ᠪᠦᠬᠦ ᠣᠷᠣᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/1/22
ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄  ᠪᠥᠬᠦ ᠣᠷᠣᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠵᠤ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ︽ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠤᠯᠪᠤᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠡᠳᠦᠭᠡ ᠪᠥᠬᠦ ᠣᠷᠣᠨ ᠤ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠡᠭᠦᠳᠡᠨ ᠡᠮᠨᠡᠯᠭᠡ ᠶᠢᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠨ᠎ᠠ  ︵ᠨᠢᠭᠡ︶ ᠰᠢᠰᠲ᠋ᠧᠮ ᠢ ᠵᠤᠯᠭᠠᠭᠤᠯᠬᠤ ᠵᠢᠴᠢ ᠳ᠋ᠠᠶᠢᠲ᠋ᠠ ᠶᠢᠨ ᠬᠦᠮᠦᠷᠭᠡ ᠶᠢᠨ ᠬᠠᠮᠠᠭᠠᠯᠠᠬᠤ ᠠᠵᠢᠯ ᠢ ᠰᠠᠶᠢᠲᠤᠷ ᠬᠢᠨ᠎ᠡ  ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠨᠢ ᠡᠮᠴᠢᠯᠡᠭᠡᠨ ᠤ ᠳᠠᠭᠠᠳᠬᠠᠯ ᠤᠨ ᠬᠡᠯᠡᠯᠴᠡᠭᠡᠷ ᠤᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠮᠡᠳᠡᠭᠡ ᠵᠠᠩᠭᠢ ᠶᠢᠨ ᠰᠢᠰᠲ᠋ᠧᠮ ᠤᠨ ᠮᠡᠷᠭᠡᠵᠢᠯ ᠪᠠ ᠵᠠᠯᠭᠠᠰᠤ ᠶᠢᠨ ᠪᠠᠷᠢᠮᠵᠢᠶ᠎ᠠ ᠲᠠᠢ ᠨᠡᠶᠢᠴᠡᠵᠦ᠂ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ  ᠲᠠᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠂ ᠱᠠᠭᠠᠷᠳᠠᠯᠭ᠎ᠠ ᠶᠣᠰᠣᠭᠠᠷ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠪᠦᠬᠦ ᠬᠥᠮᠦᠰ ᠤᠨ ᠬᠤᠯᠪᠤᠭᠳᠠᠯ ᠪᠦᠬᠦᠢ ᠮᠡᠳᠡᠭᠡ ᠵᠠᠩᠭᠢ ᠶᠢ ᠳᠠᠮᠵᠢᠭᠤᠯᠵᠤ᠂ ᠳᠠᠭᠠᠳᠬᠠᠯ ᠳᠤ ᠣᠷᠣᠯᠴᠠᠭᠰᠠᠳ ᠲᠤ ᠰᠢᠭᠤᠳ ᠰᠦᠯᠵᠢᠶᠡᠵᠢᠭᠦᠯᠦᠨ ᠳ᠋ᠦᠩᠨᠡᠨ ᠪᠤᠳᠤᠬᠤ ᠶᠢ ᠬᠠᠩᠭᠠᠨ᠎ᠠ᠃ ᠲᠣᠠᠠᠳ᠋ᠬᠠᠰᠠᠨ ᠡᠮ ᠡᠮᠨᠡᠯᠬᠡ ᠶᠢᠨ ᠪᠠᠶᠢᠭᠤᠯᠥᠮᠵᠢ ᠶᠢᠨ ᠴᠡᠭ ᠨᠢ ᠡᠮᠴᠢᠯᠡᠭᠡᠨ ᠤ ᠲᠠᠭᠠᠳᠬᠠᠯ ᠤᠨ ᠡᠮ ᠤᠨ ᠵᠦᠢᠯ᠂ ᠣᠨᠣᠰᠢᠯᠠᠨ ᠡᠮᠴᠢᠯᠡᠬᠦ ᠳᠥᠷᠦᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠥᠬᠦᠭᠡᠷᠦᠮᠵᠢ᠂ ᠡᠮᠴᠢᠯᠡᠭᠡᠨ ᠳᠤ ᠭᠡᠷᠡᠭᠯᠡᠬᠦ ᠬᠤᠷᠣᠠᠠᠳᠡᠯ ᠮᠠᠲ᠋ᠧᠷᠢᠶᠡᠯ᠂ ᠡᠪᠡᠳᠴᠢᠨ ᠡᠮᠭᠡᠭ ᠤᠨ ᠳᠥᠷᠦᠯ ᠵᠦᠢᠯ ᠵᠡᠷᠭᠡ ᠰᠠᠭᠤᠷᠢ ᠳ᠋ᠠᠶᠢᠲ᠋ᠠ ᠶᠢᠨ ᠬᠦᠮᠦᠷᠭᠡ ᠶᠢ ᠪᠠᠶᠢᠭᠤᠯᠵᠦ᠂ ᠲᠣᠠᠠᠳᠠᠭᠠᠯ ᠶᠣᠰᠣᠭᠠᠷ ᠣᠯᠥᠰ ᠤᠨ ᠨᠢᠭᠡᠳᠦᠯᠳᠡᠢ ᠡᠮᠴᠢᠯᠡᠭᠡᠨ ᠤ ᠲᠠᠭᠠᠳᠬᠠᠯ ᠤᠨ ᠺᠤᠳ᠋ ᠢ ᠭᠡᠷᠡᠭᠯᠡᠨ᠂ ᠭᠠᠷᠴᠠᠭ ᠢ ᠴᠢᠩᠭ᠎ᠠ ᠬᠠᠷᠢᠴᠠᠭᠤᠯᠬᠤ ᠶᠢᠨ ᠬᠠᠮᠳᠣ ᠴᠠᠭ ᠲᠣᠬᠠᠢ ᠳᠤ ᠨᠢ ᠰᠢᠨᠡᠴᠢᠯᠡᠬᠦ ᠬᠡᠷᠡᠭᠲᠡᠢ᠃  ︵ᠬᠤᠶᠠᠷ︶ ᠳᠣᠲᠤᠭᠠᠳᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠥᠪᠡᠷᠲᠡᠭᠡᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ  ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠳ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠲᠤᠰᠬᠠᠶ ᠪᠠᠶᠢᠭᠤᠯᠤᠮᠵᠢ ᠪᠤᠶᠤ ᠲᠤᠰᠬᠠᠶ ᠬᠥᠮᠦᠨ ᠢᠶᠠᠷ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠵᠦ ᠬᠠᠮᠢᠶᠠᠷᠬᠤ ᠠᠵᠢᠯ ᠢ ᠬᠠᠷᠢᠭᠤᠴᠠᠭᠤᠯᠵᠤ᠂ ᠬᠢᠨᠠᠨ ᠰᠢᠯᠭᠠᠵᠤ ᠦᠨᠡᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠲᠣᠠᠠᠳ᠋ᠬᠠᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠨᠢ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠬᠠᠮᠢᠶᠡᠷᠦᠯᠳᠡ ᠶᠢᠨ ᠬᠤᠯᠪᠤᠭᠳᠠᠯ ᠪᠦᠬᠦᠢ ᠳᠥᠷᠢᠮ᠂ ᠳᠥᠷᠥ ᠶᠢᠨ ᠪᠤᠳᠣᠯᠭ᠎ᠠ ᠶᠢᠨ ᠪᠤᠯᠪᠠᠰᠣᠷᠡᠯ ᠢ ᠵᠤᠬᠢᠶᠡᠨ ᠪᠠᠶᠢᠭᠤᠯᠤᠨ ᠦᠷᠨᠢᠬᠦᠯᠵᠦ᠂ ᠲᠣᠰ ᠨᠢᠭᠡᠴᠢ ᠶᠢᠨ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠭᠡᠷᠡᠭᠯᠡᠵᠦ ᠪᠠᠶᠢᠭ᠎ᠠ ᠪᠠᠶᠢᠳᠠᠯ ᠢ ᠲᠣᠠᠠᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠭᠡᠷᠡᠭᠯᠡᠵᠦ ᠪᠠᠶᠢᠭ᠎ᠠ ᠵᠢᠷᠣᠮᠵᠢᠭᠤᠨ ᠪᠣᠰᠤ ᠦᠢᠯᠡ ᠠᠵᠢᠯᠯᠠᠭ᠎ᠠ ᠶᠢ ᠴᠠᠭ ᠲᠣᠬᠠᠢ ᠳᠤ ᠨᠢ ᠵᠠᠯᠠᠷᠡᠭᠤᠯᠬᠤ ᠭᠡᠷᠡᠭᠳᠡᠢ᠃  ︵ᠭᠤᠷᠪᠠ︶ ᠡᠮ ᠤᠨ ᠵᠦᠢᠯ ᠢ ᠲᠥᠷᠥᠯ ᠬᠤᠪᠢᠶᠠᠨ ᠬᠠᠮᠢᠶᠠᠷᠬᠤ ᠶᠢ ᠥᠷᠨᠢᠭᠦᠯᠦᠨ᠎ᠡ  ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠨᠢ ᠡᠮ ᠤᠨ ᠵᠦᠢᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠡᠮ ᠤᠨ ᠵᠦᠢᠯ ᠢ ᠲᠥᠷᠥᠯ ᠬᠤᠪᠢᠶᠠᠨ ᠣᠷᠣᠨ ᠬᠤᠪᠢᠶᠠᠨ ᠬᠠᠮᠢᠶᠠᠷᠬᠤ ᠶᠢ ᠥᠷᠨᠢᠭᠦᠯᠬᠦ ᠶᠢᠨ ᠬᠠᠮᠲᠤ ᠬᠤᠳᠠᠯᠳᠤᠭᠰᠠᠨ ᠡᠮ ᠤᠨ ᠵᠦᠢᠯ ᠳᠤ ᠡᠮᠴᠢᠯᠡᠭᠡᠨ ᠤ ᠳᠠᠭᠠᠳᠬᠠᠯ ᠤᠨ ᠡᠮ ᠬᠡᠷᠡᠭᠯᠡᠬᠦ ᠲᠣᠳᠣᠷᠬᠠᠶ ᠲᠡᠮᠳᠡᠭ ᠢ ᠪᠠᠶᠢᠭᠤᠯᠬᠤ ᠬᠡᠷᠡᠭᠲᠡᠶ᠃  ︵ᠲᠦᠷᠪᠡ︶ ᠣᠷᠣᠭᠤᠯᠵᠤ ᠪᠣᠷᠣᠯᠠᠭᠤᠯᠤᠭᠰᠠᠨ ᠳ᠋ᠠᠶᠢᠲ᠋ᠠ ᠶᠢ ᠬᠠᠮᠠᠭᠠᠯᠠᠬᠤ ᠶᠢᠨ ᠬᠠᠮᠲᠤ ᠳ᠋ᠦᠩᠨᠡᠨ ᠪᠣᠳᠣᠭᠰᠠᠨ ᠳ᠋ᠠᠶᠢᠲ᠋ᠠ ᠶᠢ ᠳᠡᠭᠡᠭᠰᠢ ᠳᠠᠮᠵᠢᠭᠤᠯᠬᠤ ᠶᠢ ᠵᠢᠷᠤᠮᠵᠢᠭᠤᠯᠤᠨ᠎ᠠ  ᠲᠣᠠᠠᠳ᠋ᠬᠠᠰᠠᠨ ᠡᠮ ᠡᠮᠨᠡᠯᠬᠡ ᠶᠢᠨ ᠪᠠᠶᠢᠭᠤᠯᠥᠮᠵᠢ ᠶᠢᠨ ᠴᠡᠭ ᠨᠢ ᠲᠠᠭᠠᠳᠬᠠᠯ ᠳᠤ ᠣᠷᠣᠯᠴᠬᠠᠰᠠᠳ ᠳ᠋ᠦᠩᠨᠡᠨ ᠪᠤᠳᠣᠬᠤ ᠦᠶ᠎ᠡ ᠳᠤ᠂ ᠲᠠᠭᠠᠳᠬᠠᠯ ᠳᠤ ᠣᠷᠣᠯᠴᠬᠠᠰᠠᠳ ᠤᠨ ᠡᠮ ᠤᠨ ᠵᠦᠢᠯ ᠤᠨ ᠳᠥᠷᠦᠯ ᠵᠦᠢᠯ᠂ ᠪᠡᠷᠢᠮᠵᠢᠶ᠎ᠠ᠂ ᠦᠨ᠎ᠠ ᠬᠠᠩᠰᠢ ᠵᠢᠴᠢ ᠵᠠᠷᠣᠳᠡᠯ ᠤᠨ ᠮᠡᠳᠡᠭᠡ ᠵᠠᠩᠬᠢ ᠶᠢ ᠦᠨᠡᠨ ᠮᠦᠨ ᠢᠶᠠᠷ ᠨᠢ ᠳᠡᠭᠡᠭᠰᠢ ᠲᠠᠮᠵᠢᠭᠤᠯᠬᠤ ᠭᠡᠷᠡᠭᠳᠡᠢ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠪᠠᠭᠠᠵᠢ ᠬᠡᠷᠡᠭᠰᠡᠯ ᠢ ᠬᠤᠳᠠᠯᠳᠤᠨ ᠠᠪᠬᠤ᠂ ᠪᠣᠷᠣᠯᠠᠭᠤᠯᠬᠤ᠂ ᠬᠥᠮᠥᠷᠭᠡᠯᠡᠨ ᠬᠠᠳᠠᠭᠠᠯᠠᠬᠤ ᠵᠡᠷᠭᠡ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠬᠠᠮᠠᠭᠠᠯᠠᠵᠤ᠂ ᠲᠠᠩᠰᠠ ᠪᠠ ᠪᠣᠳᠠᠲᠠᠶ ᠶᠢ ᠬᠠᠷᠢᠯᠴᠠᠨ ᠨᠡᠶᠢᠴᠡᠭᠦᠯᠬᠦ ᠬᠡᠷᠡᠭᠲᠡᠶ᠃  ᠬᠤᠶᠠᠷ᠂ ᠡᠭᠦᠳᠡᠨ ᠡᠮᠨᠡᠯᠭᠡ ᠶᠢᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ  ︵ᠨᠢᠭᠡ︶ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠎ᠠ  ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠵᠢᠴᠢ ᠠᠵᠢᠯᠲᠠᠳ ᠵᠢᠩᠬᠢᠨᠢ ᠨᠡᠷ᠎ᠡ ᠪᠠᠷ ᠡᠪᠡᠳᠴᠢᠨ ᠦᠵᠡᠭᠦᠯᠬᠦ ᠪᠠ ᠡᠮ ᠬᠤᠳᠠᠯᠳᠤᠨ ᠠᠪᠬᠤ ᠬᠠᠮᠢᠶᠠᠷᠤᠯᠲᠠ ᠶᠢᠨ ᠲᠣᠭᠲᠠᠭᠠᠯ ᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠶᠢ ᠬᠢᠨᠠᠨ ᠪᠠᠶᠢᠴᠠᠭᠠᠵᠤ᠂ ᠣᠨᠣᠰᠢᠯᠠᠨ ᠡᠮᠴᠢᠯᠡᠬᠦ ᠵᠢᠷᠤᠮᠵᠢᠯ ᠶᠣᠰᠣᠭᠠᠷ ᠵᠦᠶ ᠵᠣᠬᠢᠰᠲᠠᠶ᠂ ᠴᠢᠬᠤᠯᠠ ᠪᠦᠬᠦᠢ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠬᠡᠷᠡᠭᠲᠡᠶ᠂ ᠳᠠᠭᠠᠳᠬᠠᠯ ᠳᠤ ᠣᠷᠣᠯᠴᠠᠭᠰᠠᠳ ᠲᠤ ᠵᠠᠷᠤᠳᠠᠯ ᠤᠨ ᠪᠠᠷᠢᠮᠲᠠ ᠪᠣᠯᠤᠨ ᠬᠤᠯᠪᠤᠭᠳᠠᠯ ᠪᠦᠬᠦᠢ ᠮᠠᠲ᠋ᠧᠷᠢᠶᠠᠯ ᠢ ᠦᠨᠡᠨ ᠪᠣᠳᠠᠲᠠᠶ ᠪᠠᠷ ᠪᠢᠴᠢᠵᠦ ᠥᠭᠬᠦ ᠬᠡᠷᠡᠭᠲᠡᠶ᠂ ᠡᠮᠨᠡᠯᠭᠡ ᠳᠤ ᠰᠠᠭᠤᠭᠰᠠᠨ᠂ ᠣᠷᠣ ᠳᠠᠩᠰᠠᠯᠠᠵᠤ ᠡᠮᠨᠡᠯᠭᠡ ᠳᠤ ᠰᠠᠭᠤᠭᠰᠠᠨ ᠢ ᠵᠠᠳᠠᠯᠵᠤ ᠪᠣᠯᠬᠤ ᠦᠭᠡᠶ᠃ ᠣᠨᠣᠰᠢᠯᠠᠨ ᠡᠮᠴᠢᠯᠡᠬᠦ ᠵᠢᠷᠤᠮᠵᠢᠯ ᠢ ᠵᠥᠷᠢᠴᠡᠨ ᠬᠡᠲᠦᠷᠡᠲᠡᠯ᠎ᠡ ᠣᠨᠣᠰᠢᠯᠠᠨ ᠡᠮᠴᠢᠯᠡᠬᠦ᠂ ᠬᠡᠲᠦᠷᠡᠲᠡᠯ᠎ᠡ ᠪᠠᠶᠢᠴᠠᠭᠠᠬᠤ᠂ ᠵᠣᠷ ᠢ ᠵᠠᠳᠠᠯᠬᠤ᠂ ᠬᠡᠮᠵᠢᠶᠡᠨ ᠠᠴᠠ ᠬᠡᠲᠦᠷᠡᠭᠦᠯᠦᠨ ᠡᠮ ᠥᠭᠬᠦ ᠂ ᠳᠠᠬᠢᠨ ᠳᠠᠪᠲᠠᠨ ᠡᠮ ᠥᠭᠴᠦ ᠪᠣᠯᠬᠤ      ᠦᠭᠡᠢ᠃ ᠳᠠᠬᠢᠨ ᠳᠠᠪᠲᠠᠨ ᠰᠦᠢᠳᠬᠡᠯ ᠬᠤᠷᠢᠶᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠬᠤ᠂ ᠲᠥᠷᠥᠯ ᠵᠦᠢᠯ ᠢ ᠵᠠᠳᠠᠯᠤᠭᠠᠳ ᠰᠦᠢᠳᠬᠡᠯ ᠬᠤᠷᠢᠶᠠᠵᠤ ᠪᠣᠯᠬᠤ ᠦᠭᠡᠶ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠣᠨᠣᠰᠢᠯᠠᠨ ᠡᠮᠴᠢᠯᠡᠬᠦ ᠲᠥᠷᠥᠯ ᠵᠦᠢᠯ ᠪᠣᠯᠤᠨ ᠦᠢᠯᠡᠴᠢᠯᠡᠭᠡᠨ ᠤ ᠲᠥᠬᠦᠭᠡᠷᠦᠮᠵᠢ ᠪᠠᠨ ᠰᠣᠯᠢᠵᠤ ᠪᠣᠯᠬᠤ ᠦᠭᠡᠶ᠃ ᠪᠤᠰᠤᠳ ᠢ ᠦᠳᠦᠭᠡᠬᠦ᠂ ᠬᠠᠮᠵᠢᠵᠤ ᠪᠠᠶᠢᠭᠠᠳ ᠬᠦᠮᠦᠨ ᠤ ᠨᠡᠷ᠎ᠡ ᠪᠠᠷ ᠡᠮᠴᠢᠯᠡᠭᠦᠯᠬᠦ᠂ ᠬᠠᠭᠤᠷᠮᠠᠭ ᠢᠶᠠᠷ ᠡᠮᠴᠢᠯᠡᠭᠦᠯᠬᠦ᠂ ᠡᠮ ᠬᠤᠳᠠᠯᠳᠤᠨ ᠠᠪᠤᠭᠤᠯᠵᠤ ᠪᠣᠯᠬᠤ ᠦᠭᠡᠶ᠃  ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠨᠢ ᠳᠠᠭᠠᠳᠬᠠᠯ ᠳᠤ ᠣᠷᠣᠯᠴᠠᠭᠰᠠᠳ ᠲᠤ ᠡᠮ ᠤᠨ ᠵᠦᠢᠯ ᠤᠨ ᠠᠰᠠᠭᠤᠨ ᠯᠠᠪᠯᠠᠯᠭ᠎ᠠ᠂ ᠡᠮ ᠬᠡᠷᠡᠭᠯᠡᠬᠦ ᠠᠮᠤᠷ ᠲᠦᠪᠰᠢᠨ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠢ ᠪᠣᠷᠤᠯᠠᠭᠤᠯᠬᠤ᠂ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠳ᠋ᠦᠩᠨᠡᠨ ᠪᠣᠳᠣᠬᠤ ᠵᠡᠷᠭᠡ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠦᠢ ᠵᠣᠬᠢᠰᠲᠠᠶ ᠬᠡᠷᠡᠭᠯᠡᠬᠦ ᠬᠡᠷᠡᠭᠲᠡᠶ᠃  ︵ᠬᠤᠶᠠᠷ︶ ᠵᠣᠷ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ  ᠲᠤᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠨᠢ ︽ᠵᠣᠷ ᠤᠨ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠡᠮ ᠬᠠᠩᠭᠠᠬᠤ ᠬᠡᠷᠡᠭᠲᠡᠶ᠃ ᠳᠠᠭᠠᠳᠬᠠᠯ ᠳᠤ ᠣᠷᠣᠯᠴᠠᠭᠰᠠᠳ ᠵᠣᠷ ᠤᠨ ᠪᠤᠰᠤ ᠡᠮ ᠤᠨ ᠵᠦᠢᠯ ᠢ ᠬᠤᠳᠠᠯᠳᠤᠨ ᠠᠪᠬᠤ ᠳᠤ᠂ ᠵᠣᠷ ᠬᠠᠩᠭᠠᠬᠤ ᠴᠢᠬᠤᠯᠠ ᠦᠭᠡᠶ᠃ ᠳᠠᠭᠠᠳᠬᠠᠯ ᠳᠤ ᠣᠷᠤᠯᠴᠠᠭᠰᠠᠳ ᠭᠠᠳᠠᠷ ᠣᠷᠣᠨ ᠳᠤ ᠨᠠᠶᠢᠷᠠᠭᠤᠯᠤᠭᠰᠠᠨ ᠡᠮ ︵ᠡᠯᠧᠺᠲᠷᠣᠨ ᠵᠣᠷ ᠢ ᠪᠠᠭᠲᠠᠭᠠᠨ᠎ᠠ︶ ᠢᠶᠠᠷ ᠢᠶᠠᠨ ᠡᠮ ᠬᠤᠳᠠᠯᠳᠤᠨ ᠠᠪᠬᠤ ᠳᠤ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠨᠢ ᠡᠮ ᠤᠨ ᠵᠣᠷ ᠢ ᠬᠡᠷᠡᠭᠯᠡᠭᠰᠡᠨ ᠬᠥᠮᠦᠨ ᠨᠢ ᠳᠠᠭᠠᠳᠬᠠᠯ ᠳᠤ ᠣᠷᠣᠯᠴᠠᠭᠰᠠᠳ ᠤᠨ ᠪᠡᠶ᠎ᠡ ᠶᠢᠨ ᠬᠢᠷᠢ ᠭᠡᠮ ᠲᠠᠢ ᠨᠢᠭᠡᠳᠦᠯᠲᠡᠶ ᠪᠠᠶᠢᠬᠤ ᠡᠰᠡᠬᠦ ᠶᠢ ᠰᠢᠯᠭᠠᠨ ᠪᠠᠶᠢᠴᠠᠭᠠᠬᠤ ᠬᠡᠷᠡᠭᠲᠡᠶ᠃ ᠭᠠᠳᠠᠨ᠎ᠠ ᠨᠠᠶᠢᠷᠠᠭᠤᠯᠤᠭᠰᠠᠨ ᠵᠣᠷ ᠢ ᠡᠷᠬᠡᠪᠰᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ ᠤᠨ ᠡᠮᠴᠢ ᠭᠠᠷᠭᠠᠵᠤ᠂ ᠡᠮᠴᠢ ᠠᠴᠠ ᠭᠠᠷ ᠤᠨ ᠦᠰᠦᠭ ᠵᠢᠷᠤᠵᠤ ᠲᠠᠮᠠᠭ᠎ᠠ ᠳᠠᠷᠤᠬᠤ ᠬᠡᠷᠡᠭᠲᠡᠶ᠃ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠨᠢ ᠠᠯᠤᠰ ᠠᠴᠠ ᠬᠢᠨᠠᠬᠤ ᠲᠠᠯ᠎ᠠ ᠶᠢᠨ ᠰᠢᠰᠲ᠋ᠧᠮ ᠢ ᠬᠡᠷᠡᠭᠯᠡᠨ ᠵᠣᠷ ᠪᠢᠴᠢᠵᠦ ᠥᠭᠭᠦᠭᠰᠡᠨ ᠪᠠᠶᠢᠪᠠᠯ᠂ ᠴᠠᠭ ᠨᠢ ᠡᠮ ᠤᠨ ᠵᠦᠢᠯ ᠢ ᠳ᠋ᠦᠩᠨᠡᠨ ᠪᠣᠳᠣᠬᠤ ᠠᠴᠠ ᠡᠮᠦᠨ᠎ᠡ ᠪᠠᠶᠢᠵᠤ᠂ ᠳ᠋ᠦᠩᠨᠡᠨ ᠪᠣᠳᠣᠭᠰᠠᠨ ᠰᠡᠭᠦᠯᠴᠢ ᠶᠢᠨ ᠬᠤᠭᠤᠴᠠᠭᠠᠨ ᠤ ᠨᠥᠬᠦᠪᠥᠷᠢᠯᠡᠬᠦ ᠲᠠᠯ᠎ᠠ ᠶᠢ ᠵᠣᠷ ᠦᠭᠡᠶ ᠪᠠᠷ ᠦᠵᠡᠨ᠎ᠡ᠃ ᠭᠠᠳᠠᠨ᠎ᠠ ᠨᠠᠶᠢᠷᠠᠭᠤᠯᠤᠭᠰᠠᠨ ᠵᠣᠷ᠂ ᠡᠮ ᠬᠤᠳᠠᠯᠳᠤᠨ ᠠᠪᠤᠭᠰᠠᠨ ᠲᠣᠳᠣᠷᠬᠠᠶ ᠬᠠᠭᠤᠳᠠᠰᠤ ᠵᠡᠷᠭᠡ ᠮᠠᠲ᠋ᠧᠷᠢᠶᠠᠯ ᠢ 2 ᠵᠢᠯ ᠬᠠᠳᠠᠭᠠᠯᠠᠬᠤ ᠬᠡᠷᠡᠭᠲᠡᠶ᠃  ᠣᠨᠴᠠᠭᠠᠶ ᠪᠠᠶᠢᠳᠠᠯ ᠳᠣᠤᠷ᠎ᠠ ᠪᠤᠰᠤᠳ ᠲᠤ ᠡᠮ ᠤᠨ ᠵᠦᠢᠯ ᠢ ᠣᠷᠣᠯᠠᠨ ᠬᠤᠳᠠᠯᠳᠤᠨ ᠠᠪᠴᠤ ᠥᠭᠭᠦᠭᠰᠡᠨ ᠪᠠᠶᠢᠪᠠᠯ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠨᠢ ᠣᠷᠣᠯᠠᠨ ᠬᠤᠳᠠᠯᠳᠤᠨ ᠠᠪᠤᠭᠰᠠᠨ ᠬᠥᠮᠦᠨ ᠪᠠ ᠳᠠᠭᠠᠳᠬᠠᠯ ᠳᠤ ᠣᠷᠣᠯᠴᠠᠭᠰᠠᠳ ᠤᠨ ᠪᠡᠶ᠎ᠡ ᠶᠢᠨ ᠦᠨᠡᠮᠯᠡᠯ ᠤᠨ ᠨᠣᠮᠧᠷ᠂ ᠡᠮ ᠤᠨ ᠵᠦᠢᠯ ᠢ ᠣᠷᠣᠯᠠᠨ ᠬᠤᠳᠠᠯᠳᠤᠨ ᠠᠪᠤᠭᠰᠠᠨ ᠰᠢᠯᠲᠠᠭᠠᠨ ᠵᠡᠷᠭᠡ ᠪᠠᠶᠢᠳᠠᠯ ᠢ ᠰᠠᠶᠢᠲᠤᠷ ᠲᠡᠮᠳᠡᠭᠯᠡᠵᠦ᠂ ᠡᠮ ᠤᠨ ᠵᠦᠢᠯ ᠢ ᠣᠷᠣᠯᠠᠨ ᠬᠤᠳᠠᠯᠳᠤᠨ ᠠᠪᠤᠭᠰᠠᠨ ᠬᠥᠮᠦᠨ ᠭᠠᠷ ᠤᠨ ᠥᠰᠥᠭ ᠵᠢᠷᠤᠵᠤ ᠨᠤᠲᠠᠯᠠᠭᠰᠠᠨ ᠤ ᠳᠠᠷᠠᠭ᠎ᠠ ᠦᠯᠡᠳᠡᠭᠡᠨ ᠬᠠᠳᠠᠭᠠᠯᠠᠵᠤ᠂ ᠬᠢᠨᠠᠨ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃  ︵ᠭᠤᠷᠪᠠ︶ ᠬᠤᠪᠢ ᠬᠥᠮᠦᠨ ᠤ ᠳᠠᠩᠰᠠᠨ ᠡᠷᠦᠬᠡ ᠶᠢ ᠬᠡᠷᠡᠭᠯᠡᠬᠦ ᠬᠡᠪᠴᠢᠶ᠎ᠡ ᠶᠢ ᠵᠢᠷᠤᠮᠵᠢᠭᠤᠯᠤᠨ᠎ᠠ  ᠬᠤᠪᠢ ᠬᠥᠮᠦᠨ ᠤ ᠳᠠᠩᠰᠠᠨ ᠡᠷᠦᠬᠡ ᠶᠢ ᠭᠤᠤᠯᠳᠠᠭᠤ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ ᠪᠤᠶᠤ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠲᠤ ᠭᠠᠷᠤᠭᠰᠠᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠥᠪᠡᠷᠲᠡᠭᠡᠨ ᠲᠦᠯᠦᠬᠦ ᠰᠦᠢᠳᠬᠡᠯ ᠢ ᠲᠦᠯᠦᠬᠦ ᠬᠡᠷᠡᠭᠲᠡᠶ᠃ ᠳᠠᠭᠠᠳᠬᠠᠯ ᠳᠤ ᠣᠷᠣᠯᠴᠠᠭᠰᠠᠳ ᠲᠤᠰ ᠬᠥᠮᠦᠨ ᠵᠢᠴᠢ ᠬᠠᠨᠢ ᠨᠥᠬᠦᠷ᠂ ᠡᠴᠢᠭᠡ ᠡᠬᠡ᠂ ᠦᠷ᠎ᠡ ᠬᠡᠤᠬᠡᠳ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠡᠭ ᠲᠤ ᠡᠪᠡᠳᠴᠢᠨ ᠦᠵᠡᠭᠦᠯᠬᠦ ᠳᠤ ᠭᠠᠷᠤᠭᠰᠠᠨ ᠬᠤᠪᠢ ᠬᠥᠮᠦᠨ ᠡᠭᠦᠷᠭᠡᠯᠡᠬᠦ ᠡᠮᠴᠢᠯᠡᠭᠡᠨ ᠤ ᠵᠠᠷᠤᠳᠠᠯ᠂ ᠵᠢᠴᠢ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠴᠡᠭ ᠠᠴᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠳᠤ ᠡᠭᠦᠰᠦᠭᠰᠡᠨ ᠬᠤᠪᠢ ᠬᠥᠮᠦᠨ ᠤ ᠡᠭᠦᠷᠭᠡᠯᠡᠬᠦ ᠵᠠᠷᠤᠳᠠᠯ ᠢ ᠳᠥᠯᠥᠬᠦ ᠳᠤ ᠬᠡᠷᠡᠭᠯᠡᠵᠦ ᠪᠣᠯᠤᠨ᠎ᠠ᠃ ᠪᠠᠰᠠ ᠬᠠᠨᠢ ᠨᠥᠬᠦᠷ᠂ ᠡᠴᠢᠭᠡ ᠡᠬᠡ᠂ ᠦᠷ᠎ᠡ ᠬᠡᠤᠬᠡᠳ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ᠂ ᠠᠵᠢᠯᠲᠠᠨ ᠠᠵᠢᠯᠴᠢᠨ ᠤ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠨᠥᠬᠦᠪᠥᠷᠢ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠵᠡᠷᠭᠡ ᠳᠤ ᠬᠡᠷᠡᠭᠯᠡᠵᠦ       ᠪᠣᠯᠤᠨ᠎ᠠ᠃  ᠬᠤᠪᠢ ᠬᠥᠮᠦᠨ ᠤ ᠳᠠᠩᠰᠠᠨ ᠡᠷᠦᠬᠡ ᠶᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠷᠤᠳᠠᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠪᠤᠶᠤ ᠪᠡᠶ᠎ᠡ ᠰᠤᠪᠢᠯᠠᠬᠤ ᠡᠷᠡᠭᠦᠯᠵᠢᠯ ᠵᠡᠷᠭᠡ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠦᠯᠦ ᠬᠠᠷᠢᠶᠠᠯᠠᠭᠳᠠᠬᠤ ᠵᠠᠷᠤᠯᠭ᠎ᠠ ᠳᠤ ᠬᠡᠷᠡᠭᠯᠡᠵᠦ ᠪᠣᠯᠬᠤ ᠦᠭᠡᠶ᠃  ᠭᠤᠷᠪᠠ᠂ ᠠᠵᠢᠯ ᠤᠨ ᠱᠠᠭᠠᠷᠳᠠᠯᠭ᠎ᠠ  ︵ᠨᠢᠭᠡ︶ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ  ᠡᠯ᠎ᠡ ᠠᠶᠢᠮᠠᠭ ᠬᠤᠲᠠ ᠨᠢ ᠡᠭᠦᠳᠡᠨ ᠡᠮᠨᠡᠯᠭᠡ ᠶᠢ ᠨᠢᠭᠡᠳᠦᠯᠲᠡᠶ ᠲᠥᠯᠥᠪᠯᠡᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠲᠣᠭᠲᠠᠭᠠᠯ ᠶᠣᠰᠣᠭᠠᠷ ᠲᠤᠬᠠᠶ ᠶᠢᠨ ᠭᠠᠵᠠᠷ ᠲᠤ ᠨᠢ ᠪᠠᠶᠢᠴᠠᠭᠠᠬᠤ᠂ ᠣᠶᠤᠨᠴᠢ ᠪᠠᠷ ᠬᠢᠨᠠᠨ ᠡᠵᠡᠮᠳᠡᠬᠦ᠂ ᠲᠣᠮᠣ ᠳ᠋ᠠᠶᠢᠲ᠋ᠠ ᠶᠢ ᠵᠠᠳᠠᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠤᠨ ᠬᠡᠯᠡᠯᠴᠡᠭᠡᠷ ᠢ ᠭᠦᠢᠴᠡᠳᠬᠡᠬᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ᠂ ᠡᠮ ᠡᠮᠨᠡᠯᠭᠡ ᠶᠢᠨ ᠦᠢᠯᠡᠴᠢᠯᠡᠭᠡᠨ ᠤ ᠦᠢᠯᠡ ᠠᠵᠢᠯᠯᠠᠭ᠎ᠠ ᠵᠡᠷᠭᠡ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ᠃ ᠳᠠᠭᠠᠳᠬᠠᠯ ᠳᠤ ᠣᠷᠣᠯᠴᠠᠭᠰᠠᠳ ᠢ ᠬᠤᠳᠠᠯ ᠬᠠᠭᠤᠷᠮᠠᠭ ᠤᠬᠠᠭᠤᠯᠭ᠎ᠠ ᠪᠠᠷ ᠥᠳᠦᠭᠡᠵᠦ ᠪᠠᠶᠢᠭᠠᠳ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠵᠢᠴᠢ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠴᠡᠭ ᠢ ᠲᠣᠭᠲᠠᠭᠠᠯ ᠠᠴᠠ ᠵᠥᠷᠢᠴᠡᠨ ᠬᠡᠷᠡᠭᠯᠡᠭᠦᠯᠵᠦ᠂ ᠪᠠᠶᠢᠴᠠᠭᠠᠨ ᠲᠤᠳᠤᠯᠠᠮᠠᠭᠴᠠ ᠴᠢᠩᠭ᠎ᠠ ᠰᠢᠢᠳᠪᠦᠷᠢᠯᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃  ︵ᠬᠤᠶᠠᠷ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ  ᠡᠯ᠎ᠠ ᠠᠶᠢᠮᠠᠭ ᠬᠤᠲᠠᠳ ᠲᠣᠠᠠᠳ᠋ᠬᠠᠰᠠᠨ ᠡᠮ ᠡᠮᠨᠡᠯᠬᠡ ᠶᠢᠨ ᠪᠠᠢᠭᠤᠯᠥᠮᠵᠢ ᠶᠢᠨ ᠴᠡᠭ ᠤᠨ ᠡᠮᠴᠢᠯᠡᠭᠡᠨ ᠤ ᠪᠠᠳᠣᠯᠠᠭ᠎ᠠ ᠶᠢᠨ ᠳᠥᠷᠥ ᠶᠢᠨ ᠪᠤᠳᠣᠯᠭ᠎ᠠ᠂ ᠬᠠᠮᠢᠶᠡᠷᠦᠯᠳᠡ ᠶᠢᠨ ᠳᠥᠷᠢᠮ᠂ ᠲᠣᠭᠠᠴᠠᠭ᠎ᠠ ᠬᠢᠬᠦ ᠳᠥᠷᠥ ᠶᠢᠨ ᠪᠤᠳᠣᠯᠭ᠎ᠠ᠂ ᠠᠵᠢᠯᠯᠠᠭᠠᠨ ᠤ ᠶᠠᠪᠤᠴᠠ ᠶᠢᠨ ᠤᠬᠠᠭᠤᠯᠭ᠎ᠠ ᠪᠤᠯᠪᠠᠰᠣᠷᠡᠯ ᠢ ᠰᠠᠶᠢᠲᠤᠷ ᠬᠢᠵᠦ᠂ ᠡᠮᠴᠢᠯᠡᠭᠡᠨ ᠤ ᠪᠠᠳᠣᠯᠠᠭ᠎ᠠ ᠶᠢᠨ ᠯᠠᠪᠯᠠᠯᠭ᠎ᠠ᠂ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠬᠠᠩᠭᠠᠵᠦ᠂ ᠲᠣᠠᠠᠳ᠋ᠬᠠᠰᠠᠨ ᠡᠮ ᠡᠮᠨᠡᠯᠬᠡ ᠶᠢᠨ ᠪᠠᠶᠢᠭᠤᠯᠤᠮᠵᠢ ᠶᠢᠨ ᠴᠡᠭ ᠤᠨ ᠠᠵᠢᠯᠳᠡᠨ ᠤ ᠡᠮᠴᠢᠯᠡᠭᠡᠨ ᠤ ᠲᠠᠭᠠᠳᠬᠠᠯ ᠤᠨ ᠳᠥᠷᠥ ᠶᠢᠨ ᠪᠤᠳᠣᠯᠭ᠎ᠠ ᠶᠢ ᠲᠣᠳᠣᠷᠬᠠᠢ ᠡᠵᠡᠮᠰᠢᠬᠦ ᠶᠢ ᠦᠨᠡᠨ ᠬᠦ ᠪᠠᠳᠣᠯᠠᠬᠤ ᠶᠢᠨ ᠬᠠᠮᠳᠣ ᠰᠠᠨᠠᠭᠠᠴᠢᠯᠠᠭ᠎ᠠ ᠠᠴᠠ ᠪᠠᠨ ᠤᠬᠠᠭᠤᠯᠭ᠎ᠠ ᠶᠢ ᠰᠠᠶᠢᠲᠤᠷ ᠬᠢᠵᠦ᠂ ᠡᠮᠴᠢᠯᠡᠭᠡᠨ ᠤ ᠲᠠᠭᠠᠳᠬᠠᠯ ᠤᠨ ᠰᠠᠭᠤᠷᠢ ᠮᠦᠡᠭᠬᠦ ᠶᠢᠨ ᠠᠮᠥᠷ ᠳᠥᠪᠰᠢᠨ ᠢ ᠬᠠᠮᠠᠭᠠᠯᠬᠠᠥ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠤᠢ ᠪᠤᠯᠭᠠᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号