ᠠᠷᠠᠳ ᠲᠤ ᠠᠰᠢᠭ ᠬᠦᠷᠲᠡᠭᠡᠬᠦ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠠᠲᠤᠲᠠᠢ ᠬᠡᠷᠡᠭᠵᠢᠭᠦᠯᠵᠦ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠨᠠᠶᠢᠳᠠᠪᠤᠷᠢᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/1/15
  ︵ᠣᠨᠴᠠ ᠤᠷᠢᠭᠰᠠᠨ ᠰᠤᠷᠪᠤᠯᠵᠢᠯᠠᠭᠴᠢ  ᠵᠠᠩ ᠯᠢ︶ ᠠᠷᠠᠳ ᠤᠨ ᠠᠮᠢᠳᠤᠷᠠᠯ ᠠᠷᠠᠳ ᠲᠦᠮᠡᠨ ᠤ ᠲᠦᠰᠢᠭ ᠲᠤᠯᠭᠠᠭᠤᠷᠢ ᠵᠠᠰᠠᠭ ᠤᠨ ᠶᠠᠪᠤᠳᠠᠯ ᠤᠨ ᠬᠠᠨᠳᠤᠰᠢ᠃ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠪᠣᠯ ᠨᠠᠮ ᠪᠣᠯᠤᠨ ᠤᠯᠤᠰ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠬᠤᠯᠪᠣᠭᠳᠠᠵᠤ᠂ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠪᠣᠯ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠥᠷᠭᠡᠨ ᠣᠯᠠᠨ ᠠᠷᠠᠳ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠪᠤᠶᠠᠨ ᠵᠢᠷᠭᠠᠯ ᠢ ᠪᠡᠶᠡᠯᠡᠭᠦᠯᠬᠦ ᠤᠷᠢᠲᠠᠯ ᠪᠠᠲᠤᠯᠠᠭ᠎ᠠ ᠮᠥᠨ᠃ ᠬᠠᠷᠠᠴᠢᠨ ᠬᠤᠰᠢᠭᠤ ᠭᠤᠷᠪᠠᠨ ︽ᠲᠥᠪᠯᠡᠷᠡᠯ︾ ᠢ ᠴᠢᠩᠭᠠᠳᠬᠠᠵᠤ᠂ ᠪᠦᠬᠦ ᠬᠤᠰᠢᠭᠤᠨ ᠤ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠢ ᠲᠣᠭᠲᠠᠭᠤᠨ ᠢᠶᠠᠷ ᠠᠬᠢᠭᠤᠯᠪᠠ᠃
全民参保1.png
  ᠨᠢᠭᠡ ᠳᠤ᠂ ᠥᠨᠳᠥᠷ ᠲᠦᠪᠰᠢᠨ ᠢᠶᠠᠷ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠠᠷᠠᠴᠢᠨ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ ᠲᠠᠲᠠᠪᠤᠷᠢᠯᠠᠨ ᠲᠤᠰᠢᠶᠠᠬᠤ ᠠᠷᠭ᠎ᠠ︾ ᠶᠢ ᠲᠣᠭᠲᠠᠭᠠᠨ ᠨᠡᠶᠢᠲᠡᠯᠡᠵᠦ᠂ 2024 ᠣᠨ ᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠤᠨ ᠬᠤᠷᠠᠯ ᠢ ᠬᠤᠷᠠᠯᠳᠤᠭᠤᠯᠵᠤ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠢ ᠲᠤᠰᠬᠠᠶ ᠰᠡᠳᠦᠪ ᠢᠶᠠᠷ ᠪᠠᠶᠢᠷᠢᠯᠠᠭᠤᠯᠵᠤ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ ᠶᠢ ᠲᠣᠳᠣᠷᠬᠠᠶᠢᠯᠠᠪᠠ᠃ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠦᠴᠦᠲᠡᠶ ᠠᠬᠢᠭᠤᠯᠤᠯ ᠳᠤᠤᠷ᠎ᠠ᠂ ᠡᠳ᠋ ᠤᠨ ᠵᠠᠰᠠᠭ᠂ ᠡᠮ ᠡᠮᠨᠡᠯᠭᠡ ᠶᠢᠨ ᠳᠠᠭᠠᠳᠬᠠᠯ᠂ ᠭᠠᠶᠢᠯᠢ ᠶᠢᠨ ᠶᠠᠪᠤᠳᠠᠯ᠂ ᠰᠢᠶᠠᠩ ᠪᠠᠯᠭᠠᠰᠤ ᠵᠡᠭᠡᠯᠢ ᠭᠤᠳᠤᠮᠵᠢ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠰᠠᠯᠠᠭ᠎ᠠ ᠮᠥᠴᠢᠷ ᠢᠳᠡᠪᠬᠢᠲᠡᠶ ᠬᠥᠳᠡᠯᠦᠯᠴᠡᠵᠦ᠂ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠨ᠂ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠢ ᠤᠯᠤᠰ ᠲᠥᠷᠥ ᠶᠢᠨ ᠡᠭᠦᠷᠭᠡ ᠪᠣᠯᠭᠠᠵᠤ᠂ ᠴᠢᠬᠤᠯᠠ ᠶᠡᠭᠡ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠠᠰᠠᠭ ᠤᠨ ᠣᠷᠳᠣᠨ ᠭᠤᠤᠯᠯᠠᠨ ᠤᠳᠤᠷᠢᠳᠬᠤ᠂ ᠡᠮ ᠡᠮᠨᠡᠯᠭᠡ ᠶᠢᠨ ᠳᠠᠭᠠᠳᠬᠠᠯ ᠲᠦᠷᠦᠭᠦᠯᠡᠨ ᠬᠢᠬᠦ᠂ ᠰᠢᠶᠠᠩ ᠪᠠᠯᠭᠠᠰᠤ ᠭᠤᠤᠯᠯᠠᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠳᠠᠶᠠᠭᠠᠷ ᠣᠷᠣᠯᠴᠠᠭᠰᠠᠨ ᠲᠠᠲᠠᠪᠤᠷᠢᠯᠠᠨ ᠲᠤᠰᠢᠶᠠᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠤᠨ ᠡᠭᠦᠷᠭᠡ ᠶᠢ ᠤᠷᠤᠭᠰᠢᠲᠠᠶ ᠪᠡᠶᠡᠯᠡᠭᠦᠯᠬᠦ ᠳᠤ ᠴᠢᠩᠭ᠎ᠠ ᠬᠦᠴᠦᠲᠡᠶ ᠪᠠᠲᠤᠯᠠᠭ᠎ᠠ ᠬᠠᠩᠭᠠᠪᠠ᠃
全民参保2.png
  ᠬᠤᠶᠠᠷ ᠲᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠪᠦᠬᠦᠨ ᠢ ᠬᠠᠮᠤᠷᠬᠤ᠂ ᠤᠯᠠᠮᠵᠢᠯᠠᠯᠲᠤ ᠣᠲᠣ ᠦᠶ᠎ᠡ ᠶᠢᠨ ᠰᠢᠨ᠎ᠡ ᠠᠭᠤᠰᠤᠯᠴᠠᠯ ᠤᠨ ᠣᠯᠠᠨ ᠬᠠᠷᠠᠭᠠᠰᠤ᠂ ᠣᠯᠠᠨ ᠲᠠᠰ ᠳᠠᠪᠬᠤᠷᠭᠠᠲᠤ᠂ ᠪᠣᠰᠤᠭ᠎ᠠ ᠴᠣᠭᠴᠠᠲᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠪᠥᠭᠡᠳ ᠥᠷᠭᠡᠨ ᠳᠡᠯᠭᠡᠷ ᠥᠷᠨᠢᠭᠦᠯᠵᠦ᠂ ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠪᠠ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠪᠦᠲᠦᠮᠵᠢᠲᠡᠶ ᠳᠡᠭᠡᠭᠰᠢᠯᠡᠭᠦᠯᠦᠨ᠎ᠡ᠃ ᠡᠩ ᠲᠡᠷᠢᠭᠦᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ LED ᠳᠡᠯᠭᠡᠴᠡ ᠳᠡᠭᠡᠷ᠎ᠡ ᠤᠬᠠᠭᠤᠯᠭ᠎ᠠ ᠶᠢᠨ ᠤᠷᠢᠶ᠎ᠠ ᠪᠠ ᠣᠬᠤᠷ ᠹᠢᠯᠢᠮ ᠨᠡᠪᠲᠡᠷᠡᠭᠦᠯᠵᠦ᠂ ︽ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠪᠢ ᠶᠠᠷᠢᠬᠤ︾ ᠪᠠ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠲᠥᠪᠯᠡᠷᠡᠭᠦᠯᠦᠨ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ︽ᠤᠯᠠᠭᠠᠨᠬᠠᠳᠠ ᠶᠢᠨ ᠴᠠᠷᠭᠢᠯ ᠬᠤᠯᠪᠣᠭ᠎ᠠ ᠪᠠᠷ ᠡᠮ ᠡᠮᠨᠡᠯᠭᠡ ᠶᠢᠨ ᠳᠠᠭᠠᠳᠬᠠᠯ ᠢ ᠶᠠᠷᠢᠬᠤ︾᠂ ︽ᠦᠵᠡᠭᠳᠡᠮᠡᠯ ᠦᠢᠯᠡᠴᠢᠯᠡᠭᠡ ᠶᠢᠨ ᠵᠦᠭᠯᠡᠭᠦᠷ︾᠂ ︽ᠬᠤᠶᠠᠷ ᠡᠪᠡᠳᠴᠢᠨ ᠤ ᠮᠡᠳᠡᠯᠭᠡ ᠶᠢ ᠪᠦᠬᠦᠨ ᠢ ᠮᠡᠳᠡᠬᠦ︾ ᠵᠡᠷᠭᠡ ᠣᠬᠤᠷ ᠸᠢᠳᠢᠣ᠋ ᠶᠢ ᠦᠢᠯᠡᠳᠴᠦ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠸᠢᠳᠢᠣ᠋ ᠶᠢᠨ ᠳ᠋ᠤᠭᠠᠷ᠂ ᠨᠠᠶᠢᠵᠠ ᠶᠢᠨ ᠲᠣᠭᠤᠷᠢᠭ ᠵᠡᠷᠭᠡ ᠪᠠᠷ ᠳᠠᠮᠵᠢᠭᠤᠯᠤᠨ ᠢᠳᠡᠪᠬᠢᠲᠡᠶ ᠳᠡᠯᠭᠡᠷᠡᠭᠦᠯᠵᠦ᠂ ︽ᠥᠨᠴᠥᠭ ᠪᠤᠯᠤᠩ ᠥᠬᠡᠶ︾ ᠶᠢ ᠤᠬᠠᠭᠤᠯᠬᠤ ᠶᠢ ᠦᠨᠡᠨ ᠬᠦ ᠪᠠᠲᠤᠯᠠᠪᠠ᠃ ᠳᠠᠷᠠᠭᠠᠯᠠᠪᠠᠯ᠂ ᠬᠢᠨᠠᠨ ᠵᠢᠯᠣᠭᠤᠳᠣᠭᠴᠢ ᠠᠴᠠ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠳᠤ ᠭᠦᠨᠵᠡᠭᠡᠶᠢᠷᠡᠨ᠂ ᠡᠯ᠎ᠡ ᠵᠠᠰᠠᠭ ᠵᠠᠬᠢᠷᠭᠠᠨ ᠤ ᠲᠣᠰᠬᠤᠨ᠂ ᠳᠤᠭᠤᠶᠢᠯᠠᠩ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ᠂ ᠬᠤᠷᠠᠯ ᠢᠶᠠᠷ ᠪᠣᠯᠪᠠᠰᠤᠷᠠᠯ ᠢ ᠣᠷᠣᠯᠠᠭᠤᠯᠵᠤ ︽ᠶᠠᠩᠵᠤ ᠨᠢ ᠬᠤᠪᠢᠷᠠᠬᠤ ᠥᠬᠡᠶ︾ ᠪᠠᠶᠢᠬᠤ ᠶᠢ ᠦᠨᠡᠨ ᠬᠦ ᠪᠠᠲᠤᠯᠠᠨ᠎ᠠ᠃  ᠭᠤᠷᠪᠠ ᠳᠤ᠂ ᠡᠷᠦᠬᠡ ᠳᠤ ᠣᠷᠣᠵᠤ ᠭᠤᠤᠯᠳᠠᠯᠭ᠎ᠠ ᠲᠠᠢ ᠡᠷᠦᠬᠡ ᠳᠤ ᠬᠦᠷᠴᠦ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠳᠠᠭᠠᠳᠬᠠᠯ ᠳᠤ ᠣᠷᠣᠯᠴᠠᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠶᠢᠨ ᠬᠠᠮᠲᠤ ᠨᠢᠭᠡ ᠨᠢᠭᠡ ᠪᠠᠷ ᠬᠡᠷᠡᠮ ᠳᠡᠭᠡᠷ᠎ᠡ ᠨᠠᠭᠠᠨ᠎ᠠ᠃ ᠪᠦᠷᠢᠳᠬᠡᠯ ᠢ ᠦᠨᠳᠦᠰᠦᠯᠡᠪᠡᠯ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠨᠢᠭᠡᠨᠲᠡ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠭᠠᠷ ᠳᠡᠪᠲᠡᠷ᠂ ᠰᠦᠢᠳᠭᠡᠯ ᠲᠤᠰᠢᠶᠠᠬᠤ ᠮᠡᠳᠡᠭᠳᠡᠯ ᠤᠨ ᠬᠠᠭᠤᠳᠠᠰᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠤᠬᠠᠭᠤᠯᠭ᠎ᠠ ᠶᠢᠨ ᠬᠠᠭᠤᠳᠠᠰᠤ᠂ ︽ᠬᠤᠶᠠᠷ ᠡᠪᠡᠳᠴᠢᠨ︾ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠥᠷᠥ ᠶᠢᠨ ᠪᠣᠳᠣᠯᠭ᠎ᠠ ᠶᠢᠨ ᠵᠠᠷᠯᠠᠯ ᠵᠡᠷᠭᠡ ᠶᠢ ᠨᠡᠶᠢᠲᠡ 21.7 ᠲᠦᠮᠡᠨ ᠳᠡᠪᠲᠡᠷ ᠳᠠᠷᠤᠮᠠᠯᠯᠠᠨ ᠲᠠᠷᠬᠠᠭᠠᠵᠤ᠂ ︽ᠲᠦᠮᠡᠨ ᠡᠷᠦᠬᠡ ᠳᠤ ᠣᠷᠣᠭᠤᠯᠬᠤ︾ ᠶᠢ ᠤᠬᠠᠭᠤᠯᠪᠠ᠃  ᠭᠤᠷᠪᠠ ᠳᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠢ ᠬᠦᠴᠦᠲᠡᠶ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠰᠢᠯᠵᠢᠭᠦᠯᠦᠨ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠳᠤ ᠲᠣᠮᠢᠯᠠᠨ ᠰᠠᠭᠤᠯᠭᠠᠵᠤ᠂ ᠳᠠᠭᠠᠳᠬᠠᠯ ᠳᠤ ᠣᠷᠣᠯᠴᠠᠬᠤ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ᠃ ᠲᠣᠮᠢᠯᠠᠨ ᠰᠠᠭᠤᠯᠭᠠᠬᠤ ᠠᠩᠭᠢ ᠶᠢᠨ ᠭᠡᠰᠢᠭᠦᠨ ᠨᠢᠭᠡᠪᠦᠷᠢ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠭᠤᠤᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠡᠭᠦᠷᠭᠡ ᠪᠠᠨ ᠪᠡᠶᠡᠯᠡᠭᠦᠯᠬᠦ ᠥᠬᠡᠶ ᠪᠣᠯ ᠶᠠᠭᠠᠬᠢᠭᠰᠠᠨ ᠴᠤ ᠴᠡᠷᠢᠭ ᠢᠶᠠᠨ ᠲᠠᠲᠠᠵᠤ ᠪᠣᠯᠬᠤ ᠥᠬᠡᠶ ᠭᠡᠵᠦ ᠱᠠᠭᠠᠷᠳᠠᠪᠠ᠃  ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠳᠠᠷᠤᠭ᠎ᠠ ᠡᠳᠦᠷ ᠪᠦᠷᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠤᠳᠤᠷᠢᠳᠤᠯᠭ᠎ᠠ᠂ ᠲᠣᠪᠴᠢᠶᠠᠨ ᠤ ᠪᠠᠶᠢᠭᠤᠯᠭ᠎ᠠ ᠶᠢ ᠲᠣᠬᠢᠷᠠᠭᠤᠯᠵᠤ ᠲᠣᠭᠲᠠᠮᠠᠯ ᠬᠤᠭᠤᠴᠠᠭ᠎ᠠ ᠲᠠᠢ ᠪᠠᠷ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠬᠢᠴᠠ ᠶᠢ ᠮᠡᠳᠡᠭᠡᠯᠡᠨ᠎ᠡ᠃ ᠠᠵᠢᠯ ᠬᠢᠬᠦ ᠬᠥᠮᠦᠨ ᠪᠠᠶᠢᠬᠤ᠂ ᠤᠳᠤᠷᠢᠳᠤᠯᠭ᠎ᠠ ᠱᠠᠲᠤ ᠱᠠᠲᠤ ᠪᠠᠷ ᠰᠢᠪᠠᠳᠠᠨ ᠰᠢᠢᠳᠪᠦᠷᠢᠯᠡᠭᠦᠯᠬᠦ ᠪᠠᠴᠢᠮ ᠪᠠᠶᠢᠳᠠᠯ ᠢ ᠪᠤᠶ ᠪᠣᠯᠭᠠᠪᠠ᠃ ᠬᠤᠰᠢᠭᠤᠨ ᠤ ᠵᠠᠰᠠᠭ ᠤᠨ ᠣᠷᠳᠣᠨ ᠱᠠᠩᠨᠠᠨ ᠬᠥᠬᠢᠭᠦᠯᠬᠦ ᠲᠣᠭᠲᠠᠴᠠ ᠶᠢ ᠲᠣᠭᠲᠠᠭᠠᠵᠤ᠂ ᠳᠠᠭᠠᠳᠬᠠᠯ ᠳᠤ ᠣᠷᠣᠯᠴᠠᠬᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠰᠠᠯᠠᠭᠠᠨ ᠲᠠᠰ ᠤᠨ ᠤᠳᠤᠷᠢᠳᠬᠤ ᠪᠠᠭ ᠤᠨ ᠵᠢᠯ ᠤᠨ ᠡᠴᠦᠰ ᠤᠨ ᠬᠢᠨᠠᠨ ᠰᠢᠯᠭᠠᠬᠤ ᠴᠢᠬᠤᠯᠠ ᠭᠦᠢᠴᠡᠳᠭᠡᠯ ᠲᠤᠭ᠎ᠠ ᠪᠣᠯᠭᠠᠭᠰᠠᠨ ᠪᠥᠭᠡᠳ ᠨᠡᠯᠢᠶᠡᠳ ᠰᠠᠶᠢᠨ ᠪᠡᠶᠡᠯᠡᠭᠦᠯᠦᠭᠰᠡᠨ ᠢ ᠨᠢ ᠱᠠᠩᠨᠠᠨ ᠬᠥᠬᠢᠭᠦᠯᠪᠡ᠃ ᠪᠦᠬᠦ ᠬᠤᠰᠢᠭᠤᠨ ᠤ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ 95.5 % ᠠᠴᠠ ᠳᠡᠭᠡᠭᠰᠢ ᠬᠦᠷᠴᠡᠶ᠃  ᠪᠥᠬᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯᠲᠠᠨ ᠲᠠᠨᠢᠯᠲᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠤᠨ ᠲᠥᠯᠥᠭᠡ ᠭᠡᠬᠦ ᠣᠭ ᠰᠠᠨᠠᠭ᠎ᠠ ᠪᠠᠨ ᠪᠠᠲᠤ ᠴᠡᠭᠡᠵᠢᠯᠡᠵᠦ᠂ ᠠᠷᠠᠳ ᠲᠤ ᠠᠰᠢᠭ ᠬᠦᠷᠲᠡᠭᠡᠬᠦ ᠬᠠᠷᠢᠭᠤᠴᠠᠯᠭ᠎ᠠ ᠶᠢ ᠵᠣᠷᠢᠭᠲᠠᠶ ᠪᠠᠷ ᠡᠭᠦᠷᠭᠡᠯᠡᠨ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠠᠲᠤᠲᠠᠶ ᠬᠡᠷᠡᠭᠵᠢᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠲᠠᠰᠤᠷᠠᠯᠲᠠ ᠥᠬᠡᠶ ᠬᠥᠩᠭᠡᠷᠡᠭᠦᠯᠬᠦ᠂ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠡᠮ ᠡᠮᠨᠡᠯᠭᠡ ᠶᠢᠨ ᠳᠠᠭᠠᠳᠬᠠᠯ ᠤᠨ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠬᠦ᠂ ᠳᠠᠭᠠᠳᠬᠠᠯ ᠳᠤ ᠣᠷᠣᠯᠴᠠᠬᠤ ᠶᠢ ᠨᠡᠶᠢᠳᠡᠮ ᠪᠥᠷᠬᠦᠭᠦᠯᠬᠦ ᠶᠢ ᠨᠠᠶᠢᠳᠠᠪᠤᠷᠢᠵᠢᠭᠤᠯᠬᠤ ᠵᠡᠷᠭᠡ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠳᠤ ᠬᠠᠨᠳᠤᠭᠤᠯᠤᠨ᠂ ᠠᠷᠠᠳ ᠤᠨ ᠠᠮᠢᠳᠤᠷᠠᠯ ᠤᠨ ᠦᠨᠡᠨ ᠪᠣᠳᠠᠲᠠᠶ᠂ ᠬᠠᠶᠢᠷ᠎ᠠ ᠬᠠᠯᠠᠮᠵᠢ ᠲᠠᠢ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠵᠦ ᠪᠠᠶᠢᠨ᠎ᠠ᠃ 
 
ᠢᠷᠡᠯᠲᠡ᠄ ᠡᠭᠦᠯᠡᠨ ᠳᠡᠭᠡᠷᠡᠬᠢ ᠬᠠᠷᠠᠴᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号