ᠪᠠᠶᠠᠨᠨᠠᠭᠤᠷ ᠬᠤᠲᠠ ᠶᠢᠨ ᠡᠮ ᠤᠨ ᠵᠦᠢᠯᠡᠰ᠂ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ ᠶᠢ ᠢᠯᠡ ᠪᠠᠷ ᠬᠤᠳᠠᠯᠳᠤᠨ ᠠᠪᠴᠤ ᠨᠡᠮᠡᠵᠦ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/5
ᠡᠯ᠎ᠡ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠣᠯᠤᠨ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ ᠳᠤ᠄  ᠡᠮ ᠤᠨ ᠵᠦᠢᠯᠡᠰ ᠢ ᠰᠠᠶᠢᠲᠤᠷ ᠬᠢᠨ᠎ᠡ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶ᠎ᠡ ᠪᠠᠷ ᠬᠤᠳᠠᠯᠳᠤᠨ ᠠᠪᠬᠤ ᠠᠵᠢᠯ ᠪᠣᠯ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠨᠢᠭᠡᠨ ᠴᠢᠬᠤᠯᠠ ᠡᠭᠦᠷᠭᠡ ᠪᠣᠯᠤᠨ᠎ᠠ᠂ ᠮᠠᠨ ᠤ ᠬᠤᠲᠠ ᠶᠢᠨ ᠡᠮ ᠤᠨ ᠵᠦᠢᠯ ︵ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠪᠠᠭᠲᠠᠨ᠎ᠠ︶ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠡᠮᠨᠡᠯᠭᠡ ᠶᠢᠨ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠲᠣᠬᠢᠷᠠᠭᠤᠯᠤᠨ ᠬᠦᠷᠭᠡᠬᠦ ᠦᠢᠯᠡ ᠠᠵᠢᠯᠯᠠᠭ᠎ᠠ᠂ ᠲᠣᠬᠢᠷᠠᠭᠤᠯᠤᠨ ᠬᠦᠷᠭᠡᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠂ ᠡᠮ ᠢ ᠪᠠᠲᠤᠯᠠᠬᠤ᠂ ᠡᠮᠨᠡᠯᠭᠡ ᠶᠢᠨ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠡᠯ᠎ᠡ ᠵᠦᠢᠯ ᠤᠨ ᠠᠵᠢᠯ ᠡᠮᠬᠢ ᠵᠢᠷᠤᠮ ᠲᠠᠢ ᠠᠬᠢᠪᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇2020﹈ 27 ᠳ᠋ᠤᠭᠠᠷ ᠲᠣᠭᠠᠲᠤ︶ ᠤᠨ ︽ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠪᠦᠬᠦᠨ ᠢᠶᠠᠷ ᠢᠶᠠᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠢᠶᠠᠷ ᠳᠠᠮᠵᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠡᠷᠡᠭᠲᠡᠶ᠂ ᠠᠶᠢᠮᠠᠭ ᠬᠤᠲᠠ ᠶᠢᠨ ᠡᠮ ᠤᠨ ᠵᠦᠢᠯᠡᠰ ᠢ ᠴᠢᠩᠭᠠᠷᠠᠭᠤᠯᠤᠨ᠎ᠠ᠂ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠬᠠᠷᠢᠶᠠᠲᠤ ᠣᠷᠣᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ︾ ᠶᠢᠨ ᠵᠣᠷᠢᠭ ᠰᠠᠨᠠᠭ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠳᠠᠭᠠᠳᠬᠠᠯ ᠤᠨ ᠠᠯᠪᠠᠨ ᠲᠠᠷᠬᠠᠭᠠᠭᠰᠠᠨ ﹇2019﹈ 41 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠶᠢᠨ ᠲᠤᠰᠠᠳᠠ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠤᠶᠠᠯᠳᠤᠭᠤᠯᠤᠨ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠠᠷᠭ᠎ᠠ ᠪᠠ ᠮᠡᠳᠡᠭᠦᠯᠬᠦ ᠮᠠᠲ᠋ᠧᠷᠢᠶᠠᠯ ᠢ ᠤᠯᠠᠮ ᠨᠢᠭᠡ ᠠᠯᠬᠤᠮ ᠳᠥᠭᠦᠮᠴᠢᠯᠡᠬᠦ ᠪᠠ ᠰᠢᠯᠢᠳᠡᠭᠵᠢᠭᠦᠯᠦᠨ᠎ᠡ᠂ ᠡᠳᠦᠭᠡ ᠪᠣᠳᠠᠲᠠᠶ ᠨᠡᠷ᠎ᠡ ᠮᠡᠳᠡᠭᠦᠯᠬᠦ ᠵᠦᠢᠯᠡᠰ ᠢ ᠳᠤᠤᠷᠠᠬᠢ ᠮᠡᠲᠦ      ᠵᠠᠷᠯᠠᠪᠠ᠄  ᠨᠢᠭᠡ᠂ ᠨᠡᠷ᠎ᠡ ᠮᠡᠳᠡᠭᠦᠯᠬᠦ ᠬᠡᠪᠴᠢᠶ᠎ᠡ  ︵ᠨᠢᠭᠡ︶ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠬᠡᠪᠴᠢᠶ᠎ᠡ᠃ ᠮᠠᠨ ᠤ ᠬᠤᠲᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ ᠤᠨ ᠰᠦᠯᠵᠢᠶᠡᠨ ᠳᠤ ᠬᠤᠯᠪᠣᠭᠰᠠᠨ ᠦᠢᠯᠡᠳᠭᠦᠨ ᠲᠣᠬᠢᠷᠠᠭᠤᠯᠤᠨ ᠬᠦᠷᠭᠡᠬᠦ ︵ᠦᠢᠯᠡᠳᠪᠦᠷᠢᠯᠡᠯ ᠤᠨ ᠠᠵᠤ ᠠᠬᠤᠶᠢᠯᠠᠯ ᠤᠨ ᠰᠢᠭᠤᠳ ᠲᠣᠬᠢᠷᠠᠭᠤᠯᠭ᠎ᠠ ᠪᠠᠭᠲᠠᠨ᠎ᠠ︶ ᠶᠢ ᠥᠷᠨᠢᠭᠦᠯᠬᠦ ᠪᠠᠷ ᠪᠠᠶᠢᠭ᠎ᠠ ᠪᠥᠭᠡᠳ ᠪᠠᠶᠠᠨᠨᠠᠭᠤᠷ ᠬᠤᠲᠠ ᠳᠤ ᠲᠣᠬᠢᠷᠠᠭᠤᠯᠤᠨ ᠬᠦᠷᠭᠡᠬᠦ ᠬᠢᠷᠢ ᠬᠡᠮ ᠥᠬᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ      ᠪᠣᠯᠤᠨ᠎ᠠ᠃  ︵ᠬᠤᠶᠠᠷ︶ ᠲᠣᠬᠢᠷᠠᠭᠤᠯᠤᠨ ᠬᠦᠷᠭᠡᠬᠦ ᠬᠦᠷᠢᠶ᠎ᠡ ᠬᠡᠪᠴᠢᠶ᠎ᠡ᠃ ᠪᠠᠶᠠᠨᠨᠠᠭᠤᠷ ᠬᠤᠲᠠ ᠶᠢᠨ ᠬᠡᠪᠴᠢᠶᠡᠨ ᠳᠠᠬᠢ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ︵ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠭᠲᠠᠨ᠎ᠠ︶᠃  ᠬᠤᠶᠠᠷ᠂ ᠠᠵᠤ ᠠᠬᠤᠶᠢᠯᠠᠯ ᠢᠶᠠᠨ ᠮᠡᠳᠡᠭᠦᠯᠬᠦ ᠬᠢᠷᠢ ᠬᠡᠮ ᠤᠨ ᠱᠠᠭᠠᠷᠳᠠᠯᠭ᠎ᠠ  ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ ᠲᠣᠬᠢᠷᠠᠭᠤᠯᠤᠨ ᠬᠦᠷᠭᠡᠬᠦ ᠳᠤ ᠨᠡᠷ᠎ᠡ ᠮᠡᠳᠡᠭᠦᠯᠦᠨ ᠣᠷᠣᠯᠴᠠᠬᠤ ᠪᠠᠷ ᠭᠤᠶᠤᠴᠢᠯᠠᠭᠰᠠᠨ ᠠᠵᠤ ᠠᠬᠤᠶᠢᠯᠠᠯ ᠡᠷᠬᠡᠪᠰᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ ᠠᠴᠠ ᠵᠠᠬᠢᠶᠠᠯᠠᠭ᠎ᠠ ᠶᠢ ᠨᠤᠲᠠᠯᠠᠬᠤ᠂ ᠪᠠᠷᠠᠭ᠎ᠠ ᠪᠡᠯᠡᠳᠬᠡᠬᠦ᠂ ᠲᠣᠬᠢᠷᠠᠭᠤᠯᠤᠨ ᠬᠦᠷᠭᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠭᠦᠨ ᠤ ᠬᠠᠮᠲᠤ᠂ ᠡᠷᠬᠡᠪᠰᠢ ᠳᠣᠣᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠃  ︵ᠨᠢᠭᠡ︶ ᠬᠠᠤᠯᠢ ᠶᠣᠰᠣᠭᠠᠷ ᠵᠣᠬᠢᠴᠠᠩᠭᠤᠢ ᠬᠢᠷᠢ ᠴᠢᠳᠠᠯ ᠤᠨ ᠦᠨᠡᠮᠯᠡᠯ ᠣᠯᠤᠭᠰᠠᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠬᠥᠮᠦᠨ ᠤ ᠬᠢᠷᠢ ᠬᠡᠮ ᠪᠠ ᠪᠡᠶ᠎ᠡ ᠪᠠᠨ ᠳᠠᠭᠠᠭᠠᠭᠰᠠᠨ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠲᠠᠢ ᠪᠠᠶᠢᠬᠤ᠃  ︵ᠬᠤᠶᠠᠷ︶ ᠬᠤᠶᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠲᠣᠬᠢᠷᠠᠭᠤᠯᠤᠨ ᠬᠦᠷᠭᠡᠬᠦ ᠪᠠᠷ ᠭᠤᠶᠤᠴᠢᠯᠠᠬᠤ ᠶᠢᠨ ᠬᠠᠮᠲᠤ᠂ ᠬᠠᠷᠢᠶ᠎ᠠ ᠭᠠᠵᠠᠷ ᠤᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠲᠣᠬᠢᠷᠠᠭᠤᠯᠤᠨ ᠬᠦᠷᠭᠡᠬᠦ ᠶᠢ ᠡᠭᠦᠷᠭᠡᠯᠡᠵᠦ᠂ ᠰᠢᠶᠠᠨ ᠰᠢᠶᠠᠩ ᠲᠣᠰᠬᠤᠨ ᠢ ᠨᠢᠭᠡ ᠴᠣᠭᠴᠠᠵᠢᠭᠤᠯᠤᠨ ᠲᠣᠬᠢᠷᠠᠭᠤᠯᠤᠨ ᠬᠦᠷᠭᠡᠬᠦ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠶ᠃  ︵ᠭᠤᠷᠪᠠ︶ ᠲᠣᠬᠢᠷᠠᠭᠤᠯᠤᠨ ᠬᠦᠷᠭᠡᠬᠦ ᠲᠤᠬᠠᠶᠢᠯᠠᠭᠰᠠᠨ ᠠᠵᠢᠯ ᠳᠤ ᠣᠷᠣᠯᠴᠠᠭᠰᠠᠨ ᠣᠶᠢᠷ᠎ᠠ ᠶᠢᠨ 2 ᠵᠢᠯ ᠤᠨ ᠳᠣᠲᠣᠷ᠎ᠠ᠂ ᠦᠢᠯᠡᠳᠪᠦᠷᠢᠯᠡᠬᠦ ᠪᠤᠶᠤ ᠡᠵᠡᠩᠨᠡᠬᠦ ᠠᠵᠢᠯᠯᠠᠭ᠎ᠠ ᠳᠤᠮᠳᠠ ᠪᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠵᠡᠷᠭᠡ ᠮᠠᠭᠤ ᠲᠡᠮᠳᠡᠭᠯᠡᠯ ᠦᠭᠡᠶ ᠪᠠᠶᠢᠬᠤ᠃  ︵ᠲᠦᠷᠪᠡ︶ ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠲᠠᠢ ᠪᠠᠶᠢᠵᠤ᠂ ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠰᠠᠶᠢᠨ ᠲᠡᠮᠳᠡᠭᠯᠡᠯ ᠲᠠᠢ ᠪᠠᠶᠢᠬᠤ᠃  ︵ᠲᠠᠪᠤ︶ ᠦᠢᠯᠡᠳᠬᠦᠨ ᠢᠶᠠᠨ ᠴᠠᠭ ᠲᠤᠬᠠᠶ ᠳᠤᠨᠢ᠂ ᠭᠦᠢᠴᠡᠳ ᠲᠣᠬᠢᠷᠠᠭᠤᠯᠤᠨ ᠬᠦᠷᠭᠡᠬᠦ ᠴᠢᠳᠠᠪᠤᠷᠢ ᠲᠠᠢ ᠪᠠᠶᠢᠵᠤ᠂ ᠲᠣᠬᠢᠷᠠᠭᠤᠯᠤᠨ ᠬᠦᠷᠭᠡᠬᠦ ᠦᠢᠯᠡᠳᠬᠦᠨ ᠳᠤ ᠬᠡᠷᠡᠭᠰᠡᠬᠦ ᠬᠦᠢᠲᠡᠨ ᠢᠶᠠᠷ ᠬᠠᠳᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠲᠠᠢ ᠪᠠᠶᠢᠬᠤ᠃  ︵ᠵᠢᠷᠭᠤᠭ᠎ᠠ︶ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠪᠣᠯᠤᠨ ᠮᠡᠷᠭᠡᠵᠢᠯ ᠤᠨ ᠳᠡᠮᠵᠢᠯᠭᠡ ᠶᠢᠨ ᠴᠢᠳᠠᠪᠤᠷᠢ ᠲᠠᠢ ᠪᠠᠶᠢᠬᠤ᠃  ︵ᠳᠣᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠪᠤᠰᠤᠳ ᠨᠥᠬᠦᠴᠡᠯ᠃  ᠭᠤᠷᠪᠠ᠂ ᠮᠡᠳᠡᠭᠦᠯᠬᠦ ᠮᠠᠲ᠋ᠧᠷᠢᠶᠠᠯ ᠤᠨ ᠴᠠᠭ ᠬᠤᠭᠤᠴᠠᠭ᠎ᠠ᠂ ᠭᠠᠵᠠᠷ  ᠴᠠᠭ᠄ 2023 ᠣᠨ ᠤ 9 ᠳ᠋ᠦ᠋ᠭᠡᠷ ᠰᠠᠷ᠎ᠠ ᠶᠢᠨ 6 ᠤ ᠡᠳᠦᠷ ᠠᠴᠠ 9 ᠳ᠋ᠦ᠋ᠭᠡᠷ ᠰᠠᠷ᠎ᠠ ᠶᠢᠨ 12 ᠤᠨ ᠡᠳᠦᠷ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠲᠣᠮᠣ ᠠᠰᠠᠷ ᠤᠨ 406 ᠲᠠᠰᠤᠭ  ᠳᠦᠷᠪᠠ᠂ ᠨᠡᠮᠡᠯᠲᠡ ᠫᠷᠤᠭ᠍ᠷᠠᠮ  1. ᠬᠢᠨᠠᠨ ᠬᠠᠷᠭᠤᠭᠤᠯᠬᠤ᠃ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠦᠬᠦ ᠮᠡᠳᠡᠭᠦᠯᠦᠭᠰᠡᠨ ᠮᠠᠲ᠋ᠧᠷᠢᠶᠠᠯ ᠢ ᠲᠥᠪᠯᠡᠷᠡᠭᠦᠯᠦᠨ ᠬᠢᠨᠠᠨ ᠬᠠᠷᠭᠤᠭᠤᠯᠤᠨ᠎ᠠ᠃  2. ᠢᠯᠡ ᠨᠡᠶᠢᠲᠡᠯᠡᠬᠦ᠃ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠮᠠᠲ᠋ᠧᠷᠢᠶᠠᠯ ᠢ ᠬᠢᠨᠠᠨ ᠬᠠᠷᠭᠤᠭᠤᠯᠵᠤ ᠬᠢᠷᠢ ᠲᠡᠩᠴᠡᠭᠰᠡᠨ ᠠᠵᠤ ᠠᠬᠤᠶᠢᠯᠠᠯ ᠤᠨ ᠨᠡᠷᠡᠰ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠳᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠤᠨ᠎ᠠ᠃  3. ᠪᠦᠷᠢᠳᠬᠡᠨ ᠳᠠᠩᠰᠠᠯᠠᠬᠤ᠃ ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠤᠭᠠᠳ ᠤᠨᠳᠤᠤ ᠰᠠᠨᠠᠯ ᠥᠬᠡᠶ ᠪᠣᠯ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠨᠡᠷᠡᠰ ᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠤ ᠮᠡᠳᠡᠭᠦᠯᠦᠨ ᠳᠠᠩᠰᠠᠯᠠᠭᠤᠯᠤᠨ᠎ᠠ᠃  ︵ᠬᠤᠶᠠᠷ︶ ᠬᠤᠳᠠᠯᠳᠤᠨ ᠠᠪᠬᠤ ᠰᠢᠰᠲ᠋ᠧᠮ ᠤᠨ ᠬᠡᠷᠡᠭᠯᠡᠭᠴᠢ ᠶᠢᠨ ᠨᠡᠷ᠎ᠡ ᠬᠢᠭᠡᠳ ᠬᠢᠷᠢ ᠴᠢᠳᠠᠮᠵᠢ ᠶᠢ ᠬᠠᠮᠠᠭᠠᠯᠠᠬᠤ  1. ᠲᠠᠩᠰᠠᠨ ᠨᠣᠮᠧᠷ᠂ ᠨᠢᠭᠤᠴᠠ ᠨᠣᠮᠧᠷ ᠥᠬᠡᠶ ᠡᠮ ᠤᠨ ᠵᠦᠢᠯ᠂ ᠬᠤᠷᠣᠭᠳᠠᠯ ᠮᠠᠲ᠋ᠧᠷᠢᠶᠠᠯ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠥᠪᠡᠰᠦᠪᠡᠨ ᠳᠠᠩᠰᠠᠯᠠᠭᠤᠯᠬᠤ ᠬᠡᠷᠡᠭᠲᠡᠶ᠃  2. ᠠᠵᠤ ᠠᠬᠤᠶᠢᠯᠠᠯ ᠤᠳ ᠭᠤᠶᠤᠴᠢᠯᠠᠬᠤ ᠳᠠᠩᠰᠠᠨ ᠡᠷᠦᠬᠡ ᠶᠢᠨ ᠨᠢᠭᠤᠴᠠ ᠨᠣᠮᠧᠷ ᠤᠨ ᠠᠵᠢᠯᠯᠠᠭᠠᠨ ᠤ ᠴᠤᠪᠤᠷᠠᠯ ᠶᠣᠰᠣᠭᠠᠷ ᠠᠵᠤ ᠠᠬᠤᠶᠢᠯᠠᠯ ᠤᠨ ᠬᠢᠷᠢ ᠬᠡᠮ ᠤᠨ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠤ ᠲᠤᠰᠢᠶᠠᠵᠤ ᠬᠠᠷᠭᠤᠭᠤᠯᠤᠨ ᠪᠠᠶᠢᠴᠠᠭᠠᠯᠭᠠᠬᠤ ᠬᠡᠷᠡᠭᠲᠡᠶ᠃  ︵ᠭᠤᠷᠪᠠ︶ ᠲᠣᠬᠢᠷᠠᠭᠤᠯᠤᠨ ᠬᠦᠷᠭᠡᠬᠦ ᠣᠷᠣᠨ ᠪᠦᠰᠡ ᠶᠢ ᠨᠡᠪᠲᠡᠷᠡᠭᠦᠯᠬᠦ  ᠰᠢᠰᠲ᠋ᠧᠮ ᠤᠨ ᠠᠵᠤ ᠠᠬᠤᠶᠢᠯᠠᠯ ᠤᠨ ᠬᠢᠷᠢ ᠬᠡᠮ ᠤᠨ ᠮᠡᠳᠡᠭᠡ ᠵᠠᠩᠭᠢ ᠶᠢᠨ ᠬᠢᠨᠠᠨ ᠰᠢᠯᠭᠠᠯᠲᠠ ᠶᠢ ᠥᠩᠭᠡᠷᠡᠭᠦᠯᠦᠭᠰᠡᠨ ᠤ ᠳᠠᠷᠠᠭ᠎ᠠ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠵᠣᠬᠢᠴᠠᠩᠭᠤᠶ ᠲᠣᠬᠢᠷᠠᠭᠤᠯᠤᠨ ᠬᠦᠷᠭᠡᠬᠦ ᠣᠷᠣᠨ ᠪᠦᠰᠡ ᠶᠢᠨ ᠡᠷᠬᠡ ᠶᠢᠨ ᠬᠢᠵᠠᠭᠠᠷ ᠢ ᠨᠡᠭᠡᠭᠡᠬᠦ ᠶᠢ ᠬᠠᠷᠢᠭᠤᠴᠠᠨ᠎ᠠ᠃  ᠲᠠᠪᠤ᠂ ᠮᠡᠳᠡᠭᠦᠯᠬᠦ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ  ᠨᠡᠷ᠎ᠡ ᠮᠡᠳᠡᠭᠦᠯᠬᠦ ᠠᠵᠤ ᠠᠬᠤᠶᠢᠯᠠᠯ ᠡᠷᠬᠡᠪᠰᠢ ᠳᠠᠭᠠᠯᠳᠤᠭᠤᠯᠤᠯ ︽ᠪᠠᠶᠠᠨᠨᠠᠭᠤᠷ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨ᠎ᠠ ᠣᠨᠣᠰᠢᠯᠠᠬᠤ ᠤᠷᠪᠠᠯᠵᠢ ᠶᠢ ᠢᠯᠡ ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠮᠡᠵᠦ ᠨᠥᠬᠦᠪᠥᠷᠢᠯᠡᠬᠦ ᠨᠡᠷ᠎ᠡ ᠮᠡᠳᠡᠭᠦᠯᠬᠦ ᠮᠠᠲ᠋ᠧᠷᠢᠶᠠᠯ ᠤᠨ ᠬᠡᠪ ᠵᠠᠭᠪᠤᠷ ᠤᠨ ᠱᠠᠭᠠᠷᠳᠠᠯᠭ᠎ᠠ ᠵᠢᠴᠢ ᠬᠡᠪ︾ ᠢ ᠴᠢᠩᠭ᠎ᠠ ᠵᠢᠷᠤᠮᠯᠠᠨ ᠬᠠᠮᠢᠶ᠎ᠠ ᠪᠥᠬᠦᠶ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠵᠤ᠂ ᠦᠳᠡᠬᠦ ᠪᠠ ᠮᠡᠳᠡᠭᠦᠯᠦᠨ ᠬᠦᠷᠭᠡᠬᠦ ᠬᠡᠷᠡᠭᠲᠡᠶ᠃  ᠵᠢᠷᠭᠤᠭ᠎ᠠ᠂ ᠠᠩᠬᠠᠷᠬᠤ ᠵᠦᠢᠯ  ︵ᠨᠢᠭᠡ︶ ᠨᠡᠷ᠎ᠡ ᠮᠡᠳᠡᠭᠦᠯᠬᠦ ᠮᠠᠲ᠋ᠧᠷᠢᠶᠠᠯ ᠳᠤ ᠨᠢᠭᠤᠷ ᠳᠠᠷᠠᠭᠠᠯᠠᠨ ᠠᠵᠤ ᠠᠬᠤᠶᠢᠯᠠᠯ ᠤᠨ ᠠᠯᠪᠠᠨ ᠲᠠᠮᠠᠭ᠎ᠠ ︵ᠠᠵᠤ ᠠᠬᠤᠶᠢᠯᠠᠯ ᠤᠨ ᠪᠤᠰᠤᠳ ᠲᠠᠮᠠᠭ᠎ᠠ ᠶᠢ ᠳᠠᠷᠤᠪᠠᠯ ᠬᠦᠴᠦᠨ ᠥᠬᠡᠶ ᠪᠣᠯᠤᠨ᠎ᠠ︶ ᠶᠢ ᠳᠠᠷᠤᠬᠤ ᠶᠢᠨ ᠬᠠᠮᠲᠤ ᠲᠣᠭᠲᠠᠭᠰᠠᠨ ᠴᠠᠭ ᠳᠣᠲᠣᠷ᠎ᠠ ᠲᠤᠰᠢᠶᠠᠬᠤ ᠬᠡᠷᠡᠭᠲᠡᠶ᠃  ︵ᠬᠤᠶᠠᠷ︶ ᠨᠡᠷ᠎ᠡ ᠮᠡᠳᠡᠭᠦᠯᠬᠦ ᠮᠠᠲ᠋ᠧᠷᠢᠶᠠᠯ ᠢ ᠠᠵᠤ ᠠᠬᠤᠶᠢᠯᠠᠯ ᠤᠨ ᠡᠷᠬᠡ ᠣᠯᠤᠭᠰᠠᠨ ᠬᠥᠮᠦᠨ ᠨᠢᠭᠤᠷᠲᠠᠨ ᠲᠤᠰᠢᠶᠠᠵᠤ᠂ ᠲᠤᠰᠢᠶᠠᠬᠤ ᠳᠠᠭᠠᠨ ᠡᠷᠬᠡᠪᠰᠢ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠢᠶᠠᠨ ᠭᠠᠷᠭᠠᠵᠤ ᠦᠵᠡᠭᠦᠯᠬᠦ ᠬᠡᠷᠡᠭᠲᠡᠶ︔ ᠡᠷᠬᠡ ᠣᠯᠤᠭᠰᠠᠨ ᠬᠥᠮᠦᠨ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠨᠢᠭᠤᠷᠲᠠᠨ ᠲᠤᠰᠢᠶᠠᠵᠤ ᠳᠡᠶᠢᠯᠬᠦ ᠥᠬᠡᠶ ᠪᠣᠯ ᠲᠦᠷᠭᠡᠨ ᠬᠦᠷᠭᠡᠯᠲᠡ ᠪᠠᠷ ᠢᠯᠡᠭᠡᠵᠦ ᠪᠣᠯᠤᠨ᠎ᠠ᠂ ᠠᠵᠤ ᠠᠬᠤᠶᠢᠯᠠᠯ ᠲᠣᠭᠲᠠᠭᠰᠠᠨ ᠴᠠᠭ ᠪᠠ ᠭᠠᠵᠠᠷ ᠲᠤ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠭᠰᠠᠨ ᠥᠬᠡᠶ ᠪᠣᠯ ᠨᠡᠷ᠎ᠡ ᠮᠡᠳᠡᠭᠦᠯᠬᠦ ᠪᠠᠨ ᠪᠤᠯᠢᠭᠰᠠᠨ ᠢᠶᠠᠷ ᠦᠵᠡᠨ᠎ᠡ᠃  ︵ᠭᠤᠷᠪᠠ︶ ᠨᠡᠷ᠎ᠡ ᠮᠡᠳᠡᠭᠦᠯᠦᠭᠰᠡᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ᠂ ᠨᠡᠷ᠎ᠡ ᠮᠡᠳᠡᠭᠦᠯᠬᠦ ᠮᠠᠲ᠋ᠧᠷᠢᠶᠠᠯ ᠤᠨ ᠬᠠᠪᠢᠰᠤᠨ ᠳᠡᠭᠡᠷ᠎ᠡ ᠲᠣᠬᠢᠷᠠᠭᠤᠯᠤᠨ ᠬᠦᠷᠭᠡᠬᠦ ᠭᠡᠵᠦ ᠪᠠᠶᠢᠭ᠎ᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠲᠣᠬᠢᠷᠠᠭᠤᠯᠤᠨ ᠬᠦᠷᠭᠡᠬᠦ ᠲᠥᠷᠥᠯ ᠢᠯᠭᠠᠯ ᠢ ᠲᠣᠪᠴᠢᠯᠠᠨ ᠰᠣᠩᠭᠤᠬᠤ ᠦᠶᠡᠰ᠂ ᠲᠠᠩ ᠢᠶᠠᠷ ᠰᠣᠩᠭᠤᠬᠤ ᠪᠤᠶᠤ ᠣᠯᠠᠨ ᠢᠶᠠᠷ ᠰᠣᠩᠭᠤᠵᠤ ᠪᠣᠯᠤᠨ᠎ᠠ᠂ ᠭᠡᠪᠡᠴᠦ ᠡᠷᠬᠡᠪᠰᠢ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ︵ᠵᠢᠴᠢ ᠳᠠᠭᠠᠯᠳᠤᠭᠤᠯᠤᠭᠰᠠᠨ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠶᠢᠨ ᠳᠠᠩᠰᠠᠯᠠᠭᠤᠯᠤᠭᠰᠠᠨ ᠭᠡᠷᠡᠴᠢ ᠪᠠᠷᠢᠮᠲᠠ︶ ᠤᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢ ᠴᠢᠩᠭ᠎ᠠ ᠵᠢᠷᠤᠮᠯᠠᠵᠤ᠂ ᠲᠣᠬᠢᠷᠠᠭᠤᠯᠤᠨ ᠬᠦᠷᠭᠡᠬᠦ ᠭᠡᠵᠦ ᠪᠠᠶᠢᠭ᠎ᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠲᠣᠬᠢᠷᠠᠭᠤᠯᠤᠨ ᠬᠦᠷᠭᠡᠬᠦ ᠲᠥᠷᠥᠯ ᠢᠯᠭᠠᠯ ᠢ ᠲᠣᠪᠴᠢᠯᠠᠨ ᠰᠣᠩᠭᠤᠬᠤ ᠶᠢᠨ ᠬᠠᠮᠲᠤ ᠪᠠᠯᠠᠯᠤᠨ ᠥᠭᠡᠷᠡᠴᠢᠯᠡᠵᠦ ᠪᠣᠯᠬᠤ ᠥᠬᠡᠶ᠂ ᠵᠢᠱᠢᠶᠡᠯᠡᠪᠡᠯ ᠰᠣᠩᠭᠤᠭᠰᠠᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠲᠣᠬᠢᠷᠠᠭᠤᠯᠤᠨ ᠬᠦᠷᠭᠡᠬᠦ ᠲᠥᠷᠥᠯ ᠢᠯᠭᠠᠯ ᠢ ᠬᠢᠨᠠᠨ ᠬᠠᠷᠭᠤᠭᠤᠯᠬᠤ ᠪᠠᠷ ᠳᠡᠮᠵᠢᠨ ᠲᠣᠰ ᠠᠵᠤ ᠠᠬᠤᠶᠢᠯᠠᠯ ᠤᠨ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠵᠢᠴᠢ ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠬᠦ ᠶᠢᠨ ᠳᠠᠩᠰᠠᠯᠠᠭᠤᠯᠤᠭᠰᠠᠨ ᠭᠡᠷᠡᠴᠢ ᠪᠠᠷᠢᠮᠲᠠ ᠶᠢᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠠᠴᠠ ᠳᠠᠪᠠᠭᠰᠠᠨ ᠪᠠᠶᠢᠪᠠᠯ᠂ ᠲᠣᠰ ᠤᠳᠠᠭ᠎ᠠ ᠨᠡᠷ᠎ᠡ ᠮᠡᠳᠡᠭᠦᠯᠦᠭᠰᠡᠨ ᠨᠢ ᠦᠩᠭᠡᠷᠡᠬᠦ ᠦᠭᠡᠢ᠂ ᠠᠵᠤ ᠠᠬᠤᠶᠢᠯᠠᠯ ᠦᠪᠡᠰᠦᠪᠡᠨ ᠬᠠᠷᠢᠭᠤᠴᠠᠯᠭ᠎ᠠ ᠡᠭᠦᠡᠷᠭᠡᠯᠡᠨ᠎ᠡ᠃  ︵ᠳᠥᠷᠪᠡ︶ ᠪᠠᠶᠠᠨᠨᠠᠭᠤᠷ ᠬᠤᠲᠠ ᠶᠢᠨ ᠥᠩᠭᠡᠷᠡᠭᠰᠡᠨ ᠤ ᠶᠠᠮᠠᠷ ᠨᠢᠭᠡᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠪᠦᠷᠢᠳᠬᠡᠨ ᠳᠠᠩᠰᠠᠯᠠᠭᠤᠯᠬᠤ ᠳᠤ ᠨᠢᠭᠡᠨᠲᠡ ᠣᠷᠣᠯᠴᠠᠭᠰᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠲᠣᠰ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠣᠬᠢᠷᠠᠭᠤᠯᠤᠨ ᠬᠦᠷᠭᠡᠬᠦ ᠶᠢᠨ ᠨᠡᠷ᠎ᠡ ᠮᠡᠳᠡᠭᠦᠯᠬᠦ ᠶᠢ ᠳᠠᠪᠬᠤᠷᠳᠠᠭᠤᠯᠤᠨ ᠬᠢᠬᠦ ᠴᠢᠬᠤᠯᠠ ᠥᠬᠡᠶ᠂ ᠵᠥᠪᠬᠡᠨ ᠪᠦᠷᠢᠳᠬᠡᠨ ᠳᠠᠩᠰᠠᠯᠠᠭᠤᠯᠤᠭᠰᠠᠨ ᠥᠬᠡᠶ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠣᠬᠢᠷᠠᠭᠤᠯᠤᠨ ᠬᠦᠷᠭᠡᠬᠦ ᠲᠥᠷᠥᠯ ᠢᠯᠭᠠᠯ ᠢ ᠰᠣᠩᠭᠤᠵᠤ ᠨᠡᠷ᠎ᠡ ᠮᠡᠳᠡᠭᠦᠯᠪᠡᠯ ᠪᠣᠯᠴᠢᠬᠠᠨ᠎ᠠ᠃  ᠬᠠᠷᠢᠯᠴᠠᠬᠤ ᠬᠥᠮᠦᠨ᠄ ᠸᠠᠩ ᠰᠢᠶᠤᠤ ᠬᠤᠩ  ᠤᠲᠠᠰᠤ᠄ 0478 - 8929522  ᠳᠠᠭᠠᠯᠳᠤᠭᠤᠯᠤᠯ᠄ ︽ᠪᠠᠶᠠᠨᠨᠠᠭᠤᠷ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ ᠶᠢ ᠢᠯᠡ ᠪᠠᠷ ᠬᠤᠳᠠᠯᠳᠤᠨ ᠠᠪᠴᠤ ᠨᠡᠮᠡᠵᠦ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ ᠤᠨ ᠬᠡᠪ ᠵᠠᠭᠪᠤᠷ ᠤᠨ ᠱᠠᠭᠠᠷᠳᠠᠯᠭ᠎ᠠ ᠵᠢᠴᠢ ᠬᠡᠪ︾          ᠪᠠᠶᠠᠨᠨᠠᠭᠤᠷ ᠬᠣᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ        2023 ᠣᠨ ᠤ 9 ᠳ᠋ᠦ᠋ᠭᠡᠷ ᠰᠠᠷ᠎ᠠ ᠶᠢᠨ 5  ᠤ ᠡᠳᠦᠷ  

 

 
ᠢᠷᠡᠯᠲᠡ᠄ ᠪᠠᠶᠠᠨᠨᠠᠭᠤᠷ ᠬᠤᠲᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号