ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠲᠠᠭᠠᠳᠬᠠᠯ ᠤᠨ ᠬᠤᠪᠢ ᠭᠦᠮᠦᠨ ᠤ ᠰᠦᠢᠳᠬᠡᠯ ᠲᠤᠰᠢᠶᠠᠬᠤ ᠵᠦᠢᠯᠡᠰ ᠤᠨ ᠲᠣᠳᠣᠷᠬᠠᠶᠢᠯᠠᠯ
ᠨᠡᠶᠢᠲᠡᠯᠡᠭᠰᠡᠨ ᠴᠠᠭ᠄
2024/1/29
  1. ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠮᠥᠩᠭᠦ ᠶᠢ ᠶᠠᠭᠠᠬᠢᠵᠤ ᠬᠤᠷᠢᠶᠠᠭᠰᠠᠨ ᠪᠣᠢ︖  ᠮᠠᠨ ᠤ ᠤᠯᠤᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠪᠣᠯ ᠡᠳ᠋ ᠤᠨ ᠵᠠᠰᠠᠭ ᠤᠨ ᠨᠥᠬᠦᠪᠥᠷᠢ ᠪᠠ ᠬᠤᠪᠢ ᠬᠥᠮᠦᠨ ᠤ ᠰᠦᠢᠳᠭᠡᠯ ᠲᠤᠰᠢᠶᠠᠬᠤ ᠶᠢ ᠤᠶᠠᠯᠳᠤᠭᠤᠯᠬᠤ ᠵᠠᠭᠪᠤᠷ ᠢ ᠬᠡᠷᠡᠭᠯᠡᠨ᠎ᠡ᠂ ᠵᠢᠱᠢᠶᠡᠯᠡᠪᠡᠯ 2023 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ 1020 ᠲᠥᠭᠦᠷᠢᠭ ᠲᠤ ᠬᠦᠷᠦᠨ᠎ᠡ᠂ ᠡᠭᠦᠨ ᠳᠤ ᠬᠤᠪᠢ ᠬᠥᠮᠦᠨ 380 ᠲᠥᠭᠦᠷᠢᠭ ᠲᠤᠰᠢᠶᠠᠬᠤ ᠪᠦᠷᠢ᠂ ᠵᠠᠰᠠᠭ ᠤᠨ ᠣᠷᠳᠣᠨ ᠳᠠᠷᠤᠶ 640 ᠲᠥᠭᠦᠷᠢᠭ ᠤᠨ ᠨᠥᠬᠦᠪᠥᠷᠢ ᠥᠭᠭᠦᠨ᠎ᠡ᠂ ᠮᠠᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠵᠠᠰᠠᠭ ᠤᠨ ᠣᠷᠳᠣᠨ ᠤ ᠨᠥᠬᠦᠪᠥᠷᠢ ᠮᠥᠩᠭᠦ ᠶᠡᠭᠡ ᠲᠠᠯ᠎ᠠ ᠶᠢ ᠡᠵᠡᠯᠡᠵᠦ ᠪᠠᠶᠢᠨ᠎ᠠ᠃ ᠤᠨᠴᠠ ᠬᠦᠴᠢᠷᠳᠡᠯᠳᠡᠢ ᠡᠷᠦᠬᠡ ᠶᠢᠨ ᠵᠠᠰᠠᠭ ᠤᠨ ᠤᠷᠳᠤᠨ ᠪᠦᠬᠦ ᠲᠤᠭ᠎ᠠ ᠪᠠᠷ ᠵᠤᠭᠤᠰ ᠳᠤᠰᠢᠶᠠᠵᠤ᠂ ᠬᠤᠪᠢ ᠬᠦᠮᠦᠨ ᠤ ᠳᠤᠰᠢᠶᠠᠬᠤ ᠰᠦᠢᠳᠬᠡᠯ ᠢ ᠬᠡᠯᠳᠦᠷᠢᠭᠦᠯᠦᠨ᠎ᠡ᠃ ᠮᠠᠨ ᠤ ᠠᠷᠠᠳ ᠣᠯᠠᠨ ᠤ ᠠᠩᠬᠠᠷᠴᠤ ᠪᠠᠶᠢᠭ᠎ᠠ ︽ᠬᠤᠪᠢ ᠬᠥᠮᠦᠨ ᠤ ᠲᠤᠰᠢᠶᠠᠭᠰᠠᠨ ᠵᠣᠭᠤᠰ ᠶᠠᠭᠤᠨ ᠳᠤ ᠵᠢᠯ ᠪᠦᠷᠢ ᠴᠥᠮ ᠥᠰᠴᠦ ᠪᠤᠢ︾ ᠭᠡᠰᠡᠨ ᠳᠤ ᠭᠤᠤᠯ ᠰᠢᠯᠲᠠᠭᠠᠨ ᠨᠢ ᠮᠠᠨ ᠤ ᠠᠷᠠᠳ ᠣᠯᠠᠨ ᠤ ᠠᠮᠢᠳᠤᠷᠠᠯ ᠰᠠᠶᠢᠵᠢᠷᠠᠭᠰᠠᠨ ᠠᠴᠠ ᠪᠣᠯᠵᠤ᠂ ᠨᠠᠰᠤ ᠠᠬᠢᠭᠰᠠᠨ ᠬᠥᠮᠦᠨ ᠤᠯᠠᠮ ᠠᠴᠠ ᠤᠯᠠᠮ ᠣᠯᠠᠰᠢᠷᠠᠵᠤ᠂ ᠨᠠᠶᠠ ᠶᠡᠷᠡᠨ ᠨᠠᠰᠤ ᠲᠠᠢ ᠬᠥᠮᠦᠰ ᠭᠠᠵᠠᠷ ᠰᠠᠢ ᠦᠭᠡᠢ ᠬᠠᠷᠠᠭᠳᠠᠨ᠎ᠠ᠂ ᠳᠤᠮᠳᠠᠴᠢ ᠠᠮᠢ ᠨᠠᠰᠤ ᠴᠤ ᠤᠷᠳᠤ᠂ ᠤᠳᠠᠭᠠᠨ ᠴᠢᠨᠠᠷᠲᠠᠢ ᠡᠪᠡᠳᠴᠢᠨ ᠴᠦ ᠨᠠᠰᠤᠨ ᠤ ᠨᠡᠮᠡᠭᠳᠡᠬᠦ ᠶᠢ ᠳᠠᠭᠠᠯᠳᠤᠨ ᠠᠷᠪᠢᠨ ᠪᠣᠯᠵᠤ᠂ ᠲᠠᠩᠰᠠ ᠲᠠᠶᠢᠯᠬᠤ ᠬᠡᠪᠴᠢᠶ᠎ᠡ ᠪᠠ ᠬᠠᠷᠢᠴᠠᠯ ᠴᠦ ᠥᠷᠭᠡᠳᠴᠦ ᠳᠡᠭᠡᠭᠰᠢᠯᠡᠵᠡᠢ᠂ ᠤᠤᠯ ᠨᠢ ᠮᠡᠳᠡᠭᠦᠯᠵᠦ ᠳᠡᠶᠢᠯᠬᠦ ᠦᠭᠡᠢ ᠪᠠᠶᠢᠭᠰᠠᠨ ᠨᠢ ᠮᠡᠳᠡᠭᠦᠯᠵᠦ ᠳᠡᠶᠢᠯᠬᠦ ᠪᠤᠯᠵᠠᠢ᠃ ︽ᠤᠰᠤ ᠦᠰᠪᠡᠯ ᠣᠩᠭᠤᠴᠠ ᠳᠡᠭᠡᠭᠰᠢᠯᠡᠬᠦ︾ ᠬᠤᠪᠢ ᠬᠥᠮᠦᠨ ᠵᠣᠬᠢᠬᠤ ᠬᠡᠮᠵᠢᠶ᠎ᠡ ᠪᠠᠷ ᠵᠣᠭᠤᠰ ᠢᠯᠡᠭᠦᠦ ᠠᠪᠬᠤ ᠨᠢ ᠪᠠᠰᠠ ᠵᠦᠢ ᠶᠣᠰᠣᠨ ᠳᠤ ᠨᠡᠶᠢᠴᠡᠬᠦ ᠶᠤᠮ᠃  2. ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠮᠥᠩᠭᠦ ᠵᠠᠷᠤᠭᠰᠠᠨ ᠤᠤ︖  ᠵᠢᠯ ᠪᠦᠷᠢ ᠨᠡᠮᠡᠭᠳᠡᠭᠰᠡᠨ ᠵᠣᠭᠤᠰ ᠢ ᠴᠥᠮ ᠮᠠᠨ ᠤ ᠠᠷᠠᠳ ᠲᠦᠮᠡᠨ ᠪᠡᠶ᠎ᠡ ᠳᠡᠭᠡᠨ ᠬᠡᠷᠡᠭᠯᠡᠵᠡᠢ᠃  ᠨᠢᠭᠡ ᠳᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠪᠠᠲᠤᠯᠠᠬᠤ ᠬᠡᠪᠴᠢᠶ᠎ᠡ ᠶᠢ ᠥᠷᠭᠡᠳᠬᠡᠨ᠎ᠡ᠃ ᠳᠠᠷᠤᠢ ᠳᠠᠩᠰᠠ ᠲᠠᠶᠢᠯᠵᠤ ᠪᠣᠯᠬᠤ ᠡᠮ ᠤᠨ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠥᠷᠥᠯ ᠵᠦᠢᠯ ᠵᠡᠷᠭᠡ ᠶᠢ ᠨᠡᠮᠡᠭᠳᠡᠭᠦᠯᠬᠦ ᠶᠠᠪᠤᠳᠠᠯ ᠪᠣᠯᠤᠨ᠎ᠠ᠃ ᠵᠢᠯ ᠪᠦᠷᠢ ᠶᠢᠨ ᠡᠮᠴᠢᠯᠡᠭᠡᠨ ᠤ ᠳᠠᠭᠠᠳᠬᠠᠯ ᠨᠢ ᠴᠥᠮ ᠠᠷᠠᠳ ᠣᠯᠠᠨ ᠤ ᠬᠡᠷᠡᠭᠰᠡᠬᠦ ᠰᠢᠨ᠎ᠡ ᠡᠮ ᠤᠨ ᠵᠦᠢᠯᠡᠰ᠂ ᠰᠢᠨ᠎ᠡ ᠮᠡᠷᠭᠡᠵᠢᠯ᠂ ᠰᠢᠨ᠎ᠡ ᠬᠤᠷᠣᠭᠳᠠᠯ ᠮᠠᠲ᠋ᠧᠷᠢᠶᠠᠯ ᠢ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠵᠤ᠂ ᠮᠠᠰᠢ ᠣᠯᠠᠨ ᠦᠨ᠎ᠡ ᠬᠠᠩᠰᠢ ᠨᠢ ᠥᠨᠳᠥᠷ ᠰᠢᠨ᠎ᠡ ᠶᠢ ᠡᠭᠦᠳᠦᠭᠰᠡᠨ ᠡᠮ ᠪᠠ ᠬᠤᠪᠣᠷ ᠲᠣᠬᠢᠶᠠᠯᠳᠤᠬᠤ ᠡᠪᠡᠳᠴᠢᠨ ᠤ ᠡᠮ ᠨᠢ ᠴᠥᠮ ᠲᠠᠩᠰᠠ ᠲᠠᠶᠢᠯᠬᠤ ᠪᠣᠯᠤᠨ᠎ᠠ᠃ ᠥᠩᠭᠡᠷᠡᠭᠰᠡᠨ ᠤ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠳᠣᠲᠣᠷᠠᠬᠢ ᠡᠮ ᠲᠠᠩ ᠭᠠᠭᠴᠠ 300 ᠵᠦᠢᠯ ᠪᠠᠶᠢᠵᠤ᠂ 2023 ᠣᠨ ᠳᠤ ᠨᠢᠭᠡᠨᠲᠡ 2967 ᠵᠦᠢᠯ ᠪᠣᠯᠪᠠ᠃ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ 14114 ᠳᠤ ᠬᠦᠷᠴᠠᠢ᠃ 2023 ᠣᠨ ᠳᠤ ᠨᠡᠩ 334 ᠵᠦᠢᠯ ᠤᠨ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠳᠤ ᠲᠤᠰᠠᠭᠠᠷ ᠲᠣᠭᠠᠴᠠᠭ᠎ᠠ ᠬᠢᠬᠦ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠡᠳᠡᠭᠡᠷ ᠨᠢ ᠮᠠᠨ ᠤ ᠠᠷᠠᠳ ᠣᠯᠠᠨ ᠤ ᠡᠮᠴᠢᠯᠡᠭᠡᠨ ᠤ ᠵᠠᠷᠤᠳᠠᠯ ᠢ ᠪᠠᠭᠤᠷᠠᠭᠤᠯᠵᠠᠶ᠃  ᠬᠤᠶᠠᠷ ᠲᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠬᠠᠷᠠᠭᠠᠯᠵᠠᠯ ᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠳᠦᠷᠢᠮ ᠪᠠᠶᠢᠭᠤᠯᠤᠭᠳᠠᠭᠰᠠᠨ ᠡᠬᠢᠨ ᠤ ᠦᠶ᠎ᠡ ᠳᠤ ᠮᠠᠨ ᠤ ᠠᠷᠠᠳ ᠲᠦᠮᠡᠨ ᠦᠨᠳᠦᠰᠦᠨ ᠳᠡᠭᠡᠨ 100 ᠲᠦᠭᠦᠷᠢᠭ ᠵᠠᠷᠤᠴᠠᠭᠤᠯᠤᠨ 35 ᠲᠦᠭᠦᠷᠢᠭ ᠤᠨ ᠳᠠᠩᠰᠠ ᠲᠠᠶᠢᠯᠵᠤ ᠳᠡᠶᠢᠯᠬᠦ ᠪᠣᠯᠵᠠᠶ᠃ ᠥᠩᠭᠡᠷᠡᠭᠰᠡᠨ ᠳᠤ ᠵᠥᠪᠬᠡᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠨᠢ ᠳᠠᠩᠰᠠᠨ ᠠᠴᠠ ᠲᠠᠶᠢᠯᠵᠤ ᠳᠡᠶᠢᠯᠦᠨ᠎ᠡ᠂ ᠣᠳᠣ ᠡᠮ ᠬᠤᠳᠠᠯᠳᠤᠨ ᠠᠪᠬᠤ᠂ ᠳ᠋ᠤᠭᠠᠷᠯᠠᠬᠤ᠂ ᠡᠭᠦᠳᠡᠨ ᠡᠮᠨᠡᠯᠭᠡ ᠳᠤ ᠪᠠᠰᠠ ᠳᠠᠩᠰᠠ ᠲᠠᠶᠢᠯᠵᠤ ᠳᠡᠶᠢᠯᠦᠨ᠎ᠡ᠂ ᠰᠢᠬᠢᠷ ᠰᠢᠵᠢᠩ ᠡᠪᠡᠳᠴᠢᠨ ᠪᠠ ᠴᠢᠰᠤᠨ ᠳᠠᠷᠤᠯᠲᠠ ᠥᠨᠳᠥᠷ ︽ᠬᠤᠶᠠᠷ ᠡᠪᠡᠳᠴᠢᠨ︾ ᠪᠠᠶᠢᠭ᠎ᠠ ᠡᠪᠡᠳᠴᠢᠲᠡᠨ ᠨᠡᠩ ᠬᠢᠮᠳᠠ ᠡᠮ ᠪᠠ ᠳᠠᠩᠰᠠ ᠲᠠᠶᠢᠯᠵᠤ ᠪᠣᠯᠣᠨ᠎ᠠ᠃ ᠮᠠᠨ ᠤ ᠠᠮᠢᠳᠤᠷᠠᠯ ᠬᠦᠴᠢᠷᠲᠡᠶ ᠣᠨᠴᠠ ᠬᠦᠴᠢᠷᠳᠡᠯᠲᠡᠶ ᠡᠷᠦᠬᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠴᠤ ᠵᠠᠰᠠᠭ ᠤᠨ ᠣᠷᠳᠣᠨ ᠤ ᠬᠠᠪᠰᠤᠷᠤᠯᠭ᠎ᠠ ᠳᠣᠣᠷ᠎ᠠ ᠳᠠᠭᠠᠳᠬᠠᠯ ᠳᠤ ᠣᠷᠣᠯᠴᠠᠨ ᠲᠤᠰᠠᠯᠠᠮᠵᠢ ᠦᠵᠡᠭᠦᠯᠵᠦ᠂ ᠡᠪᠡᠳᠴᠢᠨ ᠦᠵᠡᠭᠦᠯᠬᠦ ᠳᠤ ᠠᠪᠤᠷᠠᠨ ᠲᠤᠰᠠᠯᠠᠯᠲᠠ ᠲᠠᠢ ᠪᠣᠯᠵᠠᠶ᠃  ᠭᠤᠷᠪᠠ ᠳᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠣᠨᠳᠣᠤ ᠭᠠᠵᠠᠷ ᠲᠤ ᠡᠮᠨᠡᠭᠦᠯᠬᠦ ᠶᠢᠨ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃ ᠤᠤᠯ ᠨᠢ ᠮᠠᠨ ᠤ ᠠᠷᠠᠳ ᠲᠦᠮᠡᠨ ᠡᠪᠡᠳᠴᠢᠨ ᠦᠵᠡᠭᠦᠯᠬᠦ ᠳᠡᠭᠡᠨ ᠭᠠᠳᠠᠨ᠎ᠠ ᠣᠷᠣᠨ ᠳᠤ ᠣᠴᠢᠵᠤ ᠴᠢᠳᠠᠬᠤ ᠦᠭᠡᠢ᠂ ᠨᠢᠭᠡ ᠳᠤ᠂ ᠵᠣᠭᠤᠰ ᠢᠯᠡᠭᠦᠦ ᠵᠠᠷᠤᠬᠤ ᠠᠴᠠ ᠠᠶᠤᠨ᠎ᠠ᠂ ᠬᠤᠶᠠᠷ ᠲᠤ᠂ ᠳᠠᠩᠰᠠ ᠲᠠᠶᠢᠯᠬᠤ ᠠᠷᠭ᠎ᠠ ᠦᠭᠡᠢ ᠪᠣᠯᠬᠤ ᠠᠴᠠ ᠠᠶᠤᠨ᠎ᠠ᠃ ᠣᠳᠣ ᠪᠦᠬᠦ ᠤᠯᠤᠰ ᠲᠤ ᠨᠢᠭᠡ ᠯᠡ ᠥᠷᠲᠡᠭᠡᠲᠦ ᠬᠡᠯᠪᠡᠷᠢ ᠶᠢᠨ ᠳ᠋ᠦᠩᠨᠡᠨ ᠪᠣᠳᠣᠯᠲᠠ ᠬᠢᠵᠦ᠂ ᠮᠠᠨ ᠤ ᠠᠷᠠᠳ ᠲᠦᠮᠡᠨ ᠡᠪᠡᠳᠴᠢᠨ ᠦᠵᠡᠭᠦᠯᠬᠦ ᠳᠤ ᠬᠤᠯᠠ ᠡᠭᠦᠳᠡ ᠭᠠᠷᠬᠤ ᠠᠴᠠ ᠠᠶᠤᠬᠤ ᠦᠭᠡᠢ ᠪᠣᠯᠵᠠᠢ᠂ ᠥᠪᠥᠷ ᠮᠣᠩᠭᠤᠯ ᠤᠨ ᠶᠠᠮᠠᠷᠪᠠ ᠨᠢᠭᠡᠨ ᠲᠣᠭᠲᠠᠭᠰᠠᠨ ᠡᠮᠨᠡᠯᠭᠡ ᠶᠢᠨ ᠬᠤᠷᠢᠶ᠎ᠠ ᠡᠪᠡᠳᠴᠢᠨ ᠦᠵᠡᠵᠦ ᠡᠮᠨᠡᠯᠭᠡ ᠠᠴᠠ ᠭᠠᠷᠤᠭᠰᠠᠨ ᠲᠤᠬᠠᠢ ᠶᠢᠨ ᠡᠳᠦᠷ ᠡᠮᠴᠢᠯᠡᠭᠡᠨ ᠤ ᠳᠠᠭᠠᠳᠬᠠᠯ ᠨᠢ ᠰᠢᠭᠤᠳ ᠳᠠᠩᠰᠠᠨ ᠠᠴᠠ ᠲᠠᠶᠢᠯᠵᠤ᠂ ᠭᠠᠳᠠᠷ ᠮᠣᠵᠢ ᠶᠢᠨ ᠲᠣᠭᠲᠠᠭᠰᠠᠨ ᠡᠮᠨᠡᠯᠭᠡ ᠶᠢᠨ ᠬᠤᠷᠢᠶ᠎ᠠ ᠡᠮᠨᠡᠯᠭᠡ ᠳᠤ ᠰᠠᠭᠤᠬᠤ ᠦᠶ᠎ᠡ ᠳᠤ ᠵᠥᠪᠬᠡᠨ ᠭᠠᠷ ᠤᠲᠠᠰᠤ ᠪᠠᠷ ᠪᠠᠭ᠎ᠠ ᠯᠠ ᠳᠠᠩᠰᠠᠨ ᠠᠴᠠ ᠭᠠᠷᠭᠠᠵᠤ᠂ ᠡᠮᠨᠡᠯᠭᠡ ᠠᠴᠠ ᠭᠠᠷᠬᠤ ᠦᠶ᠎ᠡ ᠳᠤ ᠡᠮᠴᠢᠯᠡᠭᠡᠨ ᠤ ᠳᠠᠭᠠᠳᠬᠠᠯ ᠨᠢ ᠪᠠᠰᠠ ᠰᠢᠭᠤᠳ ᠳᠠᠩᠰᠠ ᠲᠠᠶᠢᠯᠵᠤ︔ ᠦᠩᠭᠡᠷᠡᠭᠰᠡᠨ ᠳᠤ ᠠᠳᠠᠯᠢ ᠨᠢᠭᠡ ᠤᠭᠤᠲᠠ ᠭᠠᠷᠭᠠᠵᠤ᠂ ᠡᠯ᠎ᠡ ᠵᠦᠢᠯ ᠤᠨ ᠫᠢᠶᠣᠣ ᠪᠠᠷᠢᠮᠲᠠ ᠬᠢᠵᠦ ᠭᠦᠶᠦᠯᠳᠦᠵᠦ ᠪᠠᠶᠢᠵᠠᠢ᠃  3. ᠵᠠᠯᠠᠭᠤᠴᠤᠳ ᠳᠠᠭᠠᠳᠬᠠᠯ ᠤᠨ ᠵᠠᠷᠤᠳᠠᠯ ᠢᠶᠠᠨ ᠨᠡᠩ ᠢᠯᠡᠭᠦᠦ ᠲᠤᠰᠢᠶᠠᠬᠤ ᠬᠡᠷᠡᠭᠲᠡᠢ︕  ᠬᠥᠮᠦᠨ ᠲᠠᠪᠤᠨ ᠲᠠᠷᠢᠶᠠᠨ ᠤ ᠬᠤᠯᠢᠮᠠᠭ ᠠᠮᠤ ᠶᠢ ᠢᠳᠡᠪᠡᠯ ᠬᠡᠨ ᠴᠦ ᠡᠪᠡᠳᠴᠢᠨ ᠣᠯᠬᠤ ᠦᠭᠡᠢ ᠪᠠᠶᠢᠬᠤ ᠶᠢ ᠪᠠᠲᠤᠯᠠᠵᠤ ᠴᠢᠳᠠᠬᠤ ᠦᠭᠡᠢ᠃ ᠢᠯᠠᠩᠭᠤᠶ᠎ᠠ ᠮᠠᠨ ᠤ ᠵᠠᠯᠠᠭᠤᠴᠤᠳ ᠪᠣᠯ ᠨᠡᠩ ᠴᠤ ᠭᠡᠷ ᠤᠨ ᠲᠦᠰᠢᠭ ᠲᠤᠯᠭᠠᠭᠤᠷᠢ᠂ ᠡᠪᠡᠳᠴᠢᠨ ᠳᠤ ᠨᠡᠷᠪᠡᠭᠳᠡᠭᠡᠳ ᠪᠦᠬᠦ ᠭᠡᠷ ᠢᠶᠠᠷ ᠢᠶᠠᠨ ᠰᠠᠨᠠᠭ᠎ᠠ ᠵᠣᠪᠠᠵᠤ᠂ ᠡᠮᠴᠢᠯᠡᠭᠡᠨ ᠤ ᠳᠠᠭᠠᠳᠬᠠᠯ ᠲᠠᠢ ᠪᠤᠯᠤᠭᠰᠠᠨ ᠠᠴᠠ ᠨᠠᠭᠠᠰᠢ ᠬᠤᠲᠠ ᠬᠥᠳᠡᠭᠡ ᠶᠢᠨ ᠡᠳᠡᠭᠡᠷ ᠠᠰᠠᠭᠤᠳᠠᠯ ᠢ ᠰᠢᠢᠳᠪᠦᠷᠢᠯᠡᠵᠡᠢ᠃ ᠬᠥᠬᠡᠬᠤᠲᠠ ᠳᠤ ᠰᠠᠭᠤᠵᠤ ᠪᠠᠶᠢᠭ᠎ᠠ ᠸᠠᠩ ᠣᠪᠣᠭᠲᠤ ᠥᠪᠡᠷ ᠢ ᠪᠠᠨ ᠵᠠᠯᠠᠭᠤ ᠬᠦᠴᠦ ᠳᠣᠷᠪᠢᠲᠠᠢ ᠭᠡᠵᠦ ᠪᠣᠳᠣᠪᠠ᠂ ᠡᠪᠡᠳᠴᠢᠯᠡᠬᠦ ᠦᠭᠡᠢ᠂ ᠪᠤᠰᠤᠳ ᠬᠥᠮᠦᠨ ᠬᠡᠷᠬᠢᠨ ᠡᠶᠢᠮᠦ ᠪᠠᠭ᠎ᠠ ᠡᠮᠴᠢᠯᠡᠭᠡᠨ ᠤ ᠳᠠᠭᠠᠳᠭᠠᠯ ᠤᠨ ᠵᠣᠭᠤᠰ ᠢ ᠲᠤᠰᠢᠶᠠᠬᠤ ᠳᠤᠷ᠎ᠠ ᠦᠭᠡᠢ ᠪᠣᠢ︖ ᠵᠣᠯ ᠪᠤᠰᠤ ᠪᠠᠷ ᠡᠮᠦᠨ᠎ᠡ ᠬᠡᠳᠦᠨ ᠵᠢᠯ ᠨᠢᠭᠡ ᠤᠳᠠᠭ᠎ᠠ ᠬᠦᠨᠳᠦ ᠡᠪᠡᠳᠴᠢᠯᠡᠭᠡᠳ 10 ᠭᠠᠷᠤᠢ ᠲᠦᠮᠡᠨ ᠲᠥᠭᠦᠷᠢᠭ ᠵᠠᠷᠤᠴᠠᠭᠤᠯᠵᠠᠢ᠃ ᠶᠡᠷᠦ ᠨᠢ ᠬᠡᠳᠦᠨ ᠯᠣᠩᠬᠤ ᠠᠷᠢᠬᠢ ᠪᠠᠭ᠎ᠠ ᠤᠤᠭᠤᠬᠤ ᠤᠴᠢᠷ ᠲᠡᠳᠦᠢ       ᠶᠤᠮ᠂ ᠦᠷ᠎ᠡ ᠳ᠋ᠦᠩ ᠳᠤ ᠪᠦᠬᠦ ᠭᠡᠷ ᠤᠨ ᠠᠮᠢᠳᠤᠷᠠᠯ ᠢ ᠬᠦᠴᠢᠷᠳᠡᠯ ᠳᠤ ᠣᠷᠣᠭᠤᠯᠵᠠᠢ᠂ ᠡᠭᠦᠨ ᠠᠴᠠ ᠡᠬᠢᠯᠡᠨ ᠲᠡᠭᠦᠨ ᠤ ᠦᠵᠡᠬᠦ ᠪᠠᠷ ᠵᠢᠯ ᠤᠨ ᠡᠴᠦᠰ ᠠᠴᠠ ᠵᠢᠯ ᠤᠨ ᠡᠬᠢᠨ ᠤ ᠠᠩᠬᠠᠨ ᠤ ᠶᠡᠭᠡ ᠶᠠᠪᠤᠳᠠᠯ ᠪᠣᠯ ᠳᠠᠷᠤᠶ ᠡᠮᠴᠢᠯᠡᠭᠡᠨ ᠤ ᠳᠠᠭᠠᠳᠬᠠᠯ ᠲᠤᠰᠢᠶᠠᠬᠤ ᠶᠠᠪᠤᠳᠠᠯ ᠪᠣᠯᠤᠨ᠎ᠠ᠂ ᠪᠠᠰᠠ ᠬᠤᠯᠠ ᠣᠶᠢᠷ᠎ᠠ ᠳᠤ ᠠᠯᠳᠠᠷᠰᠢᠭᠰᠠᠨ ᠡᠮᠴᠢᠯᠡᠭᠡᠨ ᠤ ᠳᠠᠭᠠᠳᠬᠠᠯ ᠤᠨ ᠠᠯᠪᠠᠨ ᠵᠢᠷᠤᠮ ᠤᠨ ᠤᠬᠠᠭᠤᠯᠤᠭᠴᠢ ᠪᠣᠯᠵᠤ᠂  ᠬᠡᠳᠦᠨ ᠭᠡᠷ ᠪᠦᠯᠢ ᠲᠡᠭᠦᠨ ᠤ ᠦᠭᠡ ᠶᠢ ᠰᠣᠨᠣᠰᠤᠭᠠᠳ ᠪᠦᠬᠦ ᠭᠡᠷ ᠢᠶᠠᠷ ᠢᠶᠠᠨ ᠳᠠᠭᠠᠳᠬᠠᠯ ᠳᠤ ᠣᠷᠤᠵᠤ᠂ ᠡᠪᠡᠳᠴᠢᠨ ᠦᠵᠡᠭᠦᠯᠵᠦ ᠭᠡᠷ ᠤᠨ ᠬᠥᠮᠥᠰ ᠢᠶᠠᠨ ᠬᠦᠨᠳᠦ ᠳᠠᠷᠤᠭᠠᠰᠤ ᠲᠠᠢ ᠪᠣᠯᠭᠠᠬᠤ ᠠᠴᠠ ᠵᠠᠶᠢᠯᠠᠰᠬᠢᠪᠠ︕ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号