ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠦᠨᠳᠦᠰᠦᠲᠡᠨ ᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ ︽ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠤᠨ | ᠲᠣᠭᠲᠠᠭᠠᠯ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠂ ᠪᠦᠬᠦ ᠣᠷᠣᠨ ᠤ 40 ᠳ᠋ᠦ᠋ᠭᠡᠷ ᠪᠦᠬᠦ ᠣᠷᠣᠨ | ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯ ᠢ ᠰᠠᠶᠢᠲᠤᠷ ᠬᠢᠨ᠎ᠡ᠂ | 2023 ᠣᠨ ᠤ 9 ᠳ᠋ᠦ᠋ᠭᠡᠷ ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ | ᠨᠠᠮ ᠤᠨ ᠬᠤᠷᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯᠴᠢᠨ ᠤ ᠡᠪᠯᠡᠯ ᠤᠨ ᠬᠤᠷᠢᠶ᠎ᠠ ᠲᠠᠢ ᠬᠠᠮᠲᠤᠷᠠᠨ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠨᠠᠮ | ᠤᠨ ᠬᠤᠷᠢᠶ᠎ᠠ᠂ ᠪᠤᠤ ᠯᠢᠶᠠᠨ ᠨᠡᠶᠢᠭᠡᠮ ᠲᠣᠭᠤᠷᠢᠭ ᠤᠨ ᠢᠤᠢ ᠴᠢᠤᠸᠠᠨ ᠲᠣᠭᠤᠷᠢᠭ ᠤᠨ ᠰᠧ ᠯᠢ ᠶᠢᠩ ᠵᠡᠭᠦᠨ | ᠨᠡᠶᠢᠭᠡᠮ ᠲᠣᠭᠤᠷᠢᠭ ᠲᠤ ᠬᠦᠷᠴᠦ ︽ᠠᠴᠢ ᠡᠨᠡᠷᠢᠯ ᠳᠤ ᠲᠠᠯᠠᠷᠬᠠᠵᠤ ᠨᠠᠮ ᠢᠶᠠᠨ ᠳᠠᠭᠠᠵᠤ ᠶᠠᠪᠤᠨ᠎ᠠ᠂ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠠᠯ᠎ᠠ ᠪᠠᠷ ᠵᠢᠱᠢᠶ᠎ᠡ ᠦᠵᠡᠭᠦᠯᠬᠦ︾ | ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠦᠷᠨᠢᠭᠦᠯᠪᠡ᠃ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ᠂ ᠪᠥᠬᠦ ᠨᠠᠮ ᠤᠨ ᠭᠡᠰᠢᠭᠦᠨ ᠺᠠᠳ᠋ᠷ ᠠᠵᠢᠯᠲᠠᠨ | ᠠᠵᠢᠯᠴᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠬᠢᠨᠠᠮᠠᠭᠠᠶ ᠥᠷᠨᠢᠭᠦᠯᠵᠦ᠂ ︽ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠲᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠵᠢᠴᠢ ᠦᠨᠳᠦᠰᠦᠲᠡᠨ ᠤ ᠲᠥᠷᠥ ᠶᠢᠨ ᠪᠣᠳᠣᠯᠭ᠎ᠠ ᠰᠤᠷᠤᠯᠴᠠᠬᠤ | ᠲᠡᠮᠳᠡᠭᠯᠡᠯ ᠤᠨ ᠳᠡᠪᠲᠡᠷ ᠵᠡᠷᠭᠡ ᠠᠵᠢᠯᠯᠠᠭ᠎ᠠ ᠶᠢᠨ ᠳᠤᠷᠠᠰᠬᠠᠯ ᠤᠨ ᠪᠣᠳᠠᠰ ᠢ ᠢᠳᠡᠪᠬᠢᠲᠡᠶ ᠲᠠᠷᠬᠠᠭᠠᠬᠤ ᠶᠢᠨ ᠬᠠᠮᠲᠤ | ᠠᠷᠢᠭᠤᠨ ᠴᠢᠬᠡᠴᠢ ᠰᠣᠶᠣᠯ ᠤᠨ ᠤᠬᠠᠭᠤᠯᠭ᠎ᠠ ᠪᠠ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢ ᠥᠷᠨᠢᠭᠦᠯᠦᠨ᠎ᠡ᠃ | ᠲᠤᠰᠬᠠᠶ ᠮᠡᠷᠭᠡᠵᠢᠯᠲᠡᠨ ᠤ ᠠᠯᠪᠠᠨ ᠵᠢᠷᠤᠮ ᠤᠨ ᠡᠮᠴᠢᠯᠡᠭᠡᠨ ᠤ ᠲᠣᠭᠤᠷᠢᠭ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠢᠯᠡᠷᠡᠭᠡ ᠥᠬᠡᠶ | ᠡᠪᠡᠳᠴᠢᠨ ᠢ ᠵᠠᠰᠠᠬᠤ ᠲᠥᠪ᠂ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ᠂ ᠵᠢᠷᠦᠬᠡᠨ ᠡᠪᠡᠳᠴᠢᠨ ᠤ ᠰᠠᠯᠠᠭ᠎ᠠ᠂ | ᠶᠡᠷᠦᠩᠬᠡᠶ ᠰᠠᠯᠠᠭᠠᠨ ᠤ ᠡᠮᠴᠢᠯᠡᠭᠡᠨ ᠤ ᠰᠠᠯᠠᠭ᠎ᠠ᠂ ᠤᠯᠠᠮᠵᠢᠯᠠᠯᠲᠤ ᠳᠣᠲᠣᠷ ᠡᠮᠴᠢᠯᠡᠭᠡᠨ ᠤ ᠰᠠᠯᠠᠭ᠎ᠠ᠂ ᠶᠠᠰᠤᠨ ᠤ | ᠭᠠᠳᠠᠷ ᠰᠠᠯᠠᠭᠠᠨ ᠤ 6 ᠲᠤᠰᠬᠠᠶ ᠮᠡᠷᠭᠡᠵᠢᠯᠲᠡᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠠᠷᠢᠨ ᠨᠢᠮᠪᠠᠶ | ᠠᠰᠠᠭᠤᠨ ᠯᠠᠪᠯᠠᠵᠤ᠂ ᠣᠨᠣᠰᠢᠯᠠᠨ ᠵᠠᠰᠠᠪᠠ᠃ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤᠮᠳᠠᠳᠤ ᠶᠢᠨ ᠦᠨᠳᠦᠰᠦᠲᠡᠨ | ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠦᠷᠭᠦᠯᠵᠢᠯᠡᠨ | ᠪᠠᠷᠢᠮᠲᠠᠯᠠᠨ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ | ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠂ ᠦᠨᠳᠦᠰᠦᠲᠡᠨ | ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠨᠠᠩ ᠴᠢᠩ ᠰᠡᠳᠬᠢᠯ | ᠠᠴᠠ ᠪᠠᠨ ᠲᠠᠯᠠᠷᠬᠠᠬᠤ ᠪᠣᠯᠭᠠᠬᠤ ᠬᠡᠷᠡᠭᠲᠡᠶ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠵᠤ᠂ ᠠᠭᠤᠤ | ᠶᠡᠭᠡ ᠡᠬᠡ ᠤᠯᠤᠰ ᠢᠶᠠᠨ ᠲᠠᠰᠤᠷᠠᠯᠲᠠ ᠦᠭᠡᠢ ᠴᠢᠩᠭᠠᠳᠬᠠᠶ᠎ᠠ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ | ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ | ᠤᠨ ᠢᠵᠢᠯᠰᠢᠯ᠂ ᠦᠨᠳᠦᠰᠦᠲᠡᠨ ᠨᠦᠭᠦᠳ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ | ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠤᠨ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ | ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠥᠯᠥᠭᠡ ᠣᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠪᠠ᠃ | |