ᠣᠲᠤᠭ ᠬᠤᠰᠢᠭᠤ᠄ ᠡᠮ ᠡᠮᠨᠡᠯᠭᠡ ᠶᠢᠨ ᠳᠠᠭᠠᠳᠬᠠᠯ ᠤᠨ ᠲᠤᠭ᠎ᠠ ᠪᠠᠷᠢᠮᠲᠠ ᠶᠢᠨ ︽ᠨᠢᠭᠡ ᠳᠡᠯᠭᠡᠴᠡ ᠪᠠᠷ ᠡᠵᠡᠮᠰᠢᠬᠦ︾ ᠪᠠᠷ ᠮᠡᠳᠡᠭᠡ ᠵᠠᠩᠭᠢ ᠶᠢ ᠰᠠᠭᠠᠳ ᠦᠭᠡᠢ ᠨᠡᠪᠲᠡᠷᠡᠭᠦᠯᠵᠦ ᠡᠷᠡᠭᠦᠯ ᠮᠡᠨᠳᠦ ᠶᠢᠨ ᠦᠢᠯᠡᠴᠢᠯᠡᠭᠡ ᠶᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/1/16
  ᠲᠤᠬᠠᠶ ᠶᠢᠨ ᠴᠠᠭ ᠤᠨ ᠬᠢᠨᠠᠨ ᠬᠡᠮᠵᠢᠯᠲᠡ᠂ ᠣᠶᠤᠨᠴᠢ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠢᠨᠠᠯᠲᠠ ᠬᠠᠮᠢᠶᠠᠷᠤᠯᠲᠠ ᠶᠢ ᠳ᠋ᠦᠩᠨᠡᠨ ᠪᠤᠳᠤᠬᠤ ᠁ ᠣᠲᠤᠭ ᠬᠤᠰᠢᠭᠤᠨ ᠤ ︽ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠵᠢᠯᠣᠭᠤᠳᠬᠤ ᠲᠥᠪ︾ ᠤᠨ ᠠᠯᠢ ᠣᠯᠠᠨ ᠲᠤᠭ᠎ᠠ ᠪᠠᠷᠢᠮᠲᠠ ᠨᠢ ᠪᠥᠬᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯᠯᠠᠭᠠᠨ ᠤ ᠪᠠᠶᠢᠳᠠᠯ ᠢ ᠲᠡᠮᠳᠡᠭᠯᠡᠵᠦ᠂ ᠡᠨᠡ ᠪᠣᠯ ᠣᠲᠤᠭ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠵᠢᠯᠣᠭᠤᠳᠬᠤ ᠲᠥᠪ ᠢᠶᠠᠷ ᠳᠡᠮᠵᠢᠨ᠂ ᠡᠮ ᠡᠮᠨᠡᠯᠭᠡ ᠶᠢᠨ ᠳᠠᠭᠠᠳᠬᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠪᠠ ᠨᠠᠷᠢᠯᠢᠭ ᠣᠨᠣᠪᠴᠢᠲᠠᠢ ᠦᠢᠯᠡᠴᠢᠯᠡᠭᠡ ᠳᠤ ᠨᠠᠩ ᠰᠢᠨᠵᠢᠯᠡᠬᠦ ᠤᠬᠠᠭᠠᠨᠴᠢ ᠦᠨᠳᠦᠰᠦ ᠪᠠᠷᠢᠮᠲᠠ ᠲᠠᠢ ᠪᠣᠯᠤᠭᠰᠠᠨ ᠪᠠᠶᠢᠨ᠎ᠠ᠃  ᠣᠶᠢᠷ᠎ᠠ ᠶᠢᠨ ᠵᠢᠯ ᠳᠤ᠂ ᠣᠲᠤᠭ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠶᠢ ᠠᠷᠠᠳ ᠤᠨ ᠠᠮᠢᠳᠤᠷᠠᠯ ᠢ ᠪᠠᠲᠤᠯᠠᠬᠤ᠂ ᠥᠭᠡᠷᠡᠴᠢᠯᠡᠯᠲᠡ ᠶᠢ ᠠᠬᠢᠭᠤᠯᠬᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠴᠢᠬᠤᠯᠠ ᠭᠠᠷᠳᠠᠴᠠ ᠪᠣᠯᠭᠠᠵᠤ᠂ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠵᠢᠯᠣᠭᠤᠳᠬᠤ ᠲᠥᠪ ᠢ ᠪᠠᠶᠢᠭᠤᠯᠵᠤ᠂ 2022 ᠣᠨ ᠤ 6 ᠳ᠋ᠤᠭᠠᠷ ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃  ᠵᠢᠯᠣᠭᠤᠳᠬᠤ ᠲᠥᠪ ᠨᠢ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶᠡᠨ ᠳᠤ ᠦᠵᠡᠭᠳᠡᠮᠡᠯ ᠵᠠᠳᠠᠯᠤᠯᠲᠠ ᠶᠢᠨ ᠲᠠᠯᠠᠪᠤᠷ ᠢ ᠪᠠᠶᠢᠭᠤᠯᠵᠤ᠂ ᠡᠯ᠎ᠡ ᠵᠦᠢᠯ ᠤᠨ ᠵᠠᠩᠭᠢᠯᠠᠭ᠎ᠠ ᠶᠢᠨ ᠲᠤᠬᠠᠶᠢᠯᠠᠭᠰᠠᠨ ᠠᠵᠢᠯ ᠤᠨ ᠭᠦᠢᠴᠡᠳᠬᠡᠯ ᠲᠤᠭ᠎ᠠ ᠶᠢ ᠬᠠᠮᠤᠷᠤᠨ᠂ ᠳ᠋ᠦᠩᠨᠡᠨ ᠪᠣᠳᠣᠯᠲᠠ ᠶᠢ ᠴᠠᠭ ᠲᠤᠬᠠᠶ ᠳᠤ ᠨᠢ ᠬᠢᠨᠠᠨ ᠬᠡᠮᠵᠢᠬᠦ᠂ ᠣᠶᠤᠨᠴᠢ ᠪᠠᠷ ᠬᠢᠨᠠᠨ ᠬᠠᠮᠢᠶᠠᠷᠬᠤ᠂ ᠡᠮ ᠤᠨ ᠵᠦᠢᠯᠡᠰ ᠵᠢᠴᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠢᠨᠠᠨ ᠬᠠᠮᠢᠶᠠᠷᠬᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠬᠢᠨᠠᠨ ᠬᠡᠮᠵᠢᠬᠦ᠂ ᠺᠠᠷᠲ ᠢ ᠬᠡᠷᠡᠭᠵᠢᠭᠦᠯᠦᠭᠰᠡᠨ ᠪᠠᠶᠢᠳᠠᠯ ᠢ ᠣᠶᠤᠨᠴᠢ ᠪᠠᠷ ᠬᠠᠷᠭᠤᠭᠤᠯᠬᠤ᠂ ᠪᠥᠬᠦ ᠦᠵᠡᠮᠵᠢ ᠶᠢᠨ ᠬᠠᠷᠠᠭᠠᠨ ᠵᠢᠷᠤᠭ ᠵᠡᠷᠭᠡ 6 ᠵᠦᠢᠯ ᠤᠨ ᠲᠤᠭ᠎ᠠ ᠪᠠᠷᠢᠮᠲᠠ ᠶᠢᠨ ᠬᠢᠨᠠᠨ ᠬᠡᠮᠵᠢᠬᠦ ᠬᠡᠰᠡᠭ ᠢ ᠬᠤᠷᠠᠮᠳᠤᠭᠤᠯᠵᠤ᠂ ᠡᠯ᠎ᠡ ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠲᠤᠭ᠎ᠠ ᠪᠠᠷᠢᠮᠲᠠ ᠶᠢ ᠪᠠᠶᠢᠩᠭᠤᠵᠢᠭᠤᠯᠤᠨ ᠬᠢᠨᠠᠨ ᠡᠵᠡᠮᠳᠡᠵᠦ᠂ ᠵᠠᠳᠠᠯᠤᠨ ᠳᠡᠯᠭᠡᠨ ᠦᠵᠡᠭᠦᠯᠵᠦ᠂ ᠣᠲᠤᠭ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠠᠵᠢᠯᠯᠠᠭᠠᠨ ᠤ ᠪᠠᠶᠢᠳᠠᠯ ᠢ ᠣᠯᠠᠨ ᠬᠠᠷᠠᠭᠠᠰᠤ᠂ ᠣᠯᠠᠨ ᠲᠠᠯ᠎ᠠ ᠠᠴᠠ ᠬᠢᠨᠠᠨ ᠬᠡᠮᠵᠢᠵᠦ᠂  ᠡᠮ ᠡᠮᠨᠡᠯᠭᠡ ᠶᠢᠨ ᠳᠠᠭᠠᠳᠬᠠᠯ ᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠷᠢᠯᠢᠭ ᠣᠨᠣᠪᠴᠢᠲᠠᠢ ᠦᠢᠯᠡᠴᠢᠯᠡᠭᠡ ᠬᠠᠩᠭᠠᠪᠠ᠃   ᠰᠢᠰᠲ᠋ᠧᠮ ᠤᠨ ᠬᠢᠨᠠᠨ ᠬᠡᠮᠵᠢᠯᠲᠠ ᠨᠢ ᠤᠶᠤᠨᠴᠢ ᠡᠮ ᠡᠮᠨᠡᠯᠭᠡ ᠶᠢᠨ ᠳᠠᠭᠠᠳᠬᠠᠯ ᠤᠨ ᠠᠷᠠᠳ ᠣᠯᠠᠨ ᠤ ︽ᠡᠪᠡᠳᠴᠢᠨ ᠦᠵᠡᠭᠦᠯᠬᠦ ᠵᠣᠭᠤᠰ︾ ᠢ ᠰᠠᠶᠢᠲᠤᠷ ᠬᠠᠮᠢᠶᠠᠷᠪᠠ  ᠣᠲᠤᠭ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠂ ᠨᠢᠭᠡᠨ ᠦᠵᠡᠬᠦᠯᠭᠡ ᠶᠢᠨ ᠳᠡᠯᠭᠡᠴᠡ ᠳᠡᠭᠡᠷ᠎ᠡ ᠬᠠᠷᠭᠤᠭᠤᠯᠤᠨ ᠪᠤᠳᠤᠬᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠲᠤᠬᠠᠶ ᠶᠢᠨ ᠴᠠᠭ ᠤᠨ ᠲᠤᠭ᠎ᠠ ᠪᠠᠷᠢᠮᠲᠠ ᠶᠢ ᠲᠣᠳᠣᠷᠬᠠᠶ ᠬᠠᠷᠠᠭᠤᠯᠵᠤ ᠪᠠᠶᠢᠨ᠎ᠠ᠂ ᠡᠨᠡ ᠪᠣᠯ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠡᠮᠨᠡᠯᠭᠡ ᠶᠢᠨ ᠳᠠᠭᠠᠳᠬᠠᠯ ᠤᠨ ᠬᠠᠷᠭᠤᠭᠤᠯᠤᠨ ᠪᠤᠳᠤᠬᠤ ᠬᠡᠷᠡᠭᠯᠡᠭᠡᠨ ᠤ ᠰᠢᠰᠲ᠋ᠧᠮ ᠮᠥᠨ᠂ ᠪᠥᠬᠦ ᠬᠤᠰᠢᠭᠤᠨ ᠤ ᠪᠣᠶ ᠪᠥᠬᠦᠶ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠬᠢᠨᠠᠨ ᠬᠡᠮᠵᠢᠯᠲᠡ ᠬᠢᠵᠦ᠂ ᠡᠮ ᠡᠮᠨᠡᠯᠭᠡ ᠶᠢᠨ ᠳᠠᠭᠠᠳᠬᠠᠯ ᠤᠨ ᠬᠡᠪ ᠤᠨ ᠪᠤᠰᠤ ᠳ᠋ᠦᠩᠨᠡᠨ ᠪᠤᠳᠤᠯᠲᠠ ᠶᠢᠨ ᠪᠠᠶᠢᠳᠠᠯ ᠢ ᠴᠠᠭ ᠲᠤᠬᠠᠶ ᠳᠤ ᠨᠢ ᠰᠢᠭᠰᠢᠨ ᠪᠠᠶᠢᠴᠠᠭᠠᠵᠤ᠂ ᠰᠠᠭᠤᠷᠢ ᠮᠥᠩᠭᠦ ᠶᠢᠨ ᠪᠦᠲᠦᠮᠵᠢᠲᠡᠶ ᠬᠡᠷᠡᠭᠯᠡᠯᠲᠡ ᠶᠢ ᠠᠬᠢᠭᠤᠯᠵᠤ ᠪᠠᠶᠢᠨ᠎ᠠ᠃  ︽ᠡᠳᠡᠭᠡᠷ ᠪᠣᠯ ᠡᠮ ᠡᠮᠨᠡᠯᠭᠡ ᠶᠢᠨ ᠳᠠᠭᠠᠳᠬᠠᠯ ᠤᠨ ᠪᠠᠶᠢᠴᠠᠭᠠᠨ ᠭᠡᠷᠡᠴᠢ ᠠᠪᠬᠤ ᠲᠤᠭ᠎ᠠ ᠪᠠᠷᠢᠮᠲᠠ ᠮᠥᠨ᠂ ᠰᠢᠰᠲ᠋ᠧᠮ ᠠᠴᠠ ᠠᠶᠠᠨᠳᠠᠭᠠᠨ ᠡᠭᠦᠰᠦᠭᠰᠡᠨ ᠶᠤᠮ᠂ ᠵᠣᠷᠢᠭᠤᠳᠠ ᠭᠠᠷ ᠲᠦᠷᠦᠭᠦ ᠶᠢᠨ ᠠᠷᠭ᠎ᠠ ᠦᠭᠡᠢ᠃       ᠵᠢᠱᠢᠶᠡᠯᠡᠪᠡᠯ᠂ ᠠᠳᠡ ᠡᠮ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠨᠡᠯᠢᠶᠡᠳ ᠶᠡᠭᠡ ᠪᠣᠯᠪᠠᠯ ᠪᠢᠳᠡ ᠲᠡᠷᠡ ᠳᠠᠷᠤᠶ ᠳᠤ ᠨᠢ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ ᠬᠡᠷᠪᠡ ᠴᠡᠭᠴᠡᠯᠡᠨ ᠰᠠᠶᠢᠵᠢᠷᠠᠭᠤᠯᠵᠤ ᠳᠠᠭᠤᠰᠬᠠᠭᠰᠠᠨ ᠥᠬᠡᠶ ᠪᠣᠯ ᠪᠢᠳᠡ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ︾ ᠭᠡᠵᠦ ᠣᠲᠤᠭ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠲᠣᠪᠴᠢᠶᠠᠨ ᠳᠡᠳ᠋ ᠳᠠᠷᠤᠭ᠎ᠠ ᠶᠡᠷᠡᠨᠪᠠᠶᠠᠷ ᠬᠡᠯᠡᠪᠡ᠃  ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠰᠠᠶᠢᠲᠤᠷ ᠬᠠᠮᠢᠶᠠᠷᠴᠤ᠂ ᠠᠷᠠᠳ ᠤᠯᠠᠨ ᠤ ︽ᠡᠪᠡᠳᠴᠢᠨ ᠦᠵᠡᠭᠦᠯᠬᠦ ᠵᠣᠭᠤᠰ︾ ᠢ ᠰᠠᠶᠢᠲᠤᠷ ᠰᠠᠬᠢᠨ ᠬᠠᠮᠠᠭᠠᠯᠠᠬᠤ ᠨᠢ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠣᠲᠤᠭ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠵᠢᠯᠣᠭᠤᠳᠬᠤ ᠲᠥᠪ ᠲᠤ ᠲᠦᠰᠢᠭᠯᠡᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠴᠦ ︽ᠡᠮ ᠤᠨ ᠳᠡᠯᠭᠡᠭᠦᠷ᠂ ᠡᠮᠴᠢᠯᠡᠭᠡᠨ ᠤ ᠭᠠᠵᠠᠷ ᠤᠨ ᠣᠶᠤᠨᠴᠢ ᠬᠢᠨᠠᠨ ᠬᠠᠮᠢᠶᠠᠷᠤᠯᠲᠠ ᠶᠢᠨ ᠲᠠᠪᠴᠠᠩ︾ ᠢ ᠪᠣᠶ ᠪᠣᠯᠭᠠᠵᠤ᠂ ᠺᠣᠮᠫᠢᠦ᠋ᠲ᠋ᠧᠷ ᠤᠨ PC ᠦᠵᠦᠭᠦᠷ ᠢᠶᠠᠷ ᠳᠠᠮᠵᠢᠭᠤᠯᠤᠨ ᠠᠯᠤᠰ ᠠᠴᠠ ᠬᠢᠨᠠᠨ ᠡᠵᠡᠮᠳᠡᠵᠦ᠂ ᠪᠥᠬᠦ ᠬᠤᠰᠢᠭᠤᠨ ᠤ 114 ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠡᠮᠴᠢᠯᠡᠭᠡᠨ ᠤ ᠭᠠᠵᠠᠷ ᠲᠤ ᠪᠥᠬᠦ ᠲᠠᠯ᠎ᠠ ᠶᠢᠨ᠂ ᠪᠥᠬᠦ ᠴᠠᠭ᠂ ᠪᠥᠬᠦ ᠶᠠᠪᠤᠴᠠ ᠶᠢᠨ ᠪᠢᠲᠡᠭᠦᠮᠵᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠴᠠᠭ ᠲᠤᠬᠠᠶ ᠲᠤ ᠨᠢ ᠪᠣᠷᠣᠯᠠᠭᠤᠯᠬᠤ᠂ ᠡᠮ ᠤᠨ ᠵᠦᠢᠯ ᠬᠤᠳᠠᠯᠳᠤᠨ ᠠᠪᠬᠤ᠂ ᠣᠨᠳᠣᠤ ᠭᠠᠵᠠᠷ ᠲᠤ ᠡᠮ ᠬᠤᠳᠠᠯᠳᠤᠨ ᠠᠪᠬᠤ ᠵᠡᠷᠭᠡ ᠪᠠᠶᠢᠳᠠᠯ ᠢ ᠬᠥᠳᠡᠯᠦᠩᠭᠦᠶ ᠪᠠᠷ ᠡᠵᠡᠮᠰᠢᠵᠦ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠢᠴᠢ ᠡᠮᠴᠢᠯᠡᠭᠡᠨ ᠤ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠳᠠᠭᠠᠳᠬᠠᠯ ᠳᠤ ᠣᠷᠣᠯᠴᠠᠭᠰᠠᠳ ᠲᠤ ᠡᠪᠡᠳᠴᠢᠨ ᠦᠵᠡᠭᠦᠯᠵᠦ ᠡᠮ ᠬᠡᠷᠡᠭᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠪᠠ᠃  ︽ᠬᠢᠨᠠᠨ ᠬᠠᠮᠢᠶᠠᠷᠬᠤ ᠲᠠᠪᠴᠠᠩ ᠢ ᠰᠦᠯᠵᠢᠶᠡᠨ ᠳᠤ ᠭᠠᠷᠭᠠᠵᠤ᠂ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠤᠨ ᠡᠮ ᠬᠤᠳᠠᠯᠳᠤᠬᠤ ᠶᠠᠪᠤᠴᠠ ᠶᠢ ᠮᠠᠰᠢ ᠢᠯᠡ ᠲᠣᠳᠣ ᠪᠣᠯᠭᠠᠭᠰᠠᠨ ᠤ ᠬᠠᠮᠲᠤ ᠮᠠᠨ ᠤ ᠡᠮ ᠤᠨ ᠳᠡᠯᠭᠡᠭᠦᠷ ᠤᠨ ᠡᠳᠦᠷ ᠲᠤᠲᠤᠮ ᠤᠨ ᠬᠠᠮᠢᠶᠠᠷᠤᠯᠲᠠ ᠳᠤ ᠪᠠᠰᠠ ᠨᠠᠩ ᠥᠨᠳᠥᠷ ᠱᠠᠭᠠᠷᠳᠠᠯᠭ᠎ᠠ ᠳᠤᠷᠠᠳᠴᠠᠶ︾ ᠭᠡᠵᠦ ᠣᠲᠤᠭ ᠬᠤᠰᠢᠭᠤᠨ ᠤ ᠶᠦᠨ ᠷᠦᠢ ᠡᠮ ᠤᠨ ᠳᠡᠯᠭᠡᠭᠦᠷ ᠤᠨ ᠬᠠᠷᠢᠭᠤᠴᠠᠯᠭᠠᠲᠠᠨ ᠭᠤᠸᠠᠨ ᠸᠧᠨ ᠰᠢᠶᠠᠩ ᠢᠯᠡᠳᠬᠡᠪᠡ᠃  ᠲᠤᠭ᠎ᠠ ᠪᠠᠷᠢᠮᠲᠠ ᠶᠢᠨ ︽ᠢᠯᠡᠭᠦᠤ ᠭᠦᠶᠦᠬᠦ︾ ᠨᠢ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠠᠷᠠᠳ ᠣᠯᠠᠨ ᠤ ᠡᠪᠡᠳᠴᠢᠨ ᠦᠵᠡᠭᠦᠯᠬᠦ ᠳᠤ ᠨᠠᠩ ᠲᠥᠬᠦᠮ ᠪᠣᠯᠪᠠ  ︽ᠪᠤᠭᠤᠲᠤ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠠᠴᠠ ᠨᠠᠳᠠ ᠳᠤ ᠭᠠᠷᠭᠠᠭᠰᠠᠨ ᠡᠯᠧᠺᠲᠷᠣᠨ ᠵᠣᠷ ᠨᠢ ᠮᠠᠨ ᠤ ᠣᠲᠤᠭ ᠬᠤᠰᠢᠭᠤᠨ ᠤ ︿ᠬᠤᠤᠰ ᠨᠡᠪᠲᠡᠷᠡᠬᠦ ᠵᠠᠮ﹀ ᠤᠨ ᠡᠮ ᠤᠨ ᠳᠡᠯᠭᠡᠭᠦᠷ ᠲᠤ ᠰᠢᠯᠵᠢᠵᠦ᠂ ᠰᠠᠶ᠋ᠢᠬᠠᠨ ᠪᠢ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠣᠳᠣᠯᠲᠠ ᠪᠠᠨ ᠨᠢᠭᠡᠨᠲᠡ ᠪᠡᠶᠡᠯᠡᠭᠦᠯᠵᠦ᠂ ᠦᠨᠡᠬᠡᠷ ᠮᠠᠰᠢ ᠳᠥᠭᠦᠮ ᠪᠠᠶᠢᠨ᠎ᠠ︾ ᠭᠡᠵᠦ ᠰᠠᠭᠤᠭᠠᠯᠢ ᠠᠷᠠᠳ ᠰᠤ᠋ ᠯᠢ ᠹᠠᠩ ᠬᠡᠯᠡᠪᠡ᠃  ᠣᠶᠢᠯᠠᠭᠠᠭᠰᠠᠨ ᠢᠶᠠᠷ᠂ ᠰᠤ᠋ ᠯᠢ ᠹᠠᠩ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠵᠦ᠂ ᠪᠤᠭᠤᠲᠤ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠳᠤ ᠡᠮᠨᠡᠨ ᠵᠠᠰᠠᠬᠤ ᠶᠢᠨ ᠬᠠᠮᠲᠤ ᠡᠯᠧᠺᠲᠷᠣᠨ ᠵᠣᠷ ᠪᠢᠴᠢᠵᠦ ᠥᠭᠭᠦᠭᠰᠡᠨ ᠤ ᠳᠠᠷᠠᠭ᠎ᠠ᠂ ᠣᠲᠤᠭ ᠬᠤᠰᠢᠭᠤᠨ ᠤ ︽ᠬᠤᠤᠰ ᠨᠡᠪᠲᠡᠷᠡᠬᠦ ᠵᠠᠮ︾ ᠤᠨ ᠡᠮ ᠤᠨ ᠳᠡᠯᠭᠡᠭᠦᠷ ᠲᠤ ᠬᠦᠷᠴᠦ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠤᠳᠤᠯᠲᠠ ᠬᠢᠵᠦ᠂ ᠰᠢᠰᠲ᠋ᠧᠮ ᠨᠢ ᠰᠤ᠋ ᠯᠢ ᠹᠠᠩ ᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠰᠢᠷᠪᠢᠬᠦ ᠪᠠᠷ ᠳᠠᠮᠵᠢᠭᠤᠯᠤᠨ ᠪᠤᠭᠤᠲᠤ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠠᠴᠠ ᠲᠡᠭᠦᠨ ᠳᠤ ᠬᠢᠵᠦ ᠥᠭᠭᠦᠭᠰᠡᠨ ᠡᠯᠧᠺᠲᠷᠣᠨ ᠵᠣᠷ ᠤᠨ ᠮᠡᠳᠡᠭᠡ ᠵᠠᠩᠭᠢ ᠶᠢ ᠣᠯᠵᠤ᠂ ︽ᠬᠤᠤᠰ ᠨᠡᠪᠲᠡᠷᠡᠬᠦ ᠵᠠᠮ︾ ᠤᠨ ᠡᠮ ᠤᠨ ᠳᠡᠯᠭᠡᠭᠦᠷ ᠤᠨ ᠡᠮ ᠨᠠᠶᠢᠷᠠᠭᠴᠢ ᠶᠢᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠰᠢᠷᠪᠢᠬᠦ ᠪᠠᠷ ᠳᠠᠮᠵᠢᠭᠤᠯᠤᠨ ᠲᠡᠭᠦᠨ ᠤ ᠡᠯᠧᠺᠲᠷᠣᠨ ᠵᠣᠷ ᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠤ ᠳᠠᠷᠠᠭ᠎ᠠ ᠳᠠᠷᠤᠶ ᠡᠮ ᠡᠮᠨᠡᠯᠭᠡ ᠶᠢᠨ ᠳᠠᠭᠠᠳᠬᠠᠯ ᠤᠨ ᠤᠳᠠᠭᠠᠨ ᠴᠢᠨᠠᠷᠲᠠᠶ ᠡᠪᠡᠳᠴᠢᠨ ᠤ ᠳ᠋ᠦᠩᠨᠡᠨ ᠪᠤᠳᠤᠯᠲᠠ ᠶᠢ ᠪᠡᠶᠡᠯᠡᠭᠦᠯᠵᠦ ᠪᠣᠯᠤᠨ᠎ᠠ᠃  ᠡᠯᠧᠺᠲᠷᠣᠨ ᠵᠣᠷ ᠨᠢ ︽ᠬᠤᠤᠰ ᠨᠡᠪᠲᠡᠷᠡᠬᠦ ᠵᠠᠮ︾ ᠤᠨ ᠡᠮ ᠤᠨ ᠳᠡᠯᠭᠡᠭᠦᠷ ᠲᠤ ᠨᠢᠭᠡᠳᠦᠯᠲᠡᠶ ᠲᠥᠯᠥᠪᠯᠡᠬᠦ ᠣᠷᠣᠨ ᠠᠯᠤᠰᠯᠠᠭᠰᠠᠨ ᠡᠮ ᠡᠮᠨᠡᠯᠭᠡ ᠶᠢᠨ ᠳᠠᠭᠠᠳᠬᠠᠯ ᠢ ᠡᠷᠭᠢᠯᠳᠦᠭᠦᠯᠦᠨ ᠳ᠋ᠦᠩᠨᠡᠨ ᠪᠤᠳᠤᠬᠤ ᠶᠢ ᠪᠡᠶᠡᠯᠡᠭᠦᠯᠦᠭᠰᠡᠨ ᠶᠠᠪᠤᠳᠠᠯ ᠪᠣᠯ ᠣᠲᠤᠭ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠬᠦᠷᠢᠶᠡᠨ ᠳᠠᠬᠢ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠪᠠᠰᠠ ᠨᠢᠭᠡᠨ ᠴᠢᠬᠤᠯᠠ ᠶᠡᠭᠡ ᠰᠢᠪᠲᠤᠯᠤᠯᠲᠠ ᠪᠣᠯᠤᠨ᠎ᠠ᠃  ᠡᠮ ᠡᠮᠨᠡᠯᠭᠡ ᠶᠢᠨ ᠳᠠᠭᠠᠳᠬᠠᠯ ᠤᠨ ᠬᠤᠳᠠᠯᠳᠤᠭ᠎ᠠ ᠡᠵᠡᠩᠨᠡᠬᠦ ᠣᠷᠴᠢᠨ ᠤ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠲᠥᠬᠦᠮ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠣᠲᠤᠭ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ︽ᠲᠠᠪᠤᠨ ᠱᠠᠲᠤ︾ ᠶᠢᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠪᠠᠩᠬᠢ᠂ ᠠᠵᠤ ᠠᠬᠤᠶᠢᠯᠠᠯ ᠲᠠᠢ ᠬᠠᠮᠲᠤᠷᠠᠯᠴᠠᠨ᠂ 37 ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠵᠦᠢᠯᠡᠰ ᠢ ᠥᠪᠡᠷᠲᠡᠭᠡᠨ ᠭᠦᠢᠴᠡᠳᠭᠡᠬᠦ᠂ ᠴᠠᠭ ᠲᠤᠬᠠᠶ ᠳᠤ ᠨᠢ ᠭᠦᠢᠴᠡᠳᠭᠡᠬᠦ᠂ ᠣᠶᠢᠷ᠎ᠠ ᠬᠠᠪᠢ ᠳᠤ ᠨᠢ ᠭᠦᠢᠴᠡᠳᠭᠡᠬᠦ ᠶᠢ ᠪᠡᠶᠡᠯᠡᠭᠦᠯᠪᠡ᠃ ᠡᠭᠦᠨ ᠤ ᠬᠠᠮᠲᠤ ᠡᠯ᠎ᠡ ᠡᠮᠨᠡᠯᠭᠡ ᠶᠢᠨ ᠬᠤᠷᠢᠶᠠᠨ ᠤ ᠰᠦᠯᠵᠢᠶᠡᠨ ᠳᠡᠭᠡᠷᠡᠬᠢ ᠡᠮ ᠡᠮᠨᠡᠯᠭᠡ ᠶᠢᠨ ᠳᠠᠭᠠᠳᠬᠠᠯ ᠤᠨ ᠰᠢᠯᠵᠢᠮᠡᠯ ᠲᠣᠭᠠᠴᠠᠭ᠎ᠠ ᠬᠢᠵᠦ᠂ ᠰᠦᠢᠳᠬᠡᠯ ᠲᠤᠰᠢᠶᠠᠬᠤ ᠴᠣᠩᠬᠤᠪᠴᠢ ᠶᠢ ᠭᠠᠷ ᠤᠲᠠᠰᠤᠨ ᠳᠤ ︽ᠨᠡᠭᠦᠯᠭᠡᠨ ᠣᠷᠤᠭᠤᠯᠵᠤ︾᠂ ᠣᠯᠠᠨ ᠲᠦᠮᠡᠨ ᠢ ᠭᠦᠶᠦᠯᠭᠡᠬᠦ ᠥᠬᠡᠶ᠂ ᠣᠶᠢᠷᠠᠲᠤᠭᠤᠯᠬᠤ ᠥᠬᠡᠶ᠂ ᠳᠠᠷᠤᠶᠢᠬᠠᠨ ᠲᠣᠭᠠᠴᠠᠭ᠎ᠠ ᠬᠢᠯᠭᠡᠨ᠎ᠡ᠃  2023 ᠣᠨ ᠳᠤ᠂ ᠣᠲᠤᠭ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠤᠨ ᠲᠠᠯ᠎ᠠ ᠳᠤ POS ᠦᠵᠦᠭᠦᠷ ᠢ ᠭᠠᠷᠭᠠᠬᠤ ᠶᠢᠨ ᠬᠠᠮᠲᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ 97 ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠲᠤ ᠲᠠᠷᠬᠠᠭᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠪᠠᠶᠢᠴᠠᠭᠠᠨ ᠯᠠᠪᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠲᠣᠰᠬᠤᠨ ᠤ ᠱᠠᠲᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠪᠡᠶᠡᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃  ᠥᠪᠡᠷᠲᠡᠭᠡᠨ ᠦᠢᠯᠡᠴᠢᠯᠡᠬᠦ ᠨᠢ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠳᠦᠭᠦᠮ ᠦᠵᠡᠭᠦᠯᠭᠦ ᠦᠢᠯᠡᠴᠢᠯᠡᠭᠡ ᠶᠢ ᠳᠠᠬᠢᠨ ᠳᠡᠰ ᠳᠡᠪᠰᠢᠭᠦᠯᠪᠡ  ︽ᠡᠨᠡ ᠬᠦ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠡᠷᠡᠭᠦᠯ ᠮᠡᠨᠳᠦ ᠶᠢᠨ ᠥᠷᠲᠡᠭᠡ ᠨᠢ ᠮᠠᠨ ᠤ ᠬᠡᠷ ᠤᠨ ᠣᠶᠢᠷ᠎ᠠ ᠬᠠᠪᠢ ᠳᠤ ᠪᠠᠶᠢᠨ᠎ᠠ᠂ ᠡᠮ ᠡᠮᠨᠡᠯᠭᠡ ᠶᠢᠨ ᠳᠠᠭᠠᠳᠬᠠᠯ ᠢᠶᠠᠷ ᠡᠮ ᠬᠤᠳᠠᠯᠳᠤᠨ ᠠᠪᠴᠤ ᠴᠢᠳᠠᠬᠤ ᠪᠠᠷ ᠪᠠᠷᠠᠬᠤ ᠥᠬᠡᠶ᠂ ᠪᠠᠰᠠ ᠵᠠᠷᠢᠮ ᠬᠤᠯᠪᠣᠭᠳᠠᠯ ᠪᠥᠬᠦᠶ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠵᠦ ᠪᠣᠯᠤᠨ᠎ᠠ︾ ᠭᠡᠵᠦ ᠡᠮ ᠬᠤᠳᠠᠯᠳᠤᠨ ᠠᠪᠬᠤ ᠪᠠᠷ ᠢᠷᠡᠭᠰᠡᠨ ᠶᠢᠨ ᠰᠢᠨ ᠢᠦᠢ ᠬᠡᠯᠡᠪᠡ᠃  ᠶᠢᠨ ᠰᠢᠨ ᠢᠦᠢ ᠶᠢᠨ ᠬᠡᠯᠡᠵᠦ ᠪᠠᠶᠢᠭ᠎ᠠ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠡᠷᠡᠭᠦᠯ ᠮᠡᠨᠳᠦ ᠶᠢᠨ ᠥᠷᠲᠡᠭᠡ ᠪᠣᠯ ᠣᠲᠤᠭ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ 2023 ᠣᠨ ᠤ 3 ᠳ᠋ᠤᠭᠠᠷ ᠰᠠᠷ᠎ᠠ ᠳᠤ ᠪᠠᠶᠢᠭᠤᠯᠤᠭᠰᠠᠨ ᠠᠩᠬᠠᠳᠠᠭᠴᠢ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠡᠷᠡᠭᠦᠯ ᠮᠡᠨᠳᠦ ᠶᠢᠨ ᠥᠷᠲᠡᠭᠡ ᠪᠣᠯᠤᠨ᠎ᠠ᠂ ᠡᠮ ᠡᠮᠨᠡᠯᠭᠡ ᠶᠢᠨ ᠳᠠᠭᠠᠳᠬᠠᠯ ᠤᠨ ᠡᠮ ᠬᠤᠳᠠᠯᠳᠤᠨ ᠠᠪᠬᠤ ᠪᠠ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠬᠤᠶᠠᠷ ᠲᠥᠷᠥᠯ ᠤᠨ ᠴᠢᠳᠠᠮᠵᠢ ᠶᠢ ᠲᠥᠪᠯᠡᠷᠡᠭᠦᠯᠦᠨ᠂ ᠪᠥᠬᠦ ᠤᠯᠤᠰ ᠤᠨ ᠠᠩᠬᠠᠳᠠᠭᠴᠢ ᠡᠮ ᠡᠮᠨᠡᠯᠭᠡ ᠶᠢᠨ ᠳᠠᠭᠠᠳᠬᠠᠯ ᠤᠨ ᠥᠪᠡᠷᠲᠡᠭᠡᠨ ᠦᠢᠯᠡᠴᠢᠯᠡᠬᠦ ᠡᠮ ᠤᠨ ᠬᠤᠷᠭᠤ ᠶᠢ ᠳᠣᠭᠢᠷᠠᠭᠤᠯᠵᠤ᠂ ᠣᠯᠠᠨ ᠲᠦᠮᠡᠨ ᠳᠤ 24 ᠴᠠᠭ ᠤᠨ ᠦᠢᠯᠡᠴᠢᠯᠡᠭᠡ ᠬᠠᠩᠭᠠᠵᠤ᠂ ᠡᠮ ᠬᠡᠷᠡᠭᠯᠡᠬᠦ ᠲᠤᠬᠠᠶ ᠠᠰᠠᠭᠤᠨ ᠯᠠᠪᠯᠠᠬᠤ᠂ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠡᠮ ᠤᠨ ᠵᠣᠷ ᠢᠶᠠᠷ ᠡᠮ ᠬᠤᠳᠠᠯᠳᠤᠨ ᠠᠪᠴᠤ ᠪᠣᠯᠬᠤ ᠪᠠᠷ ᠪᠠᠷᠠᠬᠤ ᠥᠬᠡᠶ᠂ ᠪᠠᠰᠠ ᠬᠥᠮᠦᠨ ᠤ ᠵᠢᠰᠦ ᠪᠠᠷ ᠢᠯᠭᠠᠨ ᠲᠠᠨᠢᠬᠤ ᠪᠠᠷ ᠳᠠᠮᠵᠢᠭᠤᠯᠤᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠰᠢᠷᠪᠢᠵᠦ ᠡᠮ ᠬᠤᠳᠠᠯᠳᠤᠨ ᠠᠪᠴᠤ ᠳ᠋ᠦᠩᠨᠡᠨ ᠪᠤᠳᠤᠬᠤ᠂ ᠤᠳᠠᠭᠠᠨ ᠴᠢᠨᠠᠷᠲᠠᠶ ᠡᠪᠡᠳᠴᠢᠨ ᠤ ᠣᠨᠴᠠ ᠡᠪᠡᠳᠴᠢᠨ ᠤ ᠡᠮᠴᠢᠯᠡᠭᠡᠨ ᠤ ᠳᠠᠭᠠᠳᠬᠠᠯ ᠢ ᠴᠠᠭ ᠲᠤᠬᠠᠶ ᠳᠤ ᠨᠢ ᠳ᠋ᠦᠩᠨᠡᠨ ᠪᠤᠳᠤᠬᠤ ᠵᠡᠷᠭᠡ ᠣᠯᠠᠨ ᠡᠰᠢᠵᠢᠭᠰᠡᠨ ᠬᠤᠯᠢᠮᠠᠭ ᠳ᠋ᠦᠩᠨᠡᠨ ᠪᠣᠳᠤᠯᠲᠠ ᠬᠢᠵᠦ ᠪᠣᠯᠤᠨ᠎ᠠ᠃  ᠲᠤᠰ ᠵᠢᠯ ᠤᠨ 5 ᠳ᠋ᠤᠭᠠᠷ ᠰᠠᠷ᠎ᠠ ᠳᠤ᠂ ᠣᠲᠤᠭ ᠬᠤᠰᠢᠭᠤᠨ ᠤ ᠬᠤᠶᠠᠳᠤᠭᠠᠷ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠡᠷᠡᠭᠦᠯ ᠮᠡᠨᠳᠦ ᠶᠢᠨ ᠥᠷᠲᠡᠭᠡ ᠠᠰᠢᠭᠯᠠᠯᠲᠠ ᠳᠤ ᠣᠷᠣᠪᠠ᠃ ᠣᠳᠣᠬᠠᠨ ᠪᠣᠯᠲᠠᠯ᠎ᠠ᠂ ᠬᠤᠶᠠᠷ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠡᠷᠡᠭᠦᠯ ᠮᠡᠨᠳᠦ ᠶᠢᠨ ᠥᠷᠲᠡᠭᠡ ᠨᠢ 586 ᠬᠥᠮᠦᠨ ᠤᠳᠠᠭ᠎ᠠ ᠡᠮ ᠬᠤᠳᠠᠯᠳᠤᠨ ᠠᠪᠴᠤ ᠳ᠋ᠦᠩᠨᠡᠨ ᠪᠤᠳᠤᠬᠤ ᠶᠢ ᠪᠡᠶᠡᠯᠡᠭᠦᠯᠵᠦ᠂ ᠲᠦᠯᠦᠭᠰᠡᠨ ᠵᠣᠭᠤᠰ ᠤᠨ ᠲᠤᠭ᠎ᠠ 3.75 ᠲᠦᠮᠡᠨ ᠲᠥᠭᠦᠷᠢᠭ ᠪᠠᠶᠢᠵᠤ᠂ ᠡᠭᠦᠨ ᠳᠤ ᠥᠪᠡᠷ ᠤᠨ ᠵᠠᠷᠤᠳᠠᠯ ᠤᠨ ᠵᠠᠷᠤᠴᠠᠭᠤᠯᠤᠭᠰᠠᠨ ᠶᠡᠷᠦᠩᠬᠡᠶ ᠲᠤᠭ᠎ᠠ 2.1 ᠲᠦᠮᠡᠨ ᠲᠥᠭᠦᠷᠢᠭ᠂ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠤᠳᠤᠭᠰᠠᠨ ᠶᠡᠷᠦᠩᠬᠡᠶ ᠲᠤᠭ᠎ᠠ 1.65 ᠲᠦᠮᠡᠨ ᠲᠥᠭᠦᠷᠢᠭ ᠪᠠᠶᠢᠪᠠ᠃  ᠲᠤᠭ᠎ᠠ ᠪᠠᠷᠢᠮᠲᠠ ᠶᠢᠨ ᠵᠠᠳᠠᠯᠤᠯᠲᠠ ᠨᠢ ᠣᠶᠤᠨᠴᠢ ᠡᠮ ᠡᠮᠨᠡᠯᠭᠡ ᠶᠢᠨ ᠳᠠᠭᠠᠳᠬᠠᠯ ᠤᠨ ᠡᠮᠴᠢᠯᠡᠭᠡᠨ ᠤ ᠪᠠᠲᠤᠯᠠᠭ᠎ᠠ ᠶᠢ ᠨᠠᠩ ᠣᠨᠣᠪᠴᠢᠲᠠᠶ ᠪᠣᠯᠭᠠᠪᠠ  ᠡᠨᠡ ᠬᠦ ᠦᠵᠡᠬᠦᠯᠭᠡ ᠶᠢᠨ ᠵᠢᠷᠤᠭ ᠠᠴᠠ ᠮᠠᠨ ᠤ ᠬᠤᠰᠢᠭᠤᠨ ᠤ ᠡᠪᠡᠳᠴᠢᠲᠡᠨ ᠤ ᠬᠠᠮᠤᠭ ᠤᠨ ᠣᠯᠠᠨ ᠤᠷᠤᠰᠬᠠᠯ ᠤᠨ ᠭᠠᠵᠠᠷ ᠨᠢ ᠦᠬᠠᠶ ᠬᠤᠲᠠ ᠪᠠᠶᠢᠵᠤ᠂ ᠣᠷᠤᠰᠬᠠᠯ ᠤᠨ ᠡᠪᠡᠳᠴᠢᠨ ᠤ ᠲᠦᠷᠦᠯ ᠨᠡᠯᠢᠶᠡᠳ ᠥᠨᠳᠥᠷ ᠪᠠᠶᠢᠬᠤ ᠶᠢᠨ ᠡᠵᠡᠯᠡᠬᠦ ᠬᠠᠷᠢᠴᠠᠯ ᠨᠢ ᠲᠦᠷᠭᠡᠨ ᠴᠢᠨᠠᠷᠲᠠᠶ ᠠᠮᠢᠰᠬᠤᠯ ᠤᠨ ᠵᠠᠮ ᠤᠨ ᠬᠠᠯᠳᠠᠪᠤᠷᠢᠯᠠᠯ ᠪᠣᠯᠣᠨ᠎ᠠ ᠁︾ ᠤᠨᠳᠤᠤ ᠭᠠᠵᠠᠷ ᠲᠤ ᠡᠪᠡᠳᠴᠢᠨ ᠦᠵᠡᠬᠦᠯᠬᠦ ᠵᠠᠳᠠᠯᠤᠯᠲᠠ ᠶᠢᠨ ᠵᠢᠷᠤᠭ ᠤᠨ ᠦᠵᠡᠬᠦᠯᠭᠡ ᠶᠢᠨ ᠲᠡᠯᠭᠡᠴᠡ ᠶᠢᠨ ᠡᠮᠦᠨ᠎ᠡ᠂ ᠤᠲᠤᠭ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠤᠪᠴᠢᠶᠠᠨ ᠤ ᠲᠣᠪᠴᠢᠶᠠᠨ ᠳᠡᠳ᠋ ᠳᠠᠷᠤᠭ᠎ᠠ ᠶᠡᠷᠡᠨᠪᠠᠶᠠᠷ ᠤᠶᠢᠷ᠎ᠡ ᠶᠢᠨ ᠬᠤᠭᠤᠴᠠᠭᠠᠨ ᠤ ᠤᠲᠤᠭ ᠬᠤᠰᠢᠭᠤᠨ ᠤ ᠡᠪᠡᠳᠴᠢᠲᠡᠨ ᠭᠠᠳᠠᠭᠰᠢ ᠭᠠᠷᠴᠤ ᠡᠮᠨᠡᠭᠦᠯᠵᠦ ᠪᠠᠶᠢᠭ᠎ᠠ ᠪᠠᠶᠢᠳᠠᠯ ᠢ ᠵᠠᠳᠠᠯᠵᠤ ᠪᠠᠶᠢᠪᠠ᠃  ︽ᠡᠪᠡᠳᠴᠢᠲᠡᠨ ᠤ ᠭᠠᠳᠠᠭᠰᠢ ᠭᠠᠷᠴᠤ ᠡᠮᠨᠡᠭᠦᠯᠦᠭᠰᠡᠨ ᠪᠠᠶᠢᠳᠠᠯ ᠳᠤ ᠵᠠᠳᠠᠯᠤᠯᠲᠠ ᠬᠢᠬᠦ ᠪᠠᠷ ᠳᠡᠮᠵᠢᠨ᠂ ᠡᠪᠡᠳᠴᠢᠲᠡᠨ ᠤ ᠡᠪᠡᠳᠴᠢᠨ ᠤ ᠲᠥᠷᠥᠯ ᠢ ᠲᠣᠳᠣᠷᠬᠠᠶ ᠣᠶᠢᠯᠠᠭᠠᠵᠤ᠂ ᠲᠠᠷᠠᠭᠠᠴᠢ ᠶᠢᠨ ᠠᠯᠬᠤᠮ ᠳᠤ ᠪᠢᠳᠡ ᠪᠠᠰᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠵᠣᠯᠭᠠᠭᠤᠯᠵᠤ᠂ ᠡᠪᠡᠳᠴᠢᠨ ᠡᠮᠭᠡᠭ ᠢ ᠬᠠᠨᠳᠤᠯᠭᠠᠲᠤ ᠴᠢᠨᠠᠷᠲᠠᠶ ᠪᠠᠷ ᠬᠤᠯᠪᠤᠭᠳᠠᠯ ᠪᠥᠬᠦᠶ ᠲᠤᠰᠬᠠᠶ ᠮᠡᠷᠭᠡᠵᠢᠯᠲᠡᠨ ᠢ ᠤᠷᠢᠵᠤ ᠮᠠᠨ ᠤ ᠬᠤᠰᠢᠭᠤᠨ ᠳᠤ ᠰᠠᠭᠤᠯᠭᠠᠨ᠂ ᠣᠯᠠᠨ ᠲᠦᠮᠡᠨ ᠤ ᠭᠠᠳᠠᠭᠰᠢ ᠭᠠᠷᠴᠤ ᠡᠮᠨᠡᠭᠦᠯᠬᠦ ᠠᠴᠠ ᠪᠣᠯᠤᠭᠰᠠᠨ ᠳᠥᠭᠦᠮ ᠦᠭᠡᠢ ᠪᠠᠶᠢᠳᠠᠯ ᠢ ᠪᠠᠭᠠᠰᠬᠠᠵᠤ᠂ ᠥᠷᠭᠡᠨ ᠣᠯᠠᠨ ᠠᠷᠠᠳ ᠲᠦᠮᠡᠨ ᠤ ᠨᠠᠩ ᠴᠢᠨᠠᠷ ᠰᠠᠶᠢᠲᠠᠶ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡᠨ ᠤ ᠬᠡᠷᠡᠭᠴᠡᠭᠡ ᠶᠢ ᠨᠠᠩ ᠰᠠᠶᠢᠨ ᠬᠠᠩᠭᠠᠨ᠎ᠠ︾ ᠭᠡᠵᠦ ᠣᠲᠤᠭ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠲᠣᠪᠴᠢᠶᠠᠨ ᠳᠡᠳ᠋ ᠳᠠᠷᠤᠭ᠎ᠠ ᠶᠡᠷᠡᠨᠪᠠᠶᠠᠷ ᠬᠡᠯᠡᠪᠡ᠃  ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠯᠢ ᠣᠯᠠᠨ ᠠᠷᠭ᠎ᠠ ᠬᠡᠮᠵᠢᠶ᠎ᠡ ᠶᠢᠨ ᠠᠰᠢᠭᠲᠠᠶ ᠰᠦᠪᠡᠭᠴᠢᠯᠡᠯᠲᠡ ᠨᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃  ︽ᠣᠲᠤᠭ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠮ ᠡᠮᠨᠡᠯᠭᠡ ᠶᠢᠨ ᠦᠢᠯᠡᠴᠢᠯᠡᠭᠡ ᠪᠠ ᠡᠮ ᠡᠮᠨᠡᠯᠭᠡ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠳᠠᠬᠢ ᠲᠤᠭ᠎ᠠ ᠪᠠᠷᠢᠮᠲᠠ ᠶᠢᠨ ᠬᠦᠴᠦᠨ ᠵᠦᠢᠯ ᠤᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠲᠤᠭ᠎ᠠ ᠪᠠᠷᠢᠮᠲᠠ ᠶᠢᠨ ᠬᠦᠴᠦᠨ ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠬᠦᠷᠢᠶᠡᠨ ᠳᠠᠬᠢ ᠠᠭᠤᠰᠤᠯᠴᠠᠨ ᠬᠡᠷᠡᠭᠯᠡᠬᠦ ᠶᠢ ᠲᠠᠰᠤᠷᠠᠯᠲᠠ ᠥᠬᠡᠶ ᠥᠷᠭᠡᠳᠬᠡᠵᠦ᠂ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠲᠥᠬᠦᠮ ᠦᠵᠡᠭᠦᠯᠬᠦ ᠬᠡᠮᠵᠢᠶ᠎ᠡ ᠪᠠ ᠪᠡᠶᠡᠴᠢᠯᠡᠨ ᠣᠶᠢᠯᠠᠭᠠᠬᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︾ ᠭᠡᠵᠦ ᠣᠲᠤᠭ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠺᠦᠩ ᠴᠦᠢ ᠵᠢᠶᠦ᠋ᠨ ᠬᠡᠯᠡᠪᠡ᠃ 
 
ᠢᠷᠡᠯᠲᠡ᠄ ᠣᠲᠤᠭ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号