ᠸᠠᠩ ᠯᠢ ᠰᠢᠶᠠ ᠪᠦᠯᠭᠦᠮ ᠳᠠᠭᠠᠭᠤᠯᠤᠨ ᠭᠧᠷᠮᠠᠨ ᠬᠤᠯᠠᠨᠳ᠋ ᠳ᠋ᠠᠨᠮᠠᠷᠺ ᠲᠤ ᠠᠶᠢᠯᠴᠢᠯᠠᠯᠲᠠ ᠬᠢᠪᠡ
ᠨᠡᠶᠢᠲᠡᠯᠡᠭᠰᠡᠨ ᠴᠠᠭ᠄
2023/9/19
  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠨᠡᠩ ᠰᠠᠶᠢᠲᠤᠷ ᠪᠦᠲᠦᠭᠡᠨ ᠪᠠᠶᠢᠭᠤᠯᠵᠤ ᠂ ︽ᠨᠢᠭᠡ ᠪᠦᠰᠡ ᠨᠢᠭᠡ ᠵᠠᠮ ︾  ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠨᠡᠩ ᠭᠦᠨᠵᠡᠭᠡᠢ ᠠᠭᠤᠰᠤᠯᠴᠠᠬᠤ ᠶᠢᠨ ᠲᠥᠯᠥᠭᠡ ᠂ 9 ᠰᠠᠷ᠎ᠠ ᠶᠢᠨ 8 ᠠᠴᠠ 17 ᠤ ᠡᠳᠦᠷ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠦᠯᠭᠦᠮ ᠳᠠᠭᠠᠭᠤᠯᠤᠨ ᠭᠧᠷᠮᠠᠨ ᠂ ᠬᠤᠯᠠᠨᠳ᠋ ᠂ ᠳ᠋ᠠᠨᠮᠠᠷᠺ ᠲᠤ ᠠᠶᠢᠯᠴᠢᠯᠠᠯᠲᠠ ᠬᠢᠵᠦ ᠂ ᠳᠡᠭᠡᠳᠦ ᠳᠠᠪᠬᠤᠷᠭ᠎ᠠ ᠶᠢᠨ ᠠᠭᠤᠯᠵᠠᠯᠲᠠ ᠶᠢ 4 ᠲᠠᠯᠠᠪᠠᠢ ᠥᠷᠨᠢᠭᠦᠯᠵᠦ ᠂ ᠲᠦᠷᠦᠯ ᠵᠦᠢᠯ ᠤᠨ ᠵᠥᠪᠳᠡᠯᠴᠡᠭᠡᠷ ᠂ ᠲᠣᠭᠤᠷᠢᠨ ᠦᠵᠡᠵᠦ ᠶᠠᠷᠢᠯᠴᠠᠬᠤ ᠬᠤᠷᠠᠯ ᠢ 12 ᠲᠠᠯᠠᠪᠠᠢ ᠶᠠᠪᠤᠭᠳᠠᠭᠤᠯᠵᠤ ᠂ 10 ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠭᠡᠷᠡᠴᠢᠯᠡᠵᠦ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ ᠂ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠶᠢᠨ᠎ᠠ ᠃  ᠠᠶᠢᠯᠴᠢᠯᠠᠯᠲᠠ ᠬᠢᠬᠦ ᠬᠤᠭᠤᠴᠠᠭᠠᠨ ᠳᠤ ᠂ ᠸᠠᠩ ᠯᠢ ᠰᠢᠶᠠ ᠬᠤᠯᠠᠨᠳ᠋ ᠲᠤ ᠰᠠᠭᠤᠭ᠎ᠠ ᠮᠠᠨ ᠤ ᠤᠯᠤᠰ ᠤᠨ ᠡᠯᠴᠢᠨ ᠰᠠᠶᠢᠳ ᠲᠠᠨ ᠵᠢᠶᠠᠨ ᠬᠢᠭᠡᠳ ᠳ᠋ᠠᠨᠮᠠᠷᠺ ᠲᠤ ᠰᠠᠭᠤᠭ᠎ᠠ ᠡᠯᠴᠢᠨ ᠰᠠᠶᠢᠳ ᠹᠧᠩ ᠲᠢᠶᠧ ᠲᠠᠢ ᠠᠵᠢᠯ ᠤᠨ ᠬᠡᠯᠡᠯᠴᠡᠭᠡ ᠬᠢᠵᠡᠢ ᠃ ᠲᠡᠷᠡ ᠂ ᠥᠪᠥᠷ ᠮᠣᠩᠭᠤᠯ ᠪᠣᠯᠣᠨ ᠬᠤᠯᠠᠨᠳ᠋ ᠂ ᠳ᠋ᠠᠨᠮᠠᠷᠺ ᠬᠤᠭᠤᠷᠣᠨᠳᠤ ᠪᠠᠨ ᠪᠠᠲᠤ ᠪᠠᠬᠢ ᠬᠠᠮᠲᠤᠷᠠᠯᠴᠠᠭᠠᠨ ᠤ ᠰᠠᠭᠤᠷᠢ ᠲᠠᠢ ᠶᠤᠮ ᠂ ᠲᠠᠷᠠᠭᠠᠴᠢ ᠶᠢᠨ ᠠᠯᠬᠤᠮ ᠳᠤ ᠪᠢᠳᠡ ᠬᠤᠶᠠᠷ ᠤᠯᠤᠰ ᠯᠤᠭ᠎ᠠ ᠬᠠᠷᠢᠯᠴᠠᠬᠤ  ᠪᠠᠨ ᠴᠢᠩᠭᠠᠳᠬᠠᠵᠤ ᠂ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠢᠯᠠᠩᠭᠤᠶ᠎ᠠ ᠨᠥᠭᠦᠷᠰᠡᠭ ᠬᠤᠳᠠ ᠶᠢ ᠬᠥᠭᠵᠢᠭᠦᠯᠵᠦ ᠂ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠨ᠎ᠡ ᠭᠡᠵᠦ ᠬᠡᠯᠡᠪᠡ ᠃ ᠲᠠᠨ ᠵᠢᠶᠠᠨ ᠂ ᠹᠧᠩ ᠲᠢᠶᠧ ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠴᠢᠨᠠᠭᠰᠢᠳᠠ ᠪᠠᠳᠠᠷᠠᠭᠤᠯᠵᠤ ᠂ ᠥᠪᠥᠷ ᠮᠣᠩᠭᠤᠯ ᠤᠨ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠦᠭᠦ ᠬᠦᠴᠦ ᠪᠠᠷ ᠢᠶᠠᠨ ᠳᠡᠮᠵᠢᠵᠦ ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ ᠃  ᠸᠠᠩ ᠯᠢ ᠰᠢᠶᠠ ᠳ᠋ᠠᠨᠮᠠᠷᠺ ᠤᠨ ᠢᠳᠡᠭᠡᠨ ᠂ ᠬᠥᠳᠡᠭᠡ ᠠᠵᠤ ᠠᠬᠤᠢ ᠪᠣᠯᠣᠨ ᠵᠢᠭᠠᠰᠤᠨ ᠠᠵᠤ ᠠᠬᠤᠢ ᠶᠢᠨ ᠶᠠᠮᠤᠨ ᠤ ᠰᠠᠶᠢᠳ ᠶᠡᠭᠧᠪᠦ᠋ · ᠶᠠᠨᠰᠧᠨ ᠪᠣᠯᠣᠨ ᠬᠤᠯᠠᠨᠳ᠋ ᠤᠨ ᠬᠥᠳᠡᠭᠡ ᠠᠵᠤ ᠠᠬᠤᠢ ᠪᠠᠶᠢᠭᠠᠯᠢ ᠵᠢᠴᠢ ᠢᠳᠡᠭᠡᠨ ᠤ ᠶᠠᠰᠤ ᠴᠢᠨᠠᠷ ᠤᠨ ᠶᠠᠮᠤᠨ ᠤ ᠳᠡᠳ᠋ ᠰᠠᠶᠢᠳ ᠯᠠᠨᠳᠧᠷ ᠲᠠᠢ ᠠᠭᠤᠯᠵᠠᠵᠤ ᠂ ᠮᠠᠯ ᠠᠵᠤ ᠠᠬᠤᠢ ᠲᠠᠷᠢᠶᠠᠯᠠᠩ ᠂ ᠢᠳᠡᠭᠡᠨ ᠢ ᠡᠳ᠋ᠰᠢᠭᠦᠯᠦᠨ ᠪᠤᠯᠪᠠᠰᠤᠷᠠᠭᠤᠯᠬᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠶᠢᠨ ᠲᠤᠬᠠᠢ ᠶᠠᠷᠢᠯᠴᠠᠪᠠ ᠃ ᠲᠡᠷᠡ ᠂ ᠬᠤᠶᠠᠷ ᠲᠠᠯ᠎ᠠ ᠪᠠᠷ ᠢᠶᠠᠨ ᠡᠯ᠎ᠡ ᠬᠦᠷᠢᠶ᠎ᠡ ᠢᠯᠠᠩᠭᠤᠶ᠎ᠠ ᠰᠦ ᠶᠢᠨ ᠦᠢᠯᠡᠰ ᠤᠨ ᠲᠠᠯ᠎ᠠ ᠪᠠᠷ ᠮᠠᠰᠢ ᠰᠠᠶᠢᠨ ᠬᠠᠮᠲᠤᠷᠠᠯᠴᠠᠭᠠᠨ ᠤ ᠰᠠᠭᠤᠷᠢ ᠲᠠᠢ ᠶᠤᠮ ᠂ ᠨᠡᠩ ᠤᠯᠠᠨ ᠠᠵᠤ ᠠᠬᠤᠶᠢᠯᠠᠯ ᠂ ᠪᠠᠶᠢᠭᠤᠯᠤᠮᠵᠢ ᠂ ᠶᠡᠭᠡ ᠳᠡᠭᠡᠳᠦ ᠰᠤᠷᠭᠠᠭᠤᠯᠢ ᠶᠢᠨ ᠬᠢᠨ ᠠᠵᠤ ᠦᠢᠯᠡᠰ ᠤᠨ ᠬᠥᠭᠵᠢᠯᠲᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠨᠡᠩ ᠤᠯᠠᠨ ᠦᠷ᠎ᠡ ᠪᠦᠲᠦᠭᠡᠯ ᠣᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ ᠃ ᠶᠡᠭᠧᠪᠦ᠋ · ᠶᠠᠨᠰᠧᠨ ᠪᠣᠯᠣᠨ ᠯᠠᠨᠳᠧᠷ ᠢᠳᠡᠪᠬᠢᠲᠡᠢ ᠬᠠᠷᠢᠭᠤᠯᠲᠠ ᠥᠭᠴᠦ ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ ᠂ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ ᠃  ᠠᠶᠢᠯᠴᠢᠯᠠᠯᠲᠠ ᠬᠢᠬᠦ ᠬᠤᠭᠤᠴᠠᠭᠠᠨ ᠳᠤ ᠂ ᠸᠠᠩ ᠯᠢ ᠰᠢᠶᠠ ᠲᠤᠰ ᠲᠤᠰ ᠧᠦ ᠯᠢᠦᠢ ᠪᠦᠦ ᠪᠦᠯᠦᠭᠯᠡᠯ ᠂ ᠰᠢᠮᠧᠨ᠋ᠽ ᠺᠤᠮᠫᠠᠨᠢ ᠂ GEA ᠺᠤᠮᠫᠠᠨᠢ ᠂ ᠮᠧᠩ ᠲᠠᠢ APT ᠭᠧᠷᠮᠠᠨ ᠤ ᠶᠡᠷᠦᠩᠬᠡᠢ ᠬᠡᠯᠲᠡᠰ ᠂ ᠬᠤᠸᠠᠩ ᠵᠢᠶᠠ ᠳ᠋ᠢ ᠰᠧ ᠮᠠᠨ ᠺᠤᠮᠫᠠᠨᠢ ᠂ ᠪᠡᠭᠡᠵᠢᠩ ᠤᠨ ᠬᠤᠩ ᠹᠦ᠋ ᠲᠠᠷᠢᠶᠠᠯᠠᠩ ᠤᠨ ᠬᠥᠭᠵᠢᠯᠲᠡ ᠶᠢᠨ ᠪᠦᠯᠦᠭᠯᠡᠯ ᠂ ᠬᠤᠯᠠᠨᠳ᠋ ᠤᠨ ᠬᠤᠷᠰᠢᠭᠰᠠᠨ ᠪᠠᠩᠬᠢ ᠂ ᠺᠧᠬᠠᠨᠰᠧᠨ ᠺᠤᠮᠫᠠᠨᠢ ᠂ ᠠᠯᠠᠹᠦ᠋ᠽ ᠺᠤᠮᠫᠠᠨᠢ ᠵᠡᠷᠭᠡ ᠠᠵᠤ ᠠᠬᠤᠶᠢᠯᠠᠯ ᠳᠤ ᠰᠢᠨᠵᠢᠯᠡᠨ ᠪᠠᠶᠢᠴᠠᠭᠠᠵᠤ ᠂ ᠮᠧᠩ ᠲᠠᠢ APT ᠭᠧᠷᠮᠠᠨ ᠤ ᠶᠡᠷᠦᠩᠬᠡᠢ ᠬᠡᠯᠲᠡᠰ ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠡᠸᠦ᠋ᠷᠦᠫᠡ ᠲᠢᠪ ᠤᠨ ᠰᠢᠨ᠎ᠡ ᠶᠢ ᠡᠭᠦᠳᠬᠦ ᠲᠥᠪ ᠤᠨ ᠫᠠᠶᠢᠰᠠ ᠡᠯᠭᠦᠬᠦ ᠶᠣᠰᠣᠯᠠᠯ ᠳᠤ ᠤᠷᠤᠯᠴᠠᠵᠤ ᠂ ᠣᠷᠳᠣᠰ ᠬᠤᠲᠠ ᠂ ᠢᠯᠢ ᠪᠦᠯᠦᠭᠯᠡᠯ ᠂ ᠮᠧᠩ ᠨᠢᠦ ᠪᠦᠯᠦᠭᠯᠡᠯ ᠤᠨ ᠭᠤᠷᠪᠠᠨ ᠤᠯᠤᠰ ᠤᠨ ᠬᠠᠮᠢᠶ᠎ᠠ ᠪᠦᠬᠦᠢ ᠠᠵᠤ ᠠᠬᠤᠶᠢᠯᠠᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠢ ᠭᠡᠷᠡᠴᠢᠯᠡᠭᠰᠡᠨ ᠪᠥᠭᠡᠳ ᠰᠦ ᠶᠢᠨ ᠦᠢᠯᠡᠰ ᠤᠨ ᠬᠥᠭᠵᠢᠯᠲᠡ ᠂ ᠬᠥᠩᠭᠡᠨᠴᠠᠭᠠᠨ ᠤ ᠰᠡᠭᠦᠯᠴᠢ ᠶᠢᠨ ᠬᠤᠭᠤᠴᠠᠭᠠᠨ ᠳᠠᠬᠢ ᠨᠠᠷᠢᠯᠢᠭ ᠡᠳ᠋ᠰᠢᠭᠦᠯᠬᠦ ᠂ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠂ ᠲᠣᠭᠠᠴᠢᠯᠠᠭᠰᠠᠨ ᠮᠡᠷᠭᠡᠵᠢᠯ ᠵᠡᠷᠭᠡ ᠲᠠᠯ᠎ᠠ ᠪᠠᠷ ᠶᠠᠷᠢᠯᠴᠠᠵᠤ ᠰᠠᠨᠠᠯ ᠢᠶᠠᠨ ᠰᠣᠯᠢᠯᠴᠠᠪᠠ ᠃  ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠶᠢᠮᠠᠭ ᠬᠤᠲᠠ ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠠᠶᠢᠯᠴᠢᠯᠠᠯᠲᠠ ᠬᠢᠪᠡ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号