ᠲᠦᠪᠯᠡᠷᠡᠭᠦᠯᠦᠨ ᠬᠤᠳᠠᠯᠳᠤᠨ ᠠᠪᠬᠤ ᠰᠢᠭᠤᠳ ᠳ᠋ᠦᠩᠨᠡᠨ ᠪᠤᠳᠤᠬᠤ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠳᠤ ᠬᠦᠴᠦᠨ ᠨᠡᠮᠡᠷᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2023/9/22
  ᠮᠠᠨ ᠤ ᠣᠷᠣᠨ 2020 ᠣᠨ ᠳᠤ ᠡᠮ ᠤᠨ ᠵᠦᠶᠯ ᠤᠨ ᠬᠤᠷᠣᠭᠳᠠᠯ ᠮᠠᠲ᠋ᠧᠷᠢᠶᠠᠯ ᠴᠤᠭᠯᠠᠭᠤᠯᠬᠤ ︽ ᠡᠮᠨᠡᠯᠭᠡ ᠪᠠᠩᠬᠢ ᠠᠵᠤ ᠠᠬᠤᠶᠢᠯᠠᠯ︾ ᠤᠨ ᠡᠳ᠋ ᠬᠥᠷᠥᠩᠭᠡ ᠶᠢ ᠨᠢᠭᠡ ᠴᠣᠭᠴᠠᠵᠢᠭᠤᠯᠤᠨ ᠰᠢᠭᠤᠳ ᠳ᠋ᠦᠩᠨᠡᠨ ᠪᠤᠳᠤᠬᠤ ᠶᠢ ᠬᠡᠷᠡᠭᠵᠢᠭᠦᠯᠦᠭᠰᠡᠨ ᠠᠴᠠ ᠨᠠᠭᠠᠰᠢ᠂ ᠡᠮᠴᠢᠯᠡᠭᠡᠨ ᠤ ᠪᠠᠶᠢᠭᠤᠯᠤᠮᠵᠢ ᠶᠢᠨ ᠵᠣᠭᠤᠰ ᠪᠤᠴᠠᠭᠠᠬᠤ ᠦᠶᠡᠯᠡᠯ  ᠢ ᠪᠣᠭᠤᠨᠢᠰᠬᠠᠵᠤ᠂ ᠡᠮᠴᠢᠯᠡᠭᠡᠨ ᠤ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠶᠢᠨ ᠬᠠᠮᠲᠤ᠂ ᠡᠮᠴᠢᠯᠡᠭᠡᠨ ᠤ ᠪᠠᠶᠢᠭᠤᠯᠤᠮᠵᠢ ᠳᠤ ᠥᠨᠳᠥᠷ ᠪᠦᠲᠦᠮᠵᠢᠲᠡᠶ᠂ ᠳᠥᠭᠦᠮ ᠳᠥᠲᠡ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠰᠦᠯᠵᠢᠶᠡᠨ ᠳᠡᠭᠡᠷᠡᠬᠢ ᠦᠶᠯᠡᠴᠢᠯᠡᠭᠡ ᠶᠢ ᠦᠷᠭᠦᠯᠵᠢᠯᠡᠨ ᠬᠠᠩᠭᠠᠪᠠ᠃  ᠡᠮᠴᠢᠯᠡᠭᠡᠨ ᠤ ᠪᠠᠶᠢᠭᠤᠯᠤᠮᠵᠢ ᠨᠢ ᠬᠤᠳᠠᠯᠳᠤᠨ ᠠᠪᠴᠤ ᠳ᠋ᠦᠩᠨᠡᠨ ᠪᠤᠳᠤᠬᠤ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ᠂ ︽ᠡᠮᠨᠡᠯᠭᠡ ᠪᠠᠩᠬᠢ ᠠᠵᠤ ᠠᠬᠤᠶᠢᠯᠠᠯ︾ ᠤᠨ ᠡᠳ᠋ ᠬᠥᠷᠥᠩᠭᠡ ᠶᠢ ᠨᠢᠭᠡ ᠴᠣᠠᠠᠴᠠᠵᠢᠭᠤᠯᠥᠠᠠᠰᠠᠨ ᠰᠢᠰᠲ᠋ᠧᠮ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠡᠮ ᠤᠨ ᠵᠦᠶᠯ ᠤᠨ ᠬᠤᠷᠣᠭᠳᠠᠯ ᠮᠠᠲ᠋ᠧᠷᠢᠶᠠᠯ ᠢ ᠴᠤᠭᠯᠠᠭᠤᠯᠤᠨ ᠬᠤᠳᠠᠯᠳᠤᠨ ᠠᠪᠬᠤ ᠪᠠ ᠪᠣᠷᠣᠯᠠᠭᠤᠯᠬᠤ᠂ ᠳ᠋ᠦᠩᠨᠡᠨ ᠪᠤᠳᠤᠬᠤ ᠬᠡᠯᠡᠯᠴᠡᠭᠡᠷ ᠲᠣᠭᠲᠠᠬᠤ᠂ ᠬᠤᠳᠠᠯᠳᠤᠨ ᠠᠪᠬᠤ ᠵᠠᠬᠢᠶᠠᠯᠠᠭ᠎ᠠ ᠶᠢᠨ ᠬᠠᠭᠤᠳᠠᠰᠤ ᠶᠢ ᠬᠠᠷᠭᠤᠭᠤᠯᠤᠨ ᠰᠢᠯᠭᠠᠵᠤ ᠬᠥᠮᠥᠷᠭᠡ ᠳᠤ ᠣᠷᠣᠭᠤᠯᠬᠤ᠂ ᠳ᠋ᠦᠩᠨᠡᠨ ᠪᠤᠳᠤᠬᠤ ᠬᠠᠭᠤᠳᠠᠰᠤ ᠶᠢ ᠬᠢᠨᠠᠨ ᠬᠠᠷᠭᠤᠭᠤᠯᠵᠤ ᠮᠥᠷᠳᠡᠵᠦ ᠭᠠᠷᠭᠠᠬᠤ ᠵᠢᠴᠢ ᠡᠮᠴᠢᠯᠡᠭᠡᠨ  ᠤ ᠪᠠᠶᠢᠭᠤᠯᠤᠮᠵᠢ ᠶᠢᠨ ᠲᠠᠩᠰᠠᠨ ᠳᠠᠬᠢ ᠪᠠᠯᠠ ᠮᠥᠩᠭᠦ ᠶᠢ ᠬᠤᠷᠢᠶᠠᠨ ᠠᠪᠬᠤ᠂ ᠳᠥᠯᠥᠬᠦ᠂ ᠬᠦᠦ ᠮᠥᠩᠭᠦ ᠶᠢᠨ ᠡᠯᠧᠺᠲᠷᠣᠨ ᠬᠠᠷᠢᠭᠤ ᠬᠠᠭᠤᠳᠠᠰᠤ ᠵᠢᠴᠢ ᠴᠤᠪᠤᠷᠠᠯ ᠢ ᠪᠠᠭᠤᠯᠭᠠᠨ ᠠᠪᠬᠤ ᠶᠢ ᠪᠡᠶᠡᠯᠡᠭᠦᠯᠵᠦ᠂ ᠬᠤᠳᠠᠯᠳᠤᠨ ᠠᠪᠬᠤ᠂ ᠬᠥᠮᠥᠷᠭᠡ ᠳᠤ ᠣᠷᠣᠭᠤᠯᠬᠤ᠂ ᠳ᠋ᠦᠩᠨᠡᠨ ᠪᠤᠳᠤᠬᠤ᠂ ᠲᠠᠩᠰᠠᠨ ᠳᠤ ᠣᠷᠣᠭᠤᠯᠬᠤ᠂ ᠲᠠᠩᠰᠠ ᠬᠠᠷᠭᠤᠭᠤᠯᠬᠤ ᠪᠥᠬᠦ ᠶᠠᠪᠤᠴᠠ ᠶᠢ ᠡᠯᠧᠺᠲᠷᠤᠨᠴᠢᠯᠠᠬᠤ ᠶᠢ ᠪᠡᠶᠡᠯᠡᠭᠦᠯᠦᠨ᠂ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠭᠠᠳᠤ ᠶᠢᠨ ᠥᠨᠳᠥᠷ ᠦᠷ᠎ᠡ ᠪᠦᠲᠦᠮᠵᠢᠲᠡᠶ ᠬᠠᠮᠢᠶᠠᠷᠤᠯᠲᠠ ᠶᠢ ᠠᠬᠢᠭᠤᠯᠵᠤ᠂ ᠨᠠᠷᠢᠯᠢᠬᠵᠢᠭᠤᠯᠤᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号