯᠡᠯᠲᠡ ᠶᠢᠨ ᠶᠣᠰᠣᠯᠠᠯ ᠨᠢ ᠪᠣᠰᠤᠭ᠎ᠠ ᠴᠣᠭᠴᠠᠲᠤ ᠣᠯᠠᠨ ᠶᠠᠩᠵᠤ ᠶᠢᠨ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠤᠬᠠᠭᠤᠯᠭ᠎ᠠ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠂ ︽ᠪᠦᠬᠦ ᠠᠷᠠᠳ ᠢᠶᠠᠷ ᠢᠶᠠᠨ ᠡᠮ ᠡᠮᠨᠡᠯᠭᠡ ᠶᠢᠨ ᠳᠠᠭᠠᠳᠬᠠᠯ ᠳᠤ ᠭᠠᠷ ᠭᠠᠷ ᠢᠶᠠᠨ ᠬᠤᠯᠪᠣᠯᠴᠠᠨ᠂ ᠡᠮ ᠡᠮᠨᠡᠯᠭᠡ ᠶᠢᠨ ᠳᠠᠭᠠᠳᠬᠠᠯ ᠳᠤ ᠰᠡᠳᠬᠢᠯ ᠵᠢᠷᠦᠬᠡ ᠪᠠᠨ ᠬᠤᠯᠪᠣᠯᠴᠠᠨ᠎ᠠ︾ ᠭᠡᠬᠦ ᠭᠤᠤᠯ ᠰᠡᠳᠦᠪ ᠤᠨ ᠲᠣᠭᠤᠷᠢᠨ ᠳᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠣᠬᠢᠷᠠᠭᠤᠯᠪᠠ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠵᠥᠪᠯᠡᠯᠭᠡ᠂ ᠮᠡᠬᠡᠯᠡᠨ ᠬᠢᠬᠠᠬᠤ ᠳᠠᠭᠠᠳᠬᠠᠯ ᠮᠡᠬᠡᠯᠡᠬᠦ ᠳᠤ ᠴᠣᠬᠢᠯᠲᠠ ᠥᠭᠬᠦ ᠤᠬᠠᠭᠤᠯᠭ᠎ᠠ᠂ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯᠯᠠᠭᠠᠨ ᠤ ᠶᠠᠪᠤᠴᠠ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠵᠡᠷᠭᠡ ᠣᠯᠠᠨ ᠬᠥᠳᠡᠯᠭᠡᠭᠡᠨ ᠤ ᠲᠤᠰᠬᠠᠶ ᠣᠷᠣᠨ᠂ ᠮᠠᠲ᠋ᠧᠷᠢᠶᠠᠯ ᠲᠠᠷᠬᠠᠭᠠᠬᠤ ᠪᠠᠷ ᠳᠠᠮᠵᠢᠨ᠂ ᠡᠯᠭᠦᠮᠡᠯ ᠬᠥᠨᠳᠡᠯᠡᠨ ᠪᠢᠴᠢᠭᠡᠰᠦ᠂ ᠳᠠᠭᠤᠨ ᠳᠠᠪᠲᠠᠮᠵᠢ ᠨᠡᠪᠲᠡᠷᠡᠭᠦᠯᠬᠦ᠂ ᠤᠬᠠᠭᠤᠯᠭ᠎ᠠ ᠶᠢᠨ ᠰᠠᠮᠪᠠᠷ᠎ᠠ ᠵᠡᠷᠭᠡ ᠠᠮᠢᠳᠤᠯᠢᠭ ᠣᠯᠠᠨ ᠶᠠᠩᠵᠤ ᠶᠢᠨ ᠬᠡᠯᠪᠡᠷᠢ ᠶᠢ ᠲᠥᠪᠯᠡᠷᠡᠭᠦᠯᠦᠨ ᠳᠡᠯᠭᠡᠨ ᠦᠵᠡᠭᠦᠯᠵᠦ ᠤᠬᠠᠭᠤᠯᠭ᠎ᠠ ᠥᠷᠨᠢᠭᠦᠯᠦᠨ᠎ᠡ᠂ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ ᠶᠤᠮ᠂ ᠪᠥᠬᠦ ᠨᠡᠶᠢᠭᠡᠮ ᠢᠶᠠᠷ ᠢᠶᠠᠨ ᠰᠠᠨᠠᠭᠠᠴᠢᠯᠠᠭ᠎ᠠ ᠠᠴᠠ ᠪᠠᠨ ᠡᠮ ᠡᠮᠨᠡᠯᠭᠡ ᠶᠢᠨ ᠳᠠᠭᠠᠳᠬᠠᠯ ᠢ ᠠᠩᠬᠠᠷᠬᠤ ᠬᠡᠷᠡᠭᠲᠡᠶ᠂ ᠤᠬᠠᠮᠰᠠᠷ ᠠᠴᠠ ᠪᠠᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ  ᠢ ᠪᠤᠢ ᠪᠣᠯᠭᠠᠬᠤ ᠶᠢᠨ ᠲᠦᠯᠦᠭᠡ ᠶᠤᠮ᠃
医保护航心连心42.jpg
  ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠼᠠᠢ ᠬᠤᠩ ᠢᠦᠶ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠡᠮᠴᠢᠯᠡᠭᠡᠨ ᠤ ᠪᠠᠲᠤᠯᠠᠭ᠎ᠠ ᠪᠣᠯ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠲᠦᠷᠢᠮ ᠤᠨ ᠲᠣᠬᠢᠷᠠᠭᠤᠯᠤᠯᠲᠠ ᠮᠥᠨ᠃ ᠪᠥᠬᠦ ᠣᠷᠣᠨ ᠤ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠲᠡᠷᠢᠭᠦᠨ ᠴᠢᠬᠤᠯᠠ ᠡᠭᠦᠷᠭᠡ ᠪᠠ ᠰᠠᠭᠤᠷᠢ ᠠᠵᠢᠯ ᠪᠣᠯᠭᠠᠨ ᠠᠳᠬᠤᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠨ᠂ ᠰᠠᠯᠠᠭ᠎ᠠ ᠮᠥᠴᠢᠷ ᠬᠠᠮᠵᠢᠯᠴᠠᠬᠤ ᠶᠢ ᠴᠢᠩᠭᠠᠳᠬᠠᠵᠤ᠂ ︽ᠳᠥᠷᠪᠡᠨ ᠱᠠᠲᠤ ᠬᠠᠮᠲᠤᠷᠠᠨ ᠬᠥᠳᠡᠯᠦᠯᠴᠡᠬᠦ︾ ᠶᠢ ᠪᠡᠶᠡᠯᠡᠭᠦᠯᠦᠨ᠂ ᠭᠤᠤᠯᠳᠠᠯᠭ᠎ᠠ ᠲᠠᠢ ᠬᠥᠮᠦᠰ ᠢ ᠨᠢᠭᠲᠠ ᠠᠩᠬᠠᠷᠴᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠭᠠᠷᠲᠠᠨ ᠭᠦᠢᠴᠡᠳᠭᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠪᠥᠬᠦ ᠠᠷᠠᠳ ᠢ ᠬᠠᠮᠤᠷᠬᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃  ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠥᠯᠥᠭᠡᠯᠡᠭᠴᠢ᠂ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢ ᠲᠤᠰ ᠲᠤᠰ ᠣᠪᠣᠷ ᠢᠶᠠᠨ ᠢᠯᠡᠳᠬᠡᠬᠦ ᠦᠭᠡ ᠬᠡᠯᠡᠪᠡ᠃  ᠲᠣᠰ ᠤᠳᠠᠭᠠᠨ ᠤ ᠲᠥᠪᠯᠡᠷᠡᠩᠭᠦᠶ ᠤᠬᠠᠭᠤᠯᠭ᠎ᠠ ᠶᠢ ᠰᠠᠷ᠎ᠠ ᠡᠬᠢᠯᠡᠭᠦᠯᠦᠭᠰᠡᠨ ᠤ ᠳᠠᠷᠠᠭ᠎ᠠ 1 ᠰᠠᠷ᠎ᠠ ᠦᠷᠭᠦᠯᠵᠢᠯᠡᠨ᠎ᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠪᠠᠶᠢᠩᠭᠤ ᠰᠠᠭᠤᠭ᠎ᠠ ᠬᠥᠮᠦᠨ ᠠᠮᠠ ᠪᠣᠯᠤᠨ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ ᠶᠢᠨ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠬᠦ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ᠣᠯᠭᠤᠮᠵᠢ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠂  ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠵᠦ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号