ᠠᠯᠠᠱᠠ ᠠᠶᠢᠮᠠᠭ ᠤᠨ 2023 ᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/15
ᠡᠯ᠎ᠡ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠣᠯᠤᠨ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠢ ᠦᠢᠯᠡᠳᠪᠦᠷᠢᠯᠡᠵᠦ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ᠄  ︽ᠠᠯᠠᠱᠠ ᠠᠶᠢᠮᠠᠭ ᠤᠨ ᠡᠮ ᠡᠮᠨᠡᠯᠭᠡ ᠬᠤᠳᠠᠯᠳᠤᠨ ᠠᠪᠬᠤ ᠲᠥᠪ ᠤᠨ 2023 ᠣᠨ ᠤ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠬᠤ ᠠᠵᠢᠯ ᠤᠨ ᠲᠤᠬᠠᠶ ᠮᠡᠳᠡᠭᠳᠡᠯ︾ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠮᠠᠨ ᠤ ᠲᠣᠪᠴᠢᠶ᠎ᠠ 2023 ᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠬᠤ ᠳᠤ ᠣᠷᠣᠯᠴᠠᠭᠰᠠᠨ ᠠᠵᠤ ᠠᠬᠤᠶᠢᠯᠠᠯ ᠤᠨ ᠨᠡᠷ᠎ᠡ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ 2023 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ ᠠᠴᠠ 9 ᠳ᠋ᠦ᠋ᠭᠡᠷ ᠰᠠᠷ᠎ᠠ ᠶᠢᠨ 12 ᠤᠨ ᠡᠳᠦᠷ ᠪᠣᠯᠲᠠᠯ᠎ᠠ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠪᠡ᠂ ᠣᠲᠣ ᠪᠠᠲᠤᠯᠠᠭᠰᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ ᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ ᠤᠴᠢᠷ ᠢ ᠳᠤᠤᠷᠠᠬᠢ ᠮᠡᠲᠦ ᠮᠡᠳᠡᠭᠳᠡᠪᠡ᠃  ᠨᠢᠭᠡ᠂ ᠠᠯᠠᠱᠠ ᠠᠶᠢᠮᠠᠭ ᠤᠨ 2023 ᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠬᠤ ᠨᠡᠷᠡᠰ ︵ᠳᠠᠭᠠᠯᠳᠤᠭᠤᠯᠤᠯ 1᠂ 2 ᠢ ᠦᠵᠡ︶᠃  ᠬᠤᠶᠠᠷ᠂ ᠨᠡᠷᠡᠰ ᠤᠨ ᠳᠣᠲᠣᠷ᠎ᠠ ᠠᠩᠬ᠎ᠠ ᠤᠳᠠᠭ᠎ᠠ ᠨᠡᠷ᠎ᠡ ᠮᠡᠳᠡᠭᠦᠯᠵᠦ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠭᠰᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ᠄  ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ︵https://ylbzj.nmg.gov.cn/ggfw/hallEnter//lndex ︶ ᠳᠤ ᠭᠠᠷᠴᠤ ᠳᠠᠩᠰᠠᠯᠠᠭᠤᠯᠤᠨ ᠭᠡᠷᠡᠴᠢᠯᠡᠭᠦᠯᠵᠦ᠂ ᠢᠲᠡᠭᠡᠮᠵᠢ ᠶᠢᠨ ᠠᠮᠠᠯᠠᠯᠲᠠ ᠶᠢᠨ ᠪᠢᠴᠢᠭ ᠢ ᠳᠡᠭᠡᠭᠰᠢ ᠳᠠᠮᠵᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠠᠵᠤ ᠠᠬᠤᠶᠢᠯᠠᠯ ᠨᠢ ᠬᠢᠷᠢ ᠴᠢᠳᠠᠮᠵᠢ ᠶᠢ ᠬᠠᠮᠠᠭᠠᠯᠠᠨ᠎ᠠ︔ ᠠᠵᠤ ᠠᠬᠤᠶᠢᠯᠠᠯ ᠤᠨ ᠬᠢᠷᠢ ᠬᠡᠮ ᠤᠨ ᠬᠠᠮᠠᠭᠠᠯᠠᠯᠲᠠ ᠶᠢ ᠪᠡᠶᠡᠯᠡᠭᠦᠯᠦᠭᠰᠡᠨ ᠤ ᠳᠠᠷᠠᠭ᠎ᠠ ᠤᠲᠠᠰᠤ ᠪᠠᠷ ᠮᠠᠨ ᠤ ᠲᠥᠪ ᠲᠤ ᠮᠡᠳᠡᠭᠳᠡᠭᠡᠷᠡᠶ᠃  ᠭᠤᠷᠪᠠ᠂ ᠨᠡᠷᠡᠰ ᠤᠨ ᠳᠣᠲᠣᠷᠠᠬᠢ ᠳᠠᠩᠰᠠᠯᠠᠭᠤᠯᠤᠭᠰᠠᠨ ᠭᠡᠷᠡᠴᠢᠯᠡᠯ ᠢᠶᠠᠷ ᠳᠡᠮᠵᠢᠨ ᠪᠠᠲᠤᠯᠠᠭᠰᠠᠨ ᠡᠮ ᠤᠨ ᠵᠦᠢᠯ᠂ ᠡᠮᠨᠡᠯᠭᠡ ᠶᠢᠨ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ᠂ ᠮᠠᠨ ᠤ ᠲᠥᠪ ᠠᠴᠠ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠴᠠᠭ ᠲᠤᠬᠠᠶ ᠳᠤᠨᠢ ᠨᠡᠪᠲᠡᠷᠡᠭᠦᠯᠵᠦ᠂ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠨᠡᠪᠲᠡᠷᠡᠭᠦᠯᠦᠭᠰᠡᠨ ᠤ ᠳᠠᠷᠠᠭ᠎ᠠ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠦᠢᠯᠡᠳᠪᠦᠷᠢᠯᠡᠯ  ᠤᠨ ᠠᠵᠤ ᠠᠬᠤᠶᠢᠯᠠᠯ ᠲᠠᠢ ᠬᠠᠷᠢᠯᠴᠠᠵᠤ ᠪᠠᠶᠢᠭᠠᠳ ᠰᠢᠰᠲ᠋ᠧᠮ ᠤᠨ ᠳᠣᠲᠣᠷ᠎ᠠ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠵᠤ ᠪᠣᠯᠤᠨ᠎ᠠ᠂ ᠡᠭᠦᠨ ᠤ ᠬᠠᠮᠲᠤ ︽ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠡᠯᠡᠯᠴᠡᠭᠡᠷ ᠤᠨ ᠬᠢᠨᠠᠨ ᠬᠠᠷᠭᠤᠭᠤᠯᠬᠤ ᠴᠤᠪᠤᠷᠠᠯ ᠳᠤ ᠲᠣᠬᠢᠷᠠᠭᠤᠯᠤᠯᠲᠠ ᠬᠢᠬᠦ ᠲᠤᠬᠠᠶ ᠠᠯᠠᠱᠠ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠳᠣᠭᠢᠷᠠᠭᠤᠯᠤᠨ ᠬᠦᠷᠭᠡᠬᠦ ᠬᠡᠯᠡᠯᠴᠡᠭᠡᠷ ᠢᠶᠠᠨ ᠲᠤᠰᠢᠶᠠᠵᠤ᠂ ᠠᠶᠢᠮᠠᠭ ᠬᠤᠲᠠ ᠶᠢᠨ ᠪᠠᠶᠢᠭᠤᠯᠤᠮᠵᠢ ᠨᠤᠲᠠᠯᠠᠭᠰᠠᠨ ᠤ ᠳᠠᠷᠠᠭ᠎ᠠ ᠰᠠᠶ᠋ᠢ ᠳᠣᠭᠢᠷᠠᠭᠤᠯᠤᠨ ᠬᠦᠷᠭᠡᠵᠦ ᠪᠣᠯᠤᠨ᠎ᠠ᠃  ᠬᠠᠷᠢᠯᠴᠠᠬᠤ ᠬᠥᠮᠦᠨ᠄ ᠫᠠᠨ ᠰᠢᠤᠸᠠᠢ ᠵᠢᠶᠤᠤ᠂ ᠳ᠋ᠦᠩ ᠸᠧᠨ ᠵᠢᠩ  ᠬᠠᠷᠢᠯᠴᠠᠬᠤ ᠤᠲᠠᠰᠤ᠄ 0483 - 8350180  ᠳᠠᠭᠠᠯᠳᠤᠭᠤᠯᠤᠯ᠄ 1 . 2023 ᠣᠨ ᠤ ᠡᠮ ᠤᠨ ᠵᠦᠢᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠯᠲᠠ ᠳᠤ ᠪᠠᠲᠤᠯᠠᠭᠳᠠᠭᠰᠠᠨ ᠨᠡᠷᠡᠰ    2 . 2023 ᠣᠨ ᠤ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠯᠲᠠ ᠶᠢᠨ ᠨᠡᠷᠡᠰ     ᠠᠯᠠᠱᠠ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠤᠪᠴᠢᠶ᠎ᠠ  2023 ᠣᠨ ᠤ 9 ᠳ᠋ᠦ᠋ᠭᠡᠷ ᠰᠠᠷ᠎ᠠ ᠶᠢᠨ 15 ᠤ ᠡᠳᠦᠷ

 

 

 
ᠢᠷᠡᠯᠲᠡ᠄ ᠠᠯᠠᠱᠠ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号