ᠦᠰᠦᠭ ᠪᠢᠴᠢᠭ ᠢᠶᠠᠷ ᠦᠭᠦᠯᠡᠬᠦᠢ᠄ ︽ᠪᠥᠬᠦ ᠣᠷᠣᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/1/22
  ᠨᠢᠭᠡ᠂ ᠲᠤᠭᠤᠷᠪᠢᠭᠰᠠᠨ ᠠᠬᠤᠶ ᠪᠠᠶᠢᠳᠠᠯ ᠪᠠ ᠲᠥᠷᠥ ᠶᠢᠨ ᠪᠣᠳᠣᠯᠭ᠎ᠠ ᠶᠢᠨ ᠦᠨᠳᠦᠰᠦᠯᠡᠯ  ᠪᠥᠬᠦ ᠣᠷᠣᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠵᠤ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ︽ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠤᠯᠪᠤᠭᠳᠠᠯ ᠪᠥᠬᠦᠶ ᠲᠣᠭᠲᠠᠭᠠᠯ ᠢ ᠦᠨᠳᠦᠰᠦᠯᠡᠨ᠂ ︽ᠪᠥᠬᠦ ᠣᠷᠣᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ᠢ ᠲᠣᠭᠲᠠᠭᠠᠪᠠ᠃  ᠬᠤᠶᠠᠷ᠂ ᠭᠤᠣᠯ ᠠᠭᠤᠯᠭ᠎ᠠ  ︵ᠨᠢᠭᠡ︶ ᠲᠤᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠳᠣᠲᠣᠭᠠᠳᠤ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠥᠷᠨᠢᠭᠦᠯᠪᠡᠰᠦ ᠵᠣᠬᠢᠬᠤ ᠠᠵᠢᠯ᠄ ᠨᠢᠭᠡ ᠳᠤ᠂ ᠰᠢᠰᠲ᠋ᠧᠮ ᠢ ᠵᠣᠯᠭᠠᠭᠤᠯᠬᠤ ᠵᠢᠴᠢ ᠲᠤᠭ᠎ᠠ ᠪᠠᠷᠢᠮᠲᠠ ᠶᠢᠨ ᠬᠥᠮᠥᠷᠭᠡ ᠶᠢ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃ ᠬᠤᠶᠠᠷ ᠲᠤ᠂ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠥᠪᠡᠷ ᠤᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠦᠨ᠎ᠡ᠃ ᠭᠤᠷᠪᠠ ᠳᠤ᠂ ᠡᠮ ᠤᠨ ᠵᠦᠢᠯ ᠢ ᠲᠥᠷᠥᠯ ᠬᠤᠪᠢᠶᠠᠨ ᠬᠠᠮᠢᠶᠠᠷᠬᠤ ᠶᠢ ᠥᠷᠨᠢᠭᠦᠯᠦᠨ᠎ᠡ᠃ ᠳᠥᠷᠪᠡ ᠳᠤ᠂ ᠣᠷᠣᠭᠤᠯᠵᠤ ᠪᠣᠷᠣᠯᠠᠭᠤᠯᠤᠭᠰᠠᠨ ᠲᠤᠭ᠎ᠠ ᠪᠠᠷᠢᠮᠲᠠ ᠶᠢ ᠬᠠᠮᠠᠭᠠᠯᠠᠬᠤ ᠶᠢᠨ ᠬᠠᠮᠲᠤ ᠳ᠋ᠦᠩᠨᠡᠨ ᠪᠣᠳᠤᠭᠰᠠᠨ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ ᠶᠢ ᠵᠢᠷᠤᠮᠵᠢᠭᠤᠯᠤᠨ᠎ᠠ᠃  ︵ᠬᠤᠶᠠᠷ︶ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠥᠷᠨᠢᠭᠦᠯᠪᠡᠰᠦ ᠵᠣᠬᠢᠬᠤ ᠠᠵᠢᠯ᠄ ᠨᠢᠭᠡ ᠳᠤ᠂ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠤᠶᠠᠷ ᠲᠤ᠂ ᠵᠣᠷ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠭᠤᠷᠪᠠ ᠳᠤ᠂ ᠬᠤᠪᠢ ᠬᠥᠮᠥᠨ ᠤ ᠲᠠᠩᠰᠠᠨ ᠡᠷᠦᠬᠡ ᠶᠢᠨ ᠬᠡᠷᠡᠭᠯᠡᠯᠲᠡ ᠶᠢᠨ ᠬᠡᠪᠴᠢᠶ᠎ᠡ ᠶᠢ ᠵᠢᠷᠤᠮᠵᠢᠭᠤᠯᠤᠨ᠎ᠠ᠃  ︵ᠭᠤᠷᠪᠠ︶ ᠡᠯ᠎ᠡ ᠠᠶᠢᠮᠠᠭ ᠬᠤᠲᠠ ᠶᠢᠨ ᠪᠣᠳᠠᠲᠠᠶ ᠠᠵᠢᠯ ᠤᠨ ᠱᠠᠭᠠᠷᠳᠠᠯᠭ᠎ᠠ᠄ ᠨᠢᠭᠡ ᠳᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠬᠤ ᠬᠡᠷᠡᠭᠲᠡᠶ᠃ ᠳᠠᠭᠠᠳᠬᠠᠯ ᠳᠤ ᠣᠷᠣᠯᠴᠠᠭᠰᠠᠳ ᠢ ᠬᠤᠳᠠᠯ ᠬᠠᠭᠤᠷᠮᠠᠭ ᠤᠬᠠᠭᠤᠯᠵᠤ ᠬᠥᠲᠥᠯᠥᠨ ᠵᠢᠯᠣᠭᠤᠳᠴᠤ ᠪᠠᠶᠢᠭᠠᠳ ᠲᠣᠭᠲᠠᠭᠠᠯ ᠠᠴᠠ ᠵᠥᠷᠢᠴᠡᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠵᠢᠴᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠲᠣᠭᠲᠠᠮᠠᠯ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢ ᠴᠢᠩᠭ᠎ᠠ ᠰᠢᠢᠳᠪᠦᠷᠢᠯᠡᠨ᠎ᠡ᠃ ᠬᠤᠶᠠᠷ ᠲᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ      ᠬᠡᠷᠡᠭᠲᠡᠢ᠃ ᠤᠬᠠᠭᠤᠯᠭ᠎ᠠ ᠪᠣᠯᠪᠠᠰᠤᠷᠠᠯ ᠥᠷᠨᠢᠭᠦᠯᠵᠦ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠣᠳᠣᠷᠬᠠᠶ ᠡᠵᠡᠮᠰᠢᠬᠦ ᠶᠢ ᠦᠨᠡᠨ ᠬᠦ ᠪᠠᠲᠤᠯᠠᠨ᠎ᠠ᠃ ᠰᠠᠨᠠᠭᠠᠴᠢᠯᠠᠭ᠎ᠠ ᠠᠴᠠ ᠪᠠᠨ ᠤᠬᠠᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号