ᠨᠢᠭᠡ᠂ ᠲᠤᠭᠤᠷᠪᠢᠭᠰᠠᠨ ᠠᠬᠤᠶ ᠪᠠᠶᠢᠳᠠᠯ ᠪᠠ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ | ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ | ᠳᠠᠭᠠᠳᠬᠠᠯ ᠤᠨ ᠬᠠᠤᠯᠢ︾᠂ ︽ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠭᠡᠬᠦ ᠲᠦᠷᠢᠮ︾᠂ ︽ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳ ᠢᠶᠠᠷ ᠲᠦᠯᠦᠬᠦ ᠲᠦᠷ ᠬᠡᠷᠡᠭᠵᠢᠭᠦᠯᠬᠦ ᠠᠷᠭ᠎ᠠ︾ ︵ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ 15 ᠳ᠋ᠤᠭᠠᠷ ᠲᠣᠭᠠᠲᠤ | ᠵᠠᠷᠯᠢᠭ︶᠂ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠮᠤᠵᠢ ᠠᠯᠤᠰᠯᠠᠨ ᠣᠨᠳᠣᠤ ᠭᠠᠵᠠᠷ ᠲᠤ | ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ | ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2022﹈ 22 ᠳ᠋ᠤᠭᠠᠷ ᠲᠣᠭᠠᠲᠤ︶᠂ ︽ᠪᠥᠬᠦ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠨᠠᠷᠢᠨ ᠬᠠᠭᠤᠳᠠᠰᠤ︾ ᠵᠡᠷᠭᠡ ᠬᠠᠮᠢᠶ᠎ᠠ ᠪᠥᠬᠦᠶ ᠵᠣᠷᠢᠭ ᠰᠠᠨᠠᠭ᠎ᠠ ᠶᠢ ᠦᠨᠳᠦᠰᠦᠯᠡᠨ᠂ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠯᠴᠠᠭᠰᠠᠳ ᠤᠨ ᠵᠠᠮ ᠬᠠᠷᠢᠯᠴᠠᠭᠠᠨ ᠤ ᠠᠳᠡᠯ ᠤᠨ ᠡᠮ ᠡᠮᠨᠡᠯᠭᠡ ᠶᠢᠨ ᠳᠠᠭᠠᠳᠬᠠᠯ ᠤᠨ | ᠲᠣᠭᠠᠴᠠᠭ᠎ᠠ ᠬᠢᠬᠦ ᠶᠠᠪᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ︽ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠭᠰᠠᠳ ᠤᠨ ᠵᠠᠮ ᠬᠠᠷᠢᠯᠴᠠᠭᠠᠨ ᠤ ᠠᠳᠡᠯ ᠤᠨ ᠡᠮ ᠡᠮᠨᠡᠯᠭᠡ ᠶᠢᠨ ᠳᠠᠭᠠᠳᠬᠠᠯ ᠤᠨ | ᠲᠣᠭᠠᠴᠠᠭ᠎ᠠ ᠬᠢᠬᠦ ᠶᠠᠪᠤᠴᠠ ᠶᠢᠨ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ | ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︵ᠨᠢᠭᠡ︶ ᠳᠠᠩᠰᠠ ᠴᠠᠶᠢᠷᠠᠭᠤᠯᠬᠤ ᠦᠶ᠎ᠡ ᠶᠢᠨ ᠭᠤᠶᠤᠴᠢᠯᠠᠯ ᠤᠨ ᠮᠠᠲ᠋ᠧᠷᠢᠶᠠᠯ᠃ ︽ᠨᠡᠶᠢᠭᠡᠮ ᠤᠨ | ᠳᠠᠭᠠᠳᠬᠠᠯ ᠢ ᠭᠠᠷᠳᠠᠨ ᠭᠦᠢᠴᠡᠳᠬᠡᠬᠦ ᠳᠦᠷᠢᠮ︾ ᠤᠨ ᠬᠤᠷᠢᠳᠤᠭᠠᠷ ᠵᠣᠷᠪᠤᠰ ᠤᠨ ᠱᠠᠭᠠᠷᠳᠠᠯᠭ᠎ᠠ ᠶᠣᠰᠣᠭᠠᠷ᠂ | ᠡᠮᠴᠢᠯᠡᠭᠡᠨ ᠤ ᠪᠠᠶᠢᠭᠤᠯᠤᠮᠵᠢ᠂ ᠡᠮ ᠤᠨ ᠵᠦᠢᠯ ᠢ ᠡᠵᠡᠩᠨᠡᠬᠦ ᠨᠢᠭᠡᠴᠢ ᠶᠢᠨ ᠰᠦᠢᠳᠬᠡᠯ ᠬᠤᠷᠢᠶᠠᠬᠤ ᠫᠢᠶᠣᠣ | ᠪᠠᠷᠢᠮᠲᠠ᠂ ᠵᠠᠷᠤᠳᠠᠯ ᠤᠨ ᠨᠠᠷᠢᠨ ᠬᠠᠭᠤᠳᠠᠰᠤ᠂ ᠣᠨᠣᠰᠢᠯᠠᠭᠰᠠᠨ ᠭᠡᠷᠡᠴᠢ᠂ ᠡᠪᠡᠳᠴᠢᠨ ᠤ ᠲᠡᠮᠳᠡᠭᠯᠡᠯ ᠤᠨ | ᠮᠠᠲ᠋ᠧᠷᠢᠶᠠᠯ ᠵᠡᠷᠭᠡ ᠮᠠᠲ᠋ᠧᠷᠢᠶᠠᠯ ᠢ ᠬᠠᠩᠭᠠᠬᠤ ᠠᠴᠠ ᠭᠠᠳᠠᠨ᠎ᠠ᠂ ᠠᠳᠠᠯᠢ ᠪᠤᠰᠤ ᠪᠠᠶᠢᠳᠠᠯ ᠢ ᠦᠨᠳᠦᠰᠦᠯᠡᠨ ᠪᠠᠰᠠ | ᠳᠣᠣᠷᠠᠬᠢ ᠮᠠᠲ᠋ᠧᠷᠢᠶᠠᠯ ᠢ ᠬᠠᠩᠭᠠᠬᠤ ᠬᠡᠷᠡᠭᠲᠡᠢ᠃ | 1. ᠭᠤᠷᠪᠠᠳᠠᠬᠢ ᠬᠦᠮᠦᠨ ᠪᠠᠶᠢᠬᠤ ᠦᠭᠡᠶ᠂ ᠳᠠᠷᠤᠢ ᠳᠠᠭᠠᠳᠬᠠᠯ ᠳᠤ ᠣᠷᠣᠯᠴᠠᠭᠰᠠᠨ ᠲᠤᠰ ᠬᠥᠮᠦᠨ ᠨᠢ | ᠪᠦᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ︽ᠪᠥᠬᠦ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ | ᠭᠦᠢᠴᠡᠳᠭᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ︾ ᠶᠢᠨ ᠲᠣᠭᠲᠠᠭᠠᠯ ᠢ | ᠦᠨᠳᠦᠰᠦᠯᠡᠨ᠂ ᠪᠠᠰᠠ ᠵᠠᠮ ᠬᠠᠷᠢᠯᠴᠠᠭᠠᠨ ᠤ ᠠᠳᠡᠯ ᠢ ᠮᠠᠭᠠᠳᠯᠠᠨ ᠲᠣᠭᠲᠠᠭᠠᠭᠰᠠᠨ ᠪᠢᠴᠢᠭ ᠪᠤᠶᠤ ᠳᠠᠭᠠᠳᠬᠠᠯ ᠳᠤ | ᠣᠷᠣᠯᠴᠠᠭᠰᠠᠳ ︽ᠭᠠᠳᠠᠷ ᠰᠢᠷᠬ᠎ᠠ ᠨᠢ ᠭᠤᠷᠪᠠᠳᠠᠬᠢ ᠡᠲᠡᠭᠡᠳ ᠤᠨ ᠬᠠᠷᠢᠭᠤᠴᠠᠯᠭ᠎ᠠ ᠦᠭᠡᠢ ᠠᠮᠠᠯᠠᠯᠲᠠ ᠶᠢᠨ | ᠪᠢᠴᠢᠭ︾ ᠢ ᠲᠠᠭᠯᠠᠬᠤ ᠬᠡᠷᠡᠭᠲᠡᠶ᠃ | 2. ᠭᠤᠷᠪᠠᠳᠡᠬᠢ ᠬᠦᠮᠦᠨ ᠤ ᠬᠠᠷᠢᠭᠤᠴᠠᠯᠭ᠎ᠠ ᠠᠴᠠ ᠳᠠᠪᠠᠭᠰᠠᠨ ᠬᠡᠰᠡᠭ᠂ ᠳᠠᠷᠤᠢ ᠳᠠᠭᠠᠳᠬᠠᠯ ᠳᠤ | ᠣᠷᠣᠯᠴᠠᠭᠰᠠᠨ ᠲᠤᠰ ᠬᠥᠮᠦᠨ ᠤ ᠬᠠᠷᠢᠭᠤᠴᠠᠯᠭ᠎ᠠ ᠶᠢᠨ ᠬᠡᠪᠴᠢᠶᠡᠨ ᠳᠤᠲᠤᠷᠠᠬᠢ ᠡᠮᠴᠢᠯᠡᠭᠡᠨ ᠤ ᠵᠠᠷᠤᠳᠠᠯ᠃ ᠵᠠᠮ | ᠬᠠᠷᠢᠯᠴᠠᠭᠠᠨ ᠤ ᠠᠳᠡᠯ ᠢ ᠮᠠᠭᠠᠳᠯᠠᠨ ᠲᠣᠭᠲᠠᠭᠠᠭᠰᠠᠨ ᠪᠢᠴᠢᠭ᠂ ᠬᠦᠴᠦᠨ ᠲᠠᠢ ᠪᠣᠯᠤᠭᠰᠠᠨ ᠰᠢᠭᠦᠬᠦ ᠬᠤᠷᠢᠶᠠᠨ ᠤ | ᠰᠢᠭᠦᠨ ᠲᠠᠰᠤᠯᠤᠯᠲᠠ ᠶᠢᠨ ᠪᠢᠴᠢᠭ᠂ ᠡᠶᠡᠳᠡᠭᠦᠯᠭᠡ ᠶᠢᠨ ᠪᠢᠴᠢᠭ ᠵᠡᠷᠭᠡ ᠳᠣᠲᠣᠭᠠᠳᠤ ᠶᠢ ᠬᠠᠮᠠᠭᠠᠯᠠᠬᠤ᠂ ᠰᠢᠭᠦᠬᠦ | ᠬᠤᠷᠢᠶ᠎ᠠ ᠵᠡᠷᠭᠡ ᠰᠠᠯᠠᠭ᠎ᠠ ᠮᠥᠴᠢᠷ ᠤᠨ ᠭᠠᠷᠭᠠᠭᠰᠠᠨ ᠳᠠᠭᠠᠳᠬᠠᠯ ᠳᠤ ᠣᠷᠣᠯᠴᠠᠭᠰᠠᠨ ᠬᠦᠮᠦᠨ ᠤ ᠬᠠᠷᠢᠭᠤᠴᠠᠯᠭ᠎ᠠ ᠶᠢ | ᠡᠭᠦᠷᠭᠡᠯᠡᠬᠦ ᠬᠠᠷᠢᠴᠠᠯ ᠢ ᠲᠣᠳᠣᠷᠬᠠᠶᠢᠯᠠᠵᠤ ᠴᠢᠳᠠᠬᠤ ᠬᠤᠯᠪᠤᠭᠳᠠᠯ ᠪᠦᠬᠦᠢ ᠭᠡᠷᠡᠴᠢ ᠮᠠᠲ᠋ᠧᠷᠢᠶᠠᠯ ᠢ ᠬᠠᠩᠭᠠᠬᠤ | ᠬᠡᠷᠡᠭᠲᠡᠶ᠃ | 3. ᠭᠤᠷᠪᠠᠳᠠᠬᠢ ᠬᠦᠮᠦᠨ ᠤ ᠬᠠᠷᠢᠭᠤᠴᠠᠯᠭ᠎ᠠ ᠶᠢᠨ ᠬᠡᠰᠡᠭ᠂ ᠳᠠᠷᠤᠶ ᠭᠤᠷᠪᠠᠳᠠᠬᠢ ᠬᠦᠮᠦᠨ ᠤ | ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠡᠮᠴᠢᠯᠡᠭᠡᠨ ᠤ ᠵᠠᠷᠤᠳᠠᠯ ᠳᠤ ᠬᠠᠷᠢᠶᠠᠯᠠᠭᠳᠠᠪᠠᠯ᠂ ᠭᠤᠷᠪᠠᠳᠠᠬᠢ ᠬᠦᠮᠦᠨ | ᠥᠭᠬᠦ ᠦᠭᠡᠶ ᠪᠤᠶᠤ ᠭᠤᠷᠪᠠᠳᠠᠬᠢ ᠬᠦᠮᠦᠨ ᠢ ᠲᠣᠭᠲᠠᠭᠠᠬᠤ ᠶᠢᠨ ᠠᠷᠭ᠎ᠠ ᠦᠭᠡᠶ ᠪᠣᠯ ᠳᠠᠭᠠᠳᠬᠠᠯ ᠳᠤ ᠣᠷᠣᠯᠴᠠᠭᠰᠠᠨ | ᠬᠦᠮᠦᠨ ᠡᠮᠨᠡᠯᠭᠡ ᠶᠢᠨ ᠳᠠᠭᠠᠳᠬᠠᠯ ᠢ ᠤᠷᠢᠳ ᠢᠶᠠᠷ ᠲᠦᠯᠦᠬᠦ ᠪᠠᠷ ᠭᠤᠶᠤᠴᠢᠯᠠᠵᠤ ᠪᠣᠯᠤᠨ᠎ᠠ᠃ ᠭᠤᠶᠤᠴᠢᠯᠠᠭᠴᠢ ︽ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠡᠮᠴᠢᠯᠡᠭᠡᠨ ᠤ ᠵᠠᠷᠤᠳᠠᠯ ᠢ ᠤᠷᠢᠳ ᠢᠶᠠᠷ | ᠲᠦᠯᠦᠬᠦ ᠭᠤᠶᠤᠴᠢᠯᠠᠯ ᠤᠨ ᠬᠦᠰᠦᠨᠦᠭ︾ ᠢ ᠲᠠᠭᠯᠠᠵᠤ᠂ ᠵᠠᠮ ᠬᠠᠷᠢᠯᠴᠠᠭᠠᠨ ᠤ ᠠᠳᠡᠯ ᠢ ᠮᠠᠭᠠᠳᠯᠠᠨ | ᠲᠣᠭᠲᠠᠭᠠᠭᠰᠠᠨ ᠪᠢᠴᠢᠭ᠂ ᠬᠦᠴᠦᠨ ᠲᠠᠢ ᠪᠣᠯᠤᠭᠰᠠᠨ ᠰᠢᠭᠦᠬᠦ ᠬᠤᠷᠢᠶᠠᠨ ᠤ ᠰᠢᠭᠦᠨ ᠲᠠᠰᠤᠯᠤᠯᠲᠠ ᠶᠢᠨ ᠪᠢᠴᠢᠭ᠂ | ᠡᠶᠡᠳᠡᠭᠦᠯᠭᠡ ᠶᠢᠨ ᠪᠢᠴᠢᠭ ᠵᠡᠷᠭᠡ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠤᠨ | ᠬᠢᠵᠦ ᠥᠭᠭᠦᠭᠰᠡᠨ ᠳᠠᠭᠠᠳᠬᠠᠯ ᠳᠤ ᠣᠷᠣᠯᠴᠠᠭᠰᠠᠨ ᠬᠦᠮᠦᠨ ᠤ ᠬᠠᠷᠢᠭᠤᠴᠠᠯᠭ᠎ᠠ ᠡᠭᠦᠷᠭᠡᠯᠡᠬᠦ ᠬᠠᠷᠢᠴᠠᠯ ᠢ ᠲᠣᠳᠣᠷᠬᠠᠶ | ᠲᠣᠭᠲᠠᠭᠠᠵᠤ ᠳᠡᠶᠢᠯᠬᠦ ᠬᠤᠯᠪᠤᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠵᠢᠴᠢ ᠭᠤᠷᠪᠠᠳᠠᠬᠢ ᠬᠦᠮᠦᠨ ᠲᠦᠯᠦᠬᠦ ᠦᠭᠡᠢ | ᠪᠤᠶᠤ ᠭᠤᠷᠪᠠᠳᠠᠬᠢ ᠬᠦᠮᠦᠨ ᠢ ᠲᠣᠭᠲᠠᠭᠠᠬᠤ ᠶᠢᠨ ᠠᠷᠭ᠎ᠠ ᠦᠭᠡᠢ ᠬᠠᠤᠯᠢ ᠪᠠᠷ ᠲᠣᠭᠲᠠᠭᠠᠭᠰᠠᠨ ᠬᠦᠴᠦᠨ ᠲᠠᠢ | ᠬᠤᠯᠪᠤᠭᠳᠠᠯ ᠪᠦᠬᠦᠢ ᠭᠡᠷᠡᠴᠢ ᠪᠢᠴᠢᠭ ᠢ ᠬᠠᠩᠭᠠᠨ᠎ᠠ᠃ ᠡᠭᠦᠨ ᠤ ᠳᠣᠲᠣᠷ᠎ᠠ᠂ ᠭᠤᠷᠪᠠᠳᠠᠬᠢ ᠬᠦᠮᠦᠨ ᠨᠢ ᠥᠭᠬᠦ | ᠦᠭᠡᠢ ᠪᠤᠶᠤ ᠭᠤᠷᠪᠠᠳᠠᠬᠢ ᠬᠥᠮᠦᠨ ᠨᠢ ᠬᠠᠤᠯᠢ ᠪᠠᠷ ᠲᠣᠭᠲᠠᠭᠠᠭᠰᠠᠨ ᠬᠦᠴᠦᠨ ᠲᠠᠢ ᠭᠡᠵᠦ ᠲᠣᠭᠲᠠᠭᠠᠬᠤ ᠶᠢᠨ | ᠠᠷᠭ᠎ᠠ ᠦᠭᠡᠢ ᠬᠤᠯᠪᠤᠭᠳᠠᠯ ᠪᠦᠬᠦᠢ ᠭᠡᠷᠡᠴᠢ ᠮᠠᠲ᠋ᠧᠷᠢᠶᠠᠯ ᠢ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ ᠠᠴᠠ | ᠠᠷᠠᠳ ᠲᠤ ᠠᠰᠢᠭᠲᠠᠶ ᠵᠠᠷᠴᠢᠮ ᠶᠣᠰᠣᠭᠠᠷ ᠲᠣᠭᠲᠠᠭᠠᠨ᠎ᠠ᠃ ᠤᠷᠢᠳ ᠢᠶᠠᠷ ᠲᠥᠯᠥᠭᠦᠯᠬᠦ ᠭᠤᠶᠤᠴᠢᠯᠠᠯ ᠢ | ᠭᠤᠶᠤᠴᠢᠯᠠᠭᠴᠢ ᠶᠢᠨ ᠲᠥᠷᠥᠯ ᠰᠠᠳᠤᠨ ᠣᠷᠣᠯᠠᠨ ᠭᠦᠢᠴᠡᠳᠬᠡᠵᠦ ᠪᠣᠯᠤᠨ᠎ᠠ᠂ ᠣᠷᠣᠯᠠᠨ ᠭᠦᠢᠴᠡᠳᠬᠡᠬᠦ ᠬᠥᠮᠦᠨ ᠤ | ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠂ ᠬᠠᠭᠤᠯᠪᠤᠷᠢ ᠵᠢᠴᠢ ᠨᠠᠶᠢᠳᠠᠯᠭ᠎ᠠ ᠶᠢᠨ ᠪᠢᠴᠢᠭ ᠢ ᠲᠤᠰᠢᠶᠠᠬᠤ ᠬᠡᠷᠡᠭᠲᠡᠶ᠃ | | ︵ᠬᠤᠶᠠᠷ︶ ᠭᠦᠢᠴᠡᠳᠭᠡᠬᠦ ᠶᠠᠪᠤᠴᠠ ᠵᠢᠴᠢ ᠱᠠᠭᠠᠷᠳᠠᠯᠭ᠎ᠠ᠃ ︽ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦ ᠶᠢ ᠤᠷᠢᠳ ᠢᠶᠠᠷ ᠲᠦᠯᠦᠬᠦ ᠲᠦᠷ ᠬᠡᠷᠡᠭᠵᠢᠭᠦᠯᠬᠦ ᠠᠷᠭ᠎ᠠ ︵2018 ᠣᠨ ᠳᠤ ᠵᠠᠰᠠᠪᠤᠷᠢ | ᠣᠷᠤᠭᠤᠯᠤᠭᠰᠠᠨ︶︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ 15 | ᠳ᠋ᠤᠭᠠᠷ ᠲᠣᠭᠠᠲᠤ ᠵᠠᠷᠯᠢᠭ︶ ᠶᠢᠨ ᠶᠢᠰᠦ᠂ ᠠᠷᠪᠠᠳᠤᠭᠠᠷ ᠵᠣᠷᠪᠤᠰ ᠤᠨ ᠲᠤᠭᠳᠠᠭᠠᠯ ᠢ ᠦᠨᠳᠦᠰᠦᠯᠡᠨ᠂ ᠡᠮ | ᠡᠮᠨᠡᠯᠭᠡ ᠶᠢᠨ ᠳᠠᠭᠠᠳᠬᠠᠯ ᠤᠨ ᠡᠷᠬᠢᠯᠡᠨ ᠭᠦᠢᠴᠡᠳᠬᠡᠬᠦ ᠪᠠᠶᠢᠭᠤᠯᠤᠮᠵᠢ ᠤᠷᠢᠳ ᠢᠶᠠᠷ ᠲᠦᠯᠦᠬᠦ ᠭᠤᠶᠤᠴᠢᠯᠠᠯ ᠤᠨ | ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠯᠠᠪᠯᠠᠨ ᠠᠰᠠᠭᠤᠭᠰᠠᠨ ᠲᠡᠮᠳᠡᠭᠯᠡᠯ ᠢ ᠰᠠᠶᠢᠲᠤᠷ ᠬᠢᠵᠦ᠂ 5 ᠠᠵᠢᠯᠯᠠᠬᠤ | ᠡᠳᠦᠷ ᠤᠨ ᠳᠣᠲᠣᠷ᠎ᠠ ᠬᠢᠨᠠᠨ ᠬᠠᠷᠭᠤᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠡᠢ᠃ ᠬᠢᠨᠠᠨ ᠬᠠᠷᠭᠤᠭᠤᠯᠤᠭᠰᠠᠨ | ᠪᠠᠶᠢᠳᠠᠯ ᠢ ᠦᠨᠳᠦᠰᠦᠯᠡᠨ ᠵᠣᠭᠤᠰ ᠲᠦᠯᠦᠬᠦ ᠡᠰᠡᠬᠦ ᠶᠢ ᠲᠣᠭᠲᠠᠭᠠᠨ᠎ᠠ᠃ ᠬᠢᠨᠠᠨ ᠬᠠᠷᠭᠤᠭᠤᠯᠤᠭᠰᠠᠨ ᠦᠷ᠎ᠡ | ᠳ᠋ᠦᠩ ᠨᠢ ᠳᠣᠤᠷᠠᠬᠢ ᠮᠡᠲᠦ᠄ | 1. ᠤᠷᠢᠳ ᠢᠶᠠᠷ ᠲᠦᠯᠦᠬᠦ ᠨᠦᠭᠦᠴᠡᠯ ᠳᠤ ᠨᠡᠶᠢᠴᠡᠪᠡᠯ᠂ ᠬᠤᠯᠪᠤᠭᠳᠠᠯ ᠪᠦᠭᠦᠢ ᠠᠩᠬᠠᠨ ᠤ ᠫᠢᠶᠤᠤ ᠪᠠᠷᠢᠮᠳᠠ | ᠵᠡᠷᠬᠡ ᠪᠠᠷ ᠲᠠᠭᠠᠳᠬᠠᠯ ᠳᠤ ᠤᠷᠤᠨᠨᠰᠠᠨ ᠭᠠᠵᠠᠷ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠲᠦᠷᠦ ᠶᠢᠨ | ᠪᠤᠳᠤᠯᠭ᠎ᠠ ᠶᠢᠨ ᠶᠤᠰᠤᠭᠠᠷ ᠭᠤᠶᠤᠴᠢᠯᠠᠭᠴᠢ ᠳᠤ ᠭᠤᠷᠪᠠᠳᠠᠬᠢ ᠭᠦᠮᠦᠨ ᠤ ᠬᠠᠷᠢᠭᠤᠴᠠᠯᠭ᠎ᠠ ᠳᠤ ᠲᠤᠭᠠᠴᠠᠭᠳᠠᠬᠤ | ᠡᠮᠴᠢᠯᠡᠬᠡᠨ ᠤ ᠵᠠᠷᠤᠳᠠᠯ ᠢ ᠤᠷᠢᠳ ᠢᠶᠠᠷ ᠲᠦᠯᠦᠬᠦ ᠶᠢᠨ ᠬᠠᠮᠳᠤ᠂ ᠭᠤᠶᠤᠴᠢᠯᠠᠬᠴᠢ ᠪᠤᠶᠤ ᠤᠷᠤᠯᠠᠨ | ᠬᠦᠢᠴᠡᠳᠬᠡᠭᠴᠢ ᠶᠢ ᠤᠷᠢᠳ ᠢᠶᠠᠷ ᠲᠦᠯᠦᠬᠦ ᠪᠠᠷ ᠱᠠᠭᠠᠷᠳᠠᠵᠦ ᠪᠠᠶᠢᠭᠠᠳ ᠭᠠᠷ ᠤᠨ ᠦᠰᠦᠭ ᠵᠢᠷᠤᠭᠤᠯᠵᠤ | ᠨᠤᠲᠠᠯᠠᠭᠤᠯᠤᠨ᠎ᠠ᠃ | 2.ᠬᠢᠨᠠᠨ ᠬᠠᠷᠭᠤᠭᠤᠯᠤᠭᠠᠳ ᠤᠷᠢᠳ ᠢᠶᠠᠷ ᠲᠦᠯᠦᠬᠦ ᠨᠥᠬᠦᠴᠡᠯ ᠳᠤ ᠨᠡᠶᠢᠴᠡᠬᠦ ᠦᠭᠡᠶ ᠪᠠᠶᠢᠪᠠᠯ᠂ | ᠭᠤᠶᠤᠴᠢᠯᠠᠯ ᠢ ᠣᠯᠤᠭᠰᠠᠨ ᠤ ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ ᠤᠷᠢᠳ ᠢᠶᠠᠷ ᠲᠦᠯᠦᠬᠦ ᠦᠭᠡᠶ | ᠲᠣᠭᠲᠠᠭᠠᠯ ᠭᠠᠷᠭᠠᠬᠤ ᠶᠢᠨ ᠬᠠᠮᠲᠤ ᠭᠤᠶᠤᠴᠢᠯᠠᠭᠴᠢ ᠳᠤ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠳᠤ ᠤᠷᠢᠳ ᠢᠶᠠᠷ ᠲᠦᠯᠦᠬᠦ ᠦᠭᠡᠶ ᠲᠣᠭᠲᠠᠭᠠᠯ ᠤᠨ ᠪᠢᠴᠢᠭ︾ ᠭᠠᠷᠭᠠᠵᠤ᠂ ᠭᠤᠶᠤᠴᠢᠯᠠᠭᠴᠢ | ᠪᠤᠶᠤ ᠣᠷᠣᠯᠠᠨ ᠭᠦᠢᠴᠡᠳᠬᠡᠭᠴᠢ ᠠᠴᠠ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ | ᠪᠠᠶᠢᠭᠤᠯᠤᠮᠵᠢ ᠶᠢᠨ ᠭᠠᠷᠭᠠᠭᠰᠠᠨ ᠤᠷᠢᠳ ᠢᠶᠠᠷ ᠲᠦᠯᠦᠬᠦ ᠦᠭᠡᠶ ᠲᠣᠭᠲᠠᠭᠠᠯ ᠢ ᠵᠥᠪᠰᠢᠶᠡᠷᠡᠬᠦ ᠦᠭᠡᠶ ᠪᠤᠶᠤ | ᠤᠷᠢᠳ ᠢᠶᠠᠷ ᠲᠦᠯᠦᠬᠦ ᠲᠤᠭ᠎ᠠ ᠶᠢ ᠬᠦᠯᠢᠶᠡᠬᠦ ᠦᠭᠡᠶ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃ | ︵ᠭᠤᠷᠪᠠ︶ ᠤᠷᠢᠳ ᠢᠶᠠᠷ ᠲᠥᠯᠥᠭᠰᠡᠨ ᠤ ᠳᠠᠷᠠᠭᠠᠬᠢ ᠲᠦᠯᠦᠪᠦᠷᠢ ᠪᠠᠨ ᠨᠡᠬᠡᠮᠵᠢᠯᠡᠬᠦ ᠠᠷᠭ᠎ᠠ | 1.ᠡᠮ ᠡᠮᠨᠡᠯᠭᠡ ᠶᠢᠨ ᠳᠠᠭᠠᠳᠬᠠᠯ ᠤᠨ ᠡᠷᠬᠢᠯᠡᠨ ᠭᠦᠢᠴᠡᠳᠬᠡᠬᠦ ᠪᠠᠶᠢᠭᠤᠯᠤᠮᠵᠢ ᠲᠣᠭᠲᠠᠭᠠᠯ ᠶᠣᠰᠣᠭᠠᠷ | ᠭᠤᠷᠪᠠᠳᠠᠬᠢ ᠬᠥᠮᠦᠨ ᠳᠤ ︽ᠡᠮᠴᠢᠯᠡᠭᠡᠨ ᠤ ᠵᠠᠷᠤᠳᠠᠯ ᠢ ᠤᠷᠢᠳ ᠢᠶᠠᠷ ᠲᠥᠯᠥᠬᠦ ᠶᠢᠨ ᠰᠢᠪᠠᠳᠠᠨ ᠮᠡᠳᠡᠭᠳᠡᠬᠦ ᠪᠢᠴᠢᠭ︾ | ᠢ ᠲᠠᠷᠬᠠᠭᠠᠵᠤ᠂ ᠭᠤᠷᠪᠠᠳᠠᠬᠢ ᠬᠥᠮᠦᠨ ᠬᠤᠭᠤᠴᠠᠭ᠎ᠠ ᠥᠩᠭᠡᠷᠡᠲᠡᠯ᠎ᠡ ᠲᠥᠯᠥᠬᠦ ᠦᠭᠡᠢ ᠪᠣᠯ᠂ ᠡᠮ ᠡᠮᠨᠡᠯᠭᠡ ᠶᠢᠨ | ᠳᠠᠭᠠᠳᠬᠠᠯ ᠤᠨ ᠡᠷᠬᠢᠯᠡᠨ ᠭᠦᠢᠴᠡᠳᠬᠡᠬᠦ ᠪᠠᠶᠢᠭᠤᠯᠤᠮᠵᠢ ᠬᠠᠤᠯᠢ ᠶᠣᠰᠣᠭᠠᠷ ᠠᠷᠠᠳ ᠤᠨ ᠰᠢᠭᠦᠬᠦ ᠬᠤᠷᠢᠶᠠᠨ ᠳᠤ | ᠵᠠᠷᠭᠤ ᠬᠢᠨ᠎ᠠ᠃ | 2. ᠳᠠᠭᠠᠳᠬᠠᠯ ᠳᠤ ᠣᠷᠤᠯᠴᠠᠭᠰᠠᠨ ᠬᠦᠮᠦᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠨᠢ ᠨᠢᠭᠡᠨᠲᠡ | ᠭᠤᠷᠪᠠᠳᠠᠬᠢ ᠬᠥᠮᠦᠨ ᠠᠴᠠ ᠡᠮᠴᠢᠯᠡᠭᠡᠨ ᠤ ᠵᠠᠷᠤᠳᠠᠯ ᠣᠯᠤᠭᠰᠠᠨ ᠪᠣᠯ ᠤᠷᠢᠳ ᠢᠶᠠᠷ ᠲᠦᠯᠦᠬᠦ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠰᠠᠨᠠᠭᠠᠴᠢᠯᠠᠭ᠎ᠠ ᠠᠴᠠ ᠪᠠᠨ ᠪᠤᠴᠠᠭᠠᠬᠤ ᠬᠡᠷᠡᠭᠲᠡᠶ᠃ ᠪᠤᠴᠠᠭᠠᠬᠤ | ᠦᠭᠡᠶ ᠪᠣᠯ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | 3. ᠳᠠᠭᠠᠳᠬᠠᠯ ᠳᠤ ᠣᠷᠣᠯᠴᠠᠭᠰᠠᠨ ᠬᠦᠮᠦᠨ ᠪᠤᠶᠤ ᠣᠶᠢᠷ᠎ᠠ ᠲᠥᠷᠥᠯ ᠰᠠᠳᠤᠨ ᠨᠢ ᠨᠢᠭᠡᠨᠲᠡ ᠭᠤᠷᠪᠠᠳᠠᠬᠢ | ᠬᠥᠮᠦᠨ ᠤ ᠭᠠᠵᠠᠷ ᠠᠴᠠ ᠡᠮᠴᠢᠯᠡᠭᠡᠨ ᠤ ᠵᠠᠷᠤᠳᠠᠯ ᠣᠯᠤᠭᠰᠠᠨ ᠭᠡᠳᠡᠭ ᠢᠶᠠᠨ ᠨᠢᠭᠤᠨ ᠳᠠᠯᠳᠠᠯᠠᠵᠤ᠂ ᠡᠮ ᠡᠮᠨᠡᠯᠭᠡ ᠶᠢᠨ | ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠠᠴᠠ ᠭᠤᠶᠤᠴᠢᠯᠠᠭᠰᠠᠨ ᠪᠥᠭᠡᠳ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠦᠯᠦᠭᠰᠡᠨ ᠪᠠᠶᠢᠪᠠᠯ᠂ ︽ᠨᠡᠶᠢᠭᠡᠮ ᠤᠨ ᠳᠠᠭᠠᠳᠬᠠᠯ ᠤᠨ | ᠬᠠᠤᠯᠢ︾ ᠶᠢᠨ ᠨᠠᠶᠠᠨ ᠨᠠᠢᠮᠠᠳᠤᠭᠠᠷ ᠵᠣᠷᠪᠤᠰ ᠤᠨ ᠲᠣᠭᠲᠠᠭᠠᠯ ᠶᠣᠰᠣᠭᠠᠷ᠂ ᠮᠡᠬᠡᠯᠡᠨ ᠠᠪᠬᠤ᠂ ᠭᠡᠷᠡᠴᠢᠯᠡᠬᠦ | ᠮᠠᠲ᠋ᠧᠷᠢᠶᠠᠯ ᠢ ᠬᠠᠭᠤᠷᠮᠠᠭ ᠢᠶᠠᠷ ᠵᠣᠬᠢᠶᠠᠬᠤ ᠪᠤᠶᠤ ᠪᠤᠰᠤᠳ ᠠᠷᠭ᠎ᠠ ᠪᠠᠷᠢᠯ ᠢᠶᠠᠷ ᠨᠡᠶᠢᠭᠡᠮ ᠤᠨ ᠳᠠᠭᠠᠳᠬᠠᠯ ᠤᠨ | ᠣᠯᠭᠤᠮᠵᠢ ᠶᠢ ᠮᠡᠬᠡᠯᠡᠨ ᠠᠪᠤᠪᠠᠯ ᠰᠢᠢᠳᠪᠦᠷᠢᠯᠡᠨ᠎ᠡ᠃ | |