2024 ᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠶᠢ ᠲᠡᠳᠬᠦᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ ᠣᠶᠢᠷ᠎ᠠ ᠳᠤ᠂ ᠬᠥᠬᠡᠬᠤᠲᠠ ︽ | ᠬᠤᠲᠠ ᠬᠥᠳᠡᠭᠡ ᠶᠢᠨ ᠬᠦᠴᠢᠷᠳᠡᠯᠲᠡᠢ ᠣᠯᠠᠨ ᠲᠦᠮᠡᠨ ᠤ 2024 ᠣᠨ ᠤ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠦᠢᠳᠬᠡᠯ ᠲᠤᠰᠢᠶᠠᠬᠤ ᠶᠢ ᠲᠡᠳᠬᠦᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ | ᠲᠣᠪᠴᠢᠯᠠᠨ᠎ᠠ︶ ᠢ ᠪᠠᠭᠤᠯᠭᠠᠪᠠ᠃ ᠣᠶᠢᠯᠠᠭᠠᠭᠰᠠᠨ ᠢᠶᠠᠷ᠂ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠳᠠᠭᠠᠳᠬᠠᠯ ᠳᠤ | ᠣᠷᠣᠯᠴᠠᠬᠤ ᠶᠢ ᠲᠡᠳᠬᠦᠬᠦ ᠬᠡᠪᠴᠢᠶᠡᠨ ᠳᠤ ᠣᠨᠴᠠ ᠬᠦᠴᠢᠷᠳᠡᠯᠲᠡᠢ ᠠᠰᠠᠷᠠᠭᠳᠠᠭᠴᠢ ︵ᠥᠨᠥᠴᠢᠨ ᠵᠡᠮᠳᠡᠭ | ᠬᠡᠦᠬᠡᠳ ᠢ ᠪᠠᠭᠲᠠᠭᠠᠨ᠎ᠠ ︶᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠂ | ᠳᠠᠬᠢᠨ ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠥᠨ ᠠᠮᠠ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ | ᠠᠮᠠ ᠶᠢᠨ ᠬᠢᠨᠠᠯᠲᠠ ᠳᠤ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠬᠥᠮᠥᠰ᠂ ᠠᠮᠠᠷᠬᠠᠨ | ᠶᠠᠳᠠᠭᠤᠷᠠᠬᠤ ᠬᠥᠮᠥᠰ ᠪᠠ ᠭᠡᠨᠡᠳᠲᠡ ᠶᠢᠨ ᠬᠦᠨᠳᠦ ᠬᠦᠴᠢᠷᠳᠡᠯ ᠳᠤ ᠲᠤᠯᠭᠠᠷᠠᠭᠰᠠᠨ ᠬᠥᠮᠥᠰ ᠢ ᠪᠠᠭᠲᠠᠭᠠᠨ᠎ᠠ ᠃ | ︽ᠮᠡᠳᠡᠭᠳᠡᠯ︾ ᠳᠤ ᠢᠯᠡᠷᠡᠭᠦᠯᠦᠭᠰᠡᠨ ᠢᠶᠠᠷ᠂ ᠣᠨᠴᠠ ᠬᠦᠴᠢᠷᠳᠡᠯᠲᠡᠢ ᠠᠰᠠᠷᠠᠭᠳᠠᠭᠴᠢ ︵ᠥᠨᠥᠴᠢᠨ ᠵᠡᠮᠳᠡᠭ | ᠬᠡᠦᠬᠡᠳ ᠢ ᠪᠠᠭᠲᠠᠭᠠᠨ᠎ᠠ ︶ ᠶᠢ 200 ᠲᠥᠭᠦᠷᠢᠭ \ ᠬᠥᠮᠥᠨ ᠢᠶᠠᠷ ᠪᠥᠬᠦ ᠲᠤᠭ᠎ᠠ ᠪᠠᠷ ᠲᠡᠳᠬᠦᠵᠦ ᠂ ᠬᠤᠪᠢ ᠬᠥᠮᠥᠨ | 10 ᠲᠥᠭᠦᠷᠢᠭ \ ᠬᠥᠮᠥᠨ ᠤ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠵᠠᠷᠤᠳᠠᠯ ᠲᠤᠰᠢᠶᠠᠬᠤ | ᠬᠡᠷᠡᠭᠲᠡᠢ᠃ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ ᠂ ᠳᠠᠬᠢᠨ | ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠥᠨ ᠠᠮᠠ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ | ᠠᠮᠠ ᠶᠢᠨ ᠬᠢᠨᠠᠯᠲᠠ ᠶᠢᠨ ᠬᠡᠪᠴᠢᠶᠡᠨ ᠳᠤ ᠣᠷᠣᠭᠤᠯᠤᠭᠰᠠᠨ ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ | ᠬᠥᠮᠥᠰ᠂ ᠠᠮᠠᠷᠬᠠᠨ ᠶᠠᠳᠠᠭᠤᠷᠠᠬᠤ ᠬᠥᠮᠥᠰ ᠪᠠ ᠭᠡᠨᠡᠳᠲᠡ ᠶᠢᠨ ᠬᠦᠨᠳᠦ ᠬᠦᠴᠢᠷᠳᠡᠯ ᠳᠤ ᠲᠤᠯᠭᠠᠷᠠᠭᠰᠠᠨ ᠬᠥᠮᠥᠰ ᠢ | 126 ᠲᠥᠭᠦᠷᠢᠭ \ ᠬᠥᠮᠥᠨ ᠢᠶᠠᠷ ᠲᠣᠭᠲᠠᠭᠰᠠᠨ ᠲᠤᠭ᠎ᠠ ᠪᠠᠷ ᠲᠡᠳᠬᠦᠵᠦ ᠂ ᠬᠤᠪᠢ ᠬᠥᠮᠥᠨ 84 ᠲᠥᠭᠦᠷᠢᠭ \ | ᠬᠥᠮᠥᠨ ︵10 ᠲᠥᠭᠦᠷᠢᠭ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠵᠠᠷᠤᠳᠠᠯ ᠢ | ᠪᠠᠭᠲᠠᠭᠠᠨ᠎ᠠ ︶ ᠲᠤᠰᠢᠶᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠠᠳ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ | ᠬᠦᠷᠲᠡᠭᠰᠡᠳ ︵ᠰᠢᠯᠵᠢᠯᠲᠡ ᠶᠢᠨ ᠬᠤᠭᠤᠴᠠᠭᠠᠨ ᠳᠤ ᠪᠠᠨ︶ ᠲᠤ ᠬᠥᠳᠡᠭᠡ ᠲᠣᠰᠬᠤᠨ ᠤ ᠣᠷᠣᠯᠭ᠎ᠠ ᠪᠠᠭᠠᠲᠠᠢ | ᠬᠢᠨᠠᠯᠲᠠ ᠳᠤ ᠪᠠᠶᠢᠭ᠎ᠠ ᠬᠦᠮᠦᠨ ᠠᠮᠠ ᠶᠢ ᠲᠡᠳᠬᠦᠬᠦ ᠪᠠᠷᠢᠮᠵᠢᠶ᠎ᠠ ᠪᠠᠷ ᠯᠠᠪᠯᠠᠨ ᠬᠡᠷᠡᠭᠵᠢᠭᠦᠯᠵᠦ᠂ ᠲᠡᠳᠬᠦᠬᠦ ᠪᠡᠯᠡ | ᠮᠥᠩᠭᠦ ᠶᠢ ᠡᠯ᠎ᠡ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠠᠴᠠ ᠭᠠᠷᠭᠠᠵᠤ᠂ ᠲᠡᠳᠬᠦᠭᠰᠡᠨ ᠤ ᠳᠠᠷᠠᠭ᠎ᠠ | ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠢᠨᠠᠯᠲᠠ ᠳᠤ | ᠪᠠᠶᠢᠭ᠎ᠠ ᠬᠦᠮᠦᠨ ᠠᠮᠠ ᠶᠢᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠠᠴᠠ ᠳᠣᠣᠷᠠᠳᠠᠭᠤᠯᠵᠤ ᠪᠣᠯᠬᠤ | ᠦᠭᠡᠢ᠃ | ︽ᠮᠡᠳᠡᠭᠳᠡᠯ︾ ᠳᠤ ᠱᠠᠭᠠᠷᠳᠠᠭᠰᠠᠨ ᠨᠢ᠂ ᠪᠥᠬᠦ ᠬᠤᠲᠠ ᠶᠢᠨ ᠡᠮᠴᠢᠯᠡᠭᠡᠨ ᠤ ᠠᠪᠤᠷᠠᠨ ᠲᠤᠰᠠᠯᠠᠯᠲᠠ | ᠬᠦᠷᠲᠡᠭᠰᠡᠳ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠡᠷᠡᠭᠲᠡᠢ᠃ ᠵᠠᠷᠴᠢᠮ ᠳᠡᠭᠡᠷ᠎ᠡ ᠪᠠᠨ | ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠳᠠᠭᠠᠳᠬᠠᠯ ᠳᠤ ᠣᠷᠣᠯᠴᠠᠬᠤ ᠶᠢ ᠲᠡᠳᠬᠦᠬᠦ ᠨᠥᠬᠦᠴᠡᠯ ᠳᠤ | ᠨᠡᠶᠢᠴᠡᠭᠰᠡᠳ ᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠳᠠᠭᠠᠳᠬᠠᠯ ᠳᠤ ᠣᠷᠣᠯᠴᠠᠭᠤᠯᠵᠤ ᠳᠠᠩᠰᠠᠯᠠᠨ᠎ᠠ ᠃ ᠲᠡᠳᠬᠦᠭᠰᠡᠨ | ᠳᠠᠭᠠᠳᠬᠠᠯ ᠳᠤ ᠣᠷᠣᠯᠴᠠᠭᠰᠠᠳ ᠤᠨ ᠳᠣᠲᠣᠷᠠᠬᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠶᠢᠨ ᠬᠠᠷᠢᠶᠠᠲᠤ | ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠦᠨ ᠲᠡᠵᠢᠭᠡᠭᠳᠡᠭᠰᠡᠳ ᠢ ︽ᠬᠥᠬᠡᠬᠤᠲᠠ ᠶᠢᠨ ᠬᠤᠲᠠ ᠬᠥᠳᠡᠭᠡ ᠶᠢᠨ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠤᠲᠠ ᠶᠢᠨ ᠱᠠᠲᠤᠨ ᠤ ᠨᠢᠭᠡᠳᠦᠯᠲᠡᠢ ᠲᠥᠯᠥᠪᠯᠡᠭᠡ ᠶᠢ ᠬᠡᠷᠡᠭᠵᠢᠭᠦᠯᠬᠦ | ᠠᠷᠭ᠎ᠠ︾ ᠶᠢᠨ ᠲᠣᠭᠲᠠᠭᠠᠯ ᠶᠣᠰᠣᠭᠠᠷ ᠬᠠᠷᠢᠶᠠᠲᠤ ᠠᠰᠠᠷᠠᠮᠵᠢ ᠶᠢᠨ ᠪᠠᠶᠢᠭᠤᠯᠤᠮᠵᠢ ᠨᠢ ᠬᠠᠷᠢᠶ᠎ᠠ ᠭᠠᠵᠠᠷ ᠤᠨ | ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ | ᠳᠠᠭᠠᠳᠬᠠᠯ ᠳᠤ ᠣᠷᠣᠯᠴᠠᠭᠤᠯᠵᠤ ᠳᠠᠩᠰᠠᠯᠠᠭᠤᠯᠬᠤ ᠶᠢ ᠬᠠᠷᠢᠭᠤᠴᠠᠨ᠂ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠵᠦᠢᠯᠡᠰ ᠢ ᠬᠠᠮᠲᠤ ᠪᠠᠷ ᠭᠦᠢᠴᠡᠳᠬᠡᠵᠦ᠂ ᠳᠠᠭᠠᠳᠬᠠᠯ ᠳᠤ ᠣᠷᠣᠯᠴᠠᠬᠤ ᠳᠤ ᠬᠡᠷᠡᠭᠰᠡᠬᠦ 210 | ᠲᠥᠭᠦᠷᠢᠭ / ᠬᠥᠮᠥᠨ ︵10 ᠲᠥᠭᠦᠷᠢᠭ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ | ᠵᠠᠷᠤᠳᠠᠯ ᠢ ᠪᠠᠭᠲᠠᠭᠠᠨ᠎ᠠ ︶ ᠢ ᠠᠰᠠᠷᠠᠮᠵᠢ ᠶᠢᠨ ᠪᠠᠶᠢᠭᠤᠯᠤᠮᠵᠢ ᠠᠴᠠ ᠡᠭᠦᠷᠭᠡᠯᠡᠨ᠎ᠡ᠃ ᠡᠯ᠎ᠡ ᠬᠤᠰᠢᠭᠤ ᠰᠢᠶᠠᠨ | ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠶᠢᠨ ᠪᠠᠭᠤᠯᠭᠠᠭᠰᠠᠨ 2023 ᠣᠨ ᠤ ᠡᠮᠴᠢᠯᠡᠭᠡᠨ ᠤ ᠠᠪᠤᠷᠠᠨ ᠲᠤᠰᠠᠯᠠᠯᠲᠠ ᠪᠠᠷ ᠲᠡᠳᠬᠦᠭᠰᠡᠨ | ᠳᠠᠭᠠᠳᠬᠠᠯ ᠳᠤ ᠣᠷᠣᠯᠴᠠᠭᠰᠠᠳ ᠤᠨ ᠮᠡᠳᠡᠭᠡᠯᠡᠯ ᠢᠶᠠᠷ ᠪᠠᠷᠢᠮᠵᠢᠶᠠᠯᠠᠵᠤ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ | ᠯᠦᠭᠡ ᠲᠡᠳᠬᠦᠭᠰᠡᠨ ᠳᠠᠭᠠᠳᠬᠠᠯ ᠳᠤ ᠣᠷᠣᠯᠴᠠᠭᠰᠠᠳ ᠤᠨ ᠮᠡᠳᠡᠭᠡᠯᠡᠯ ᠢ ᠰᠠᠶᠢᠲᠤᠷ ᠬᠠᠷᠭᠤᠭᠤᠯᠵᠤ ᠂ ᠳᠠᠭᠠᠳᠬᠠᠯ ᠳᠤ | ᠣᠷᠣᠯᠴᠠᠭᠰᠠᠳ ᠤᠨ ᠮᠡᠳᠡᠭᠡᠯᠡᠯ ᠨᠢ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠨ᠎ᠠ ᠃ ᠡᠮᠴᠢᠯᠡᠭᠡᠨ ᠤ ᠠᠪᠤᠷᠠᠨ | ᠲᠤᠰᠠᠯᠠᠯᠲᠠ ᠪᠠᠷ ᠲᠡᠳᠬᠦᠬᠦ ᠨᠥᠬᠦᠴᠡᠯ ᠳᠤ ᠨᠡᠶᠢᠴᠡᠭᠰᠡᠨ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠬᠤᠪᠢ ᠬᠥᠮᠥᠨ ᠪᠥᠬᠦ ᠲᠤᠭ᠎ᠠ ᠪᠠᠷ ᠲᠤᠰᠢᠶᠠᠭᠰᠠᠨ ᠪᠣᠯ ᠂ ᠲᠣᠰ | ᠬᠥᠮᠥᠨ ︽ ᠭᠠᠶᠢᠯᠢ ᠲᠤᠰᠢᠶᠠᠵᠤ ᠳᠠᠭᠤᠰᠤᠭᠰᠠᠨ ᠭᠡᠷᠡᠴᠢ︾ ᠪᠠᠷ ᠢᠶᠠᠨ ᠰᠦᠢᠳᠬᠡᠯ ᠲᠤᠰᠢᠶᠠᠭᠰᠠᠨ ᠡᠳᠦᠷ ᠠᠴᠠ | ᠡᠬᠢᠯᠡᠨ ᠨᠢᠭᠡ ᠵᠢᠯ ᠤᠨ ᠳᠣᠲᠣᠷ᠎ᠠ ᠬᠠᠷᠢᠶ᠎ᠠ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ | ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠦᠷᠴᠦ ᠰᠦᠢᠳᠬᠡᠯ ᠢᠶᠠᠨ ᠪᠤᠴᠠᠭᠠᠨ ᠠᠪᠬᠤ ᠪᠠᠷ ᠭᠤᠶᠤᠴᠢᠯᠠᠵᠤ᠂ | ᠰᠦᠢᠳᠬᠡᠯ ᠢ ᠪᠤᠴᠠᠭᠠᠨ ᠣᠯᠭᠤᠬᠤ ᠪᠠᠷᠢᠮᠵᠢᠶ᠎ᠠ ᠶᠢ ᠲᠡᠳᠬᠦᠬᠦ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ ᠬᠤᠭᠤᠴᠠᠭ᠎ᠠ | ᠬᠡᠲᠦᠷᠡᠪᠡᠯ ᠬᠦᠯᠢᠶᠡᠨ ᠠᠪᠬᠤ ᠦᠭᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ | ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ᠂ ᠠᠷᠠᠳ ᠤᠨ ᠶᠠᠪᠤᠳᠠᠯ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠯᠦᠭᠡ ᠬᠠᠷᠢᠯᠴᠠᠭ᠎ᠠ ᠪᠠᠨ | ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ | ᠳᠠᠭᠠᠳᠬᠠᠯ ᠳᠤ ᠣᠷᠣᠯᠴᠠᠬᠤ ᠰᠦᠢᠳᠬᠡᠯ ᠲᠤᠰᠢᠶᠠᠬᠤ ᠡᠬᠡ ᠲᠠᠩᠰᠠ ᠶᠢ ᠰᠠᠶᠢᠲᠤᠷ ᠬᠢᠵᠦ᠂ ᠤᠬᠠᠭᠤᠯᠬᠤ | ᠡᠷᠴᠢᠮ ᠢᠶᠠᠨ ᠴᠢᠩᠭᠠᠷᠠᠭᠤᠯᠵᠤ᠂ 2024 ᠣᠨ ᠤ ᠬᠦᠴᠢᠷᠳᠡᠯᠲᠡᠢ ᠬᠥᠮᠥᠰ ᠢ ᠲᠡᠳᠬᠦᠵᠦ ᠳᠠᠭᠠᠳᠬᠠᠯ ᠳᠤ | ᠣᠷᠣᠯᠴᠠᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠃ | |