2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ︽ᠤᠯᠤᠰ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ | ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2023 ᠣᠨ︶︾ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ | ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠢᠨ᠎ᠡ ᠬᠡᠪᠯᠡᠯ ᠤᠨ ᠡᠮ ᠤᠨ ᠵᠦᠢᠯ ᠤᠨ ᠭᠠᠷᠴᠠᠭ ᠲᠤ | ᠨᠡᠶᠢᠲᠡ 3088 ᠵᠦᠢᠯ ᠤᠨ ᠡᠸᠦᠷᠦᠫᠡ ᠡᠮ ᠪᠠ ᠬᠢᠲᠠᠳ ᠡᠮ ᠪᠠᠶᠢᠵᠤ᠂ ᠡᠭᠦᠨ ᠳᠤ ᠡᠸᠦᠷᠦᠫᠡ ᠡᠮ 1698 | ᠵᠦᠢᠯ᠂ ᠬᠢᠲᠠᠳ ᠪᠡᠯᠡᠨ ᠡᠮ 1390 ᠵᠦᠢᠯ᠂ ᠬᠢᠲᠠᠳ ᠡᠮ ᠤᠨ ᠴᠢᠨᠠᠬᠤ ᠡᠮ 892 ᠵᠦᠢᠯ ᠪᠣᠢ᠃ ᠤᠤᠯ ᠤᠨ | ᠭᠠᠷᠴᠠᠭ ᠲᠠᠢ ᠬᠠᠷᠢᠴᠠᠭᠤᠯᠪᠠᠯ᠂ ᠲᠣᠰ ᠤᠳᠠᠭ᠎ᠠ ᠨᠡᠶᠢᠲᠡ 126 ᠰᠢᠨ᠎ᠡ ᠡᠮ ᠤᠨ ᠵᠦᠢᠯ ᠢ ᠭᠠᠷᠴᠠᠭ ᠲᠤ | ᠣᠷᠣᠭᠤᠯᠵᠤ᠂ 1 ᠡᠮ ᠤᠨ ᠵᠦᠢᠯ ᠢ ᠰᠢᠯᠵᠢᠭᠦᠯᠦᠨ ᠭᠠᠷᠭᠠᠪᠠ᠃ ᠰᠢᠨ᠎ᠡ ᠪᠠᠷ ᠨᠡᠮᠡᠭᠳᠡᠭᠰᠡᠨ ᠡᠮ ᠤᠨ ᠳᠣᠲᠣᠷ᠎ᠠ᠂ | ᠬᠤᠣᠷᠲᠤ ᠬᠠᠪᠤᠳᠠᠷ ᠲᠤ ᠬᠡᠷᠡᠭᠯᠡᠬᠦ ᠡᠮ 21 ᠵᠦᠢᠯ᠂ ᠺᠣᠷᠣᠨᠠ᠂ ᠬᠠᠯᠳᠠᠪᠤᠷᠢᠯᠠᠯ ᠢ ᠡᠰᠡᠷᠭᠦᠴᠡᠬᠦ ᠡᠮ 17 ᠵᠦᠢᠯ᠂ | ᠰᠢᠬᠢᠷ ᠰᠢᠵᠢᠩ ᠡᠪᠡᠳᠴᠢᠨ᠂ ᠰᠣᠯᠢᠶ᠎ᠠ ᠡᠪᠡᠳᠴᠢᠨ᠂ ᠬᠡᠷᠦᠬᠦ ᠡᠪᠡᠳᠴᠢᠨ ᠵᠡᠷᠭᠡ ᠤᠳᠠᠭᠠᠨ ᠴᠢᠨᠠᠷᠲᠠᠢ | ᠡᠪᠡᠳᠴᠢᠨ ᠳᠤ ᠬᠡᠷᠡᠭᠯᠡᠬᠦ ᠡᠮ 15 ᠵᠦᠢᠯ ᠪᠠᠶᠢᠵᠤ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ 15 | ᠵᠦᠢᠯ ︵ᠡᠭᠦᠨ ᠳᠤ ᠠᠹᠠᠲ᠋ᠢᠨᠢ ᠬᠠᠪᠲᠠᠭᠠᠢ ᠦᠷᠢᠯ ᠨᠢ ᠠᠳᠠᠯᠢ ᠪᠤᠰᠤ ᠬᠤᠣᠷᠲᠤ ᠬᠠᠪᠤᠳᠠᠷ ᠲᠤ ᠬᠡᠷᠡᠭᠯᠡᠬᠦ ᠡᠮ | ᠪᠣᠯᠤᠨ᠎ᠠ︶᠂ ᠪᠤᠰᠤᠳ ᠬᠦᠷᠢᠶᠡᠨ ᠳᠤ ᠬᠡᠷᠡᠭᠯᠡᠬᠦ ᠡᠮ 59 ᠵᠦᠢᠯ ᠪᠣᠢ᠃ | ᠤᠯᠤᠰ ᠤᠨ ︽2023 ᠣᠨ ᠤ ᠡᠮ ᠤᠨ ᠵᠦᠢᠯ ᠤᠨ ᠭᠠᠷᠴᠠᠭ︾ ᠢ ᠪᠦᠬᠦᠨ ᠢ ᠮᠠᠨ ᠤ ᠣᠷᠣᠨ ᠤ | ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ | ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠡᠨᠡ ᠬᠦ ᠰᠠᠭᠤᠷᠢᠨ | ᠳᠡᠭᠡᠷ᠎ᠡ᠂ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠬᠡᠷᠡᠭᠯᠡᠬᠦ ᠡᠮ ᠤᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ᠶᠢᠨ ᠶᠣᠰᠣᠭᠠᠷ᠂ ᠮᠠᠨ ᠤ ᠣᠷᠣᠨ ᠪᠠᠰᠠ 117 ᠮᠣᠩᠭᠤᠯ ᠡᠮ ᠤᠨ ᠲᠥᠷᠥᠯ ᠵᠦᠢᠯ᠂ | 531 ᠬᠢᠲᠠᠳ ᠡᠮ ᠤᠨ ᠴᠢᠨᠠᠬᠤ ᠡᠮ ᠵᠡᠷᠭᠡ ᠶᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠳᠤ | ᠣᠷᠣᠭᠤᠯᠵᠤ᠂ ᠡᠪᠡᠳᠴᠢᠲᠡᠨ ᠤ ᠡᠮ ᠬᠡᠷᠡᠭᠯᠡᠬᠦ ᠪᠠᠲᠤᠯᠠᠭ᠎ᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ | ᠥᠷᠭᠡᠳᠬᠡᠪᠡ᠃ | ᠡᠭᠦᠨ ᠤ ᠬᠠᠮᠲᠤ᠂ ᠣᠯᠠᠨ ᠲᠦᠮᠡᠨ ᠤ ᠡᠮ ᠬᠡᠷᠡᠭᠯᠡᠵᠦ ᠳᠠᠩᠰᠠ ᠴᠠᠶᠢᠷᠠᠭᠤᠯᠬᠤ ᠳᠤ ᠲᠥᠬᠦᠮ | ᠦᠵᠡᠭᠦᠯᠬᠦ ᠶᠢᠨ ᠲᠤᠰᠠᠳᠠ᠂ ᠮᠠᠨ ᠤ ᠣᠷᠣᠨ ︽ᠬᠤᠤᠰ ᠨᠡᠪᠲᠡᠷᠡᠬᠦ ᠵᠠᠮ︾ ᠵᠡᠷᠭᠡ ᠪᠠᠲᠤᠯᠠᠭ᠎ᠠ ᠶᠢᠨ ᠵᠣᠬᠢᠴᠠᠮᠵᠢ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠳᠣᠰᠬᠠᠢ ᠮᠠᠷᠭᠡᠵᠢᠯᠲᠠᠣᠠ ᠢᠶᠠᠷ ᠨᠤᠲᠠᠯᠠᠭᠤᠯᠤᠭᠠᠳ᠂ ᠳᠠᠷᠠᠰᠤᠨ | ᠴᠢᠯᠠᠭᠤᠨ ᠤ ᠬᠦᠴᠢᠯ ᠤᠨ ᠠᠶᠢᠭᠧᠰᠲ᠋ᠠᠷ ᠬᠤᠮᠵᠢᠶ᠎ᠠ᠂ ᠠᠹᠠᠲ᠋ᠢᠨᠢ ᠬᠠᠪᠲᠠᠭᠠᠢ ᠦᠷᠢᠯ᠂ ᠢᠺᠦ᠋ᠵᠦ᠋ ᠳᠠᠩ | ᠡᠰᠡᠷᠭᠦᠴᠡᠯ ᠤᠨ ᠲᠠᠷᠢᠯᠭ᠎ᠠ ᠶᠢᠨ ᠰᠢᠩᠭᠡᠨ᠂ ᠰᠢᠷᠦ᠋ᠮᠦ᠋ᠰ ᠴᠠᠷᠴᠠᠮᠠᠯ ᠴᠠᠪᠠᠤ᠂ ᠪᠦᠲ᠋ᠠᠳᠢᠸᠢᠽᠢᠨ ᠤ ᠬᠠᠪᠲᠠᠭᠠᠢ ᠦᠷᠢᠯ | ᠵᠠᠷᠭᠡ 29 ᠤᠯᠤᠰ ᠤᠨ ᠬᠡᠯᠡᠯᠴᠡᠭᠡᠷ ᠵᠢᠴᠢ ᠥᠷᠢᠰᠦᠯᠳᠦᠭᠡᠨ ᠤ ᠡᠮ ᠵᠠᠷᠭᠡ 29 ᠡᠮ ᠤᠨ ᠵᠦᠢᠯ ᠢ ᠥᠪᠡᠷᠲᠡᠭᠡᠨ | ᠵᠠᠰᠠᠬᠤ ᠣᠷᠣᠠ ᠤ ᠡᠭᠦᠲᠠ ᠡᠮᠨᠠᠯᠭᠡ ᠶᠢᠨ ᠣᠠᠴᠠᠭᠠᠢ ᠬᠡᠷᠡᠭᠯᠡᠭᠡᠨ ᠤ ᠡᠮ ᠤᠨ ᠭᠠᠷᠴᠠᠭ ᠲᠤ ᠨᠦᠭᠦᠠ ᠣᠷᠤᠭᠤᠯᠵᠠᠢ᠃ | ᠡᠭᠦᠨ ᠤ ᠬᠠᠮᠲᠤ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠢ ᠪᠦᠬᠦᠨ ᠢ ︽ᠬᠤᠣᠰ ᠨᠡᠪᠲᠡᠷᠡᠬᠦ ᠵᠠᠮ︾ ᠤᠨ | ᠬᠠᠮᠢᠶᠠᠷᠤᠯᠲᠠ ᠳᠤ ᠣᠷᠣᠭᠤᠯᠵᠤ᠂ ᠡᠮᠴᠢᠯᠡᠭᠡᠨ ᠤ ᠪᠠᠶᠢᠭᠤᠯᠤᠮᠵᠢ ᠪᠠ ᠡᠮ ᠤᠨ ᠳᠡᠯᠭᠡᠭᠦᠷ ᠬᠤᠶᠠᠷ ᠵᠦᠢᠯ ᠤᠨ ᠠᠷᠭ᠎ᠠ | ᠵᠠᠮ ᠢᠶᠠᠷ ᠳᠠᠮᠵᠢᠭᠤᠯᠤᠨ ᠬᠡᠯᠡᠯᠴᠡᠭᠡᠷ ᠤᠨ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠵᠤ᠂ ᠡᠭᠦᠳᠡᠨ ᠡᠮᠨᠡᠯᠭᠡ ᠠᠴᠠ | ᠨᠢᠭᠡᠳᠦᠯᠲᠡᠢ ᠲᠥᠯᠥᠪᠵᠢᠭᠦᠯᠬᠦ᠂ ᠡᠭᠦᠳᠡᠨ ᠡᠮᠨᠡᠯᠭᠡ ᠶᠢᠨ ᠣᠨᠴᠠ ᠤᠳᠠᠭᠠᠨ ᠴᠢᠨᠠᠷᠲᠠᠢ ᠡᠪᠡᠳᠴᠢᠨ᠂ ᠡᠭᠦᠳᠡᠨ | ᠡᠮᠨᠡᠯᠭᠡ ᠶᠢᠨ ᠣᠨᠴᠠᠭᠠᠢ ᠬᠡᠷᠡᠭᠯᠡᠭᠡᠨ ᠤ ᠡᠮ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠲᠠᠩᠰᠠ ᠴᠠᠶᠢᠷᠠᠭᠤᠯᠬᠤ | ᠬᠡᠷᠡᠭᠲᠡᠢ᠃ ᠤᠤᠯ ᠤᠨ ︽ᠬᠤᠣᠰ ᠨᠡᠪᠲᠡᠷᠡᠬᠦ ᠵᠠᠮ︾ ᠵᠢᠴᠢ ᠡᠭᠦᠳᠡᠨ ᠡᠮᠨᠡᠯᠭᠡ ᠶᠢᠨ ᠣᠨᠴᠠᠭᠠᠢ ᠡᠮ ᠬᠡᠷᠡᠭᠯᠡᠬᠦ | ᠭᠠᠷᠴᠠᠭ ᠲᠤ ᠨᠢᠭᠡᠨᠲᠡ ᠬᠡᠪ ᠤᠨ ᠬᠥᠬᠡᠭᠴᠢᠨ ᠲᠥᠷᠥᠯ ᠤᠨ ᠬᠠᠮᠢᠶᠠᠷᠤᠯᠲᠠ ᠳᠤ ᠰᠢᠯᠵᠢᠭᠦᠯᠦᠨ ᠣᠷᠣᠭᠤᠯᠤᠭᠰᠠᠨ | ᠬᠡᠯᠡᠯᠴᠡᠭᠡᠷ ᠤᠨ ᠡᠮ ᠤᠨ ᠵᠦᠢᠯ ᠳᠤ ᠮᠥᠨ ᠬᠦ ᠡᠮᠦᠨᠡᠬᠢ ᠬᠤᠭᠤᠴᠠᠭᠠᠨ ᠤ ︽ᠬᠤᠣᠰ ᠨᠡᠪᠲᠡᠷᠡᠬᠦ ᠵᠠᠮ︾ ᠵᠢᠴᠢ | ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠭᠡᠨ ᠤ ᠡᠮ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠡᠪᠡᠳᠴᠢᠲᠡᠨ ᠤ ᠡᠮ ᠬᠡᠷᠡᠭᠯᠡᠬᠦ ᠦᠷᠭᠦᠯᠵᠢᠯᠡᠬᠦᠶᠢᠴᠡ ᠴᠢᠨᠠᠷ ᠪᠠ ᠬᠠᠷᠠᠭᠠᠯᠵᠠᠯ ᠤᠨ ᠲᠣᠭᠲᠠᠪᠤᠷᠢᠲᠤ | ᠴᠢᠨᠠᠷ ᠢ ᠪᠠᠲᠤᠯᠠᠨ᠎ᠠ᠃ | ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠶᠢᠨ ︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠡᠯᠡᠯᠴᠡᠭᠡᠷ ᠤᠨ ᠡᠮ ᠤᠨ | ᠵᠦᠢᠯ ᠤᠨ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ ᠠᠵᠢᠯ ᠢ ᠨᠠᠢᠳᠠᠪᠤᠷᠢᠵᠢᠭᠤᠯᠬᠤ ᠲᠤᠬᠠᠶ ᠮᠡᠳᠡᠭᠳᠡᠯ︾ | ︵ᠥᠪᠥᠷ ᠡᠮᠴᠢᠯᠡᠭᠡᠨ ᠤ ᠪᠠᠳᠤᠯᠠᠭ᠎ᠠ ᠠᠯᠪᠠᠨ ᠲᠠᠷᠬᠠᠭᠠᠭᠰᠠᠨ ﹇2021﹈ 10 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠲᠥᠷᠥᠯ ᠬᠤᠪᠢᠶᠠᠨ ᠬᠠᠮᠢᠶᠠᠷᠬᠤ ᠵᠠᠷᠴᠢᠮ ᠶᠣᠰᠣᠭᠠᠷ᠂ ᠬᠡᠯᠡᠯᠴᠡᠭᠡᠷ ᠤᠨ ᠡᠮ ᠤᠨ | ᠵᠦᠢᠯ ᠤᠨ ᠡᠭᠦᠳᠡᠨ ᠡᠮᠨᠡᠯᠭᠡ᠂ ᠡᠮ ᠤᠨ ᠳᠡᠯᠭᠡᠭᠦᠷ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢᠨ | ᠵᠣᠬᠢᠴᠠᠮᠵᠢ ᠶᠢ ᠡᠭᠦᠳᠡᠨ ᠡᠮᠨᠡᠯᠭᠡ ᠲᠠᠢ ᠨᠢᠭᠡᠳᠦᠯᠲᠡᠶ ᠲᠥᠯᠥᠪᠯᠡᠬᠦ᠂ ᠡᠭᠦᠳᠡᠨ ᠡᠮᠨᠡᠯᠭᠡ ᠶᠢᠨ ᠣᠨᠴᠠᠭᠠᠢ ᠤᠳᠠᠭᠠᠨ | ᠴᠢᠨᠠᠷᠲᠠᠶ ᠡᠪᠡᠳᠴᠢᠨ᠂ ᠡᠭᠦᠳᠡᠨ ᠡᠮᠨᠡᠯᠭᠡ ᠶᠢᠨ ᠣᠨᠴᠠᠭᠠᠢ ᠬᠡᠷᠡᠭᠯᠡᠭᠡᠨ ᠤ ᠡᠮ᠂ ᠣᠨᠳᠣᠤ ᠭᠠᠵᠠᠷ ᠲᠤ ᠡᠮᠨᠡᠭᠦᠯᠬᠦ | ᠵᠡᠷᠭᠡ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ | ᠬᠡᠯᠡᠯᠴᠡᠭᠡᠷ ᠤᠨ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠬᠤ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ | ᠡᠯ᠎ᠡ ᠭᠠᠵᠠᠷ ᠤᠨ ᠬᠢᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠡᠯᠧᠺᠲᠷᠣᠨ ᠵᠣᠷ ᠤᠨ | ᠲᠥᠪ ᠤᠨ ᠬᠡᠷᠡᠭᠯᠡᠯᠲᠡ ᠶᠢ ᠦᠷᠭᠦᠯᠵᠢᠯᠡᠨ ᠴᠢᠩᠭᠠᠳᠬᠠᠵᠤ᠂ ︽ᠬᠤᠤᠰ ᠨᠡᠪᠲᠡᠷᠡᠬᠦ ᠵᠠᠮ︾ ᠤᠨ ᠵᠣᠷ ᠤᠨ | ᠡᠷᠭᠢᠯᠲᠡ ᠶᠢ ᠡᠯᠧᠺᠲᠷᠣᠨᠴᠢᠯᠠᠬᠤ ᠶᠢ ᠠᠬᠢᠭᠤᠯᠬᠤ ᠬᠡᠷᠡᠭᠲᠡᠶ᠃ | ᠲᠣᠰ ᠤᠳᠠᠭᠠᠨ ᠤ ᠭᠠᠷᠴᠠᠭ ᠢ ᠬᠡᠷᠡᠭᠵᠢᠭᠦᠯᠬᠦ ᠳᠤᠮᠳᠠ᠂ ᠮᠠᠨ ᠤ ᠣᠷᠣᠨ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠶᠢ ᠵᠦᠶ ᠵᠣᠬᠢᠰᠲᠠᠶ ᠳᠣᠭᠢᠷᠠᠭᠤᠯᠬᠤ᠂ ᠬᠡᠷᠡᠭᠯᠡᠬᠦ ᠭᠠᠷᠴᠠᠭ ᠤᠨ ᠳᠣᠲᠣᠷᠠᠬᠢ ᠡᠮ ᠤᠨ ᠵᠦᠢᠯ ᠢ | ᠬᠠᠮᠢᠶᠠᠷᠬᠤ ᠡᠷᠴᠢᠮ ᠢᠶᠠᠨ ᠴᠢᠩᠭᠠᠷᠠᠭᠤᠯᠪᠠ᠃ ᠡᠮᠴᠢᠯᠡᠭᠡᠨ ᠤ ᠪᠠᠶᠢᠭᠤᠯᠤᠮᠵᠢ ᠨᠢ ᠬᠡᠯᠡᠯᠴᠡᠭᠡᠷ ᠤᠨ ᠡᠮ ᠤᠨ ᠵᠦᠢᠯ ᠢ | ᠳᠣᠭᠢᠷᠠᠭᠤᠯᠤᠨ ᠬᠡᠷᠡᠭᠯᠡᠬᠦ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠡᠯᠡᠯᠴᠡᠭᠡᠷ ᠤᠨ ᠡᠮ ᠤᠨ | ᠵᠦᠢᠯ ᠢ ᠡᠮᠨᠡᠯᠭᠡ ᠳᠤ ᠣᠷᠣᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠂ | ᠭᠠᠷᠴᠠᠭ ᠢ ᠨᠡᠶᠢᠲᠡᠯᠡᠭᠰᠡᠨ ᠤ ᠳᠠᠷᠠᠭᠠᠬᠢ 2 ᠰᠠᠷ᠎ᠠ ᠶᠢᠨ ᠳᠣᠲᠣᠷ᠎ᠠ ᠲᠤᠰᠬᠠᠶ ᠡᠮ ᠤᠨ ᠶᠠᠪᠤᠳᠠᠯ ᠤᠨ | ᠬᠠᠮᠢᠶᠠᠷᠤᠯᠲᠠ ᠶᠢᠨ ᠬᠤᠷᠠᠯ ᠬᠤᠷᠠᠯᠳᠤᠭᠤᠯᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ᠂ ᠡᠮᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠪᠠ ᠣᠨᠣᠰᠢᠯᠠᠨ ᠡᠮᠨᠡᠬᠦ ᠴᠢᠳᠠᠪᠤᠷᠢ ᠵᠡᠷᠭᠡ ᠶᠢ ᠦᠨᠳᠦᠰᠦᠯᠡᠨ᠂ ᠲᠣᠰ ᠪᠠᠶᠢᠭᠤᠯᠤᠮᠵᠢ ᠶᠢᠨ ᠡᠮ | ᠬᠡᠷᠡᠭᠯᠡᠬᠦ ᠭᠠᠷᠴᠠᠭ ᠢ ᠳᠣᠭᠢᠷᠠᠭᠤᠯᠤᠨ ᠰᠢᠯᠢᠳᠡᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠲᠦᠷ ᠴᠠᠭ ᠲᠤᠰ | ᠪᠠᠶᠢᠭᠤᠯᠤᠮᠵᠢ ᠶᠢᠨ ᠬᠠᠩᠭᠠᠯᠭ᠎ᠠ ᠶᠢᠨ ᠭᠠᠷᠴᠠᠭ ᠲᠤ ᠣᠷᠣᠭᠤᠯᠬᠤ ᠶᠢᠨ ᠠᠷᠭ᠎ᠠ ᠦᠭᠡᠶ ᠪᠣᠯᠪᠠᠴᠤ ᠡᠮᠴᠢᠯᠡᠭᠡᠨ ᠳᠤ | ᠦᠨᠡᠨ ᠬᠦ ᠬᠡᠷᠡᠭᠴᠡᠭᠡ ᠱᠠᠭᠠᠷᠳᠠᠯᠭ᠎ᠠ ᠲᠠᠢ ᠬᠡᠯᠡᠯᠴᠡᠭᠡᠷ ᠤᠨ ᠡᠮ ᠤᠨ ᠵᠦᠢᠯ ᠳᠤ ᠪᠣᠯ ᠰᠠᠭᠠᠳ ᠦᠭᠡᠶ ᠨᠡᠪᠲᠡᠷᠡᠬᠦ | ᠵᠠᠮ ᠢ ᠪᠠᠶᠢᠭᠤᠯᠵᠤ᠂ ᠪᠦᠷᠢᠳᠬᠡᠨ ᠳᠠᠩᠰᠠᠯᠠᠭᠤᠯᠤᠭᠰᠠᠨ ᠬᠤᠳᠠᠯᠳᠤᠨ ᠠᠪᠬᠤ ᠳᠡᠰ ᠳᠠᠷᠠᠭᠠᠯᠠᠯ ᠢ ᠴᠠᠭ ᠲᠤᠬᠠᠶ ᠳᠤ | ᠨᠢ ᠡᠬᠢᠯᠡᠭᠦᠯᠬᠦ ᠬᠡᠷᠡᠭᠲᠡᠶ᠃ ᠵᠠᠷᠴᠢᠮ ᠳᠡᠭᠡᠷ᠎ᠡ ᠪᠠᠨ ᠬᠡᠯᠡᠯᠴᠡᠭᠡᠷ ᠤᠨ ᠡᠮ ᠤᠨ ᠵᠦᠢᠯ ᠢ ︽ᠲᠣᠬᠢᠷᠠᠭᠤᠯᠬᠤ | ᠶᠣᠰᠣᠲᠠᠶ ᠶᠢ ᠨᠢ ᠪᠦᠬᠦᠨ ᠢ ᠲᠣᠬᠢᠷᠠᠭᠤᠯᠵᠤ︾᠂ ᠡᠮᠴᠢᠯᠡᠭᠡᠨ ᠤ ᠪᠠᠶᠢᠭᠤᠯᠤᠮᠵᠢ ᠨᠢ ᠡᠮᠴᠢᠯᠡᠭᠡᠨ ᠤ ᠪᠠᠲᠤᠯᠠᠭ᠎ᠠ ᠶᠢᠨ | ᠶᠡᠷᠦᠩᠬᠡᠶ ᠲᠤᠭ᠎ᠠ ᠶᠢ ᠡᠵᠡᠮᠳᠡᠬᠦ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠬᠡᠷᠡᠭᠯᠡᠬᠦ ᠭᠠᠷᠴᠠᠭ ᠤᠨ ᠲᠤᠭ᠎ᠠ | ᠬᠡᠮᠵᠢᠶ᠎ᠡ ᠶᠢ ᠬᠢᠵᠠᠭᠠᠷᠯᠠᠬᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ᠂ | ᠨᠢᠭᠡᠨᠲᠡ ︽ᠬᠤᠤᠰ ᠨᠡᠪᠲᠡᠷᠡᠬᠦ ᠵᠠᠮ︾ ᠤᠨ ᠬᠠᠮᠢᠶᠠᠷᠤᠯᠲᠠ ᠵᠡᠷᠭᠡ ᠳᠤ ᠣᠷᠣᠭᠤᠯᠬᠤ ᠪᠠᠷ ᠰᠢᠯᠲᠠᠭ ᠪᠣᠯᠭᠠᠵᠤ | ᠬᠡᠯᠡᠯᠴᠡᠭᠡᠷ ᠤᠨ ᠡᠮ ᠤᠨ ᠵᠦᠢᠯ ᠢ ᠳᠣᠭᠢᠷᠠᠭᠤᠯᠤᠨ ᠬᠡᠷᠡᠭᠯᠡᠬᠦ ᠶᠢ ᠨᠥᠯᠥᠭᠡᠯᠡᠵᠦ ᠪᠣᠯᠬᠤ ᠥᠬᠡᠶ᠃ ᠡᠯ᠎ᠡ ᠭᠠᠵᠠᠷ ᠨᠢ | ᠡᠪᠡᠳᠴᠢᠨ ᠡᠮᠭᠡᠭ ᠤᠨ ᠣᠨᠤᠰᠢᠯᠠᠯᠲᠠ ᠪᠠᠷ ᠬᠤᠯᠪᠤᠭᠳᠠᠯ ᠪᠥᠬᠦᠶ ᠳᠤᠭᠤᠶᠢᠯᠠᠩ ᠬᠤᠪᠢᠶᠠᠬᠤ ︵DRG︶ ᠪᠠ | ᠡᠪᠡᠳᠴᠢᠨ ᠤ ᠲᠥᠷᠥᠯ ᠢᠶᠠᠷ ᠥᠷᠲᠡᠭ ᠬᠤᠪᠢᠶᠠᠵᠤ ︵DIP︶ ᠰᠦᠢᠳᠬᠡᠯ ᠲᠤᠰᠢᠶᠠᠬᠤ ᠥᠭᠡᠷᠡᠴᠢᠯᠡᠯᠲᠡ ᠳᠤᠮᠳᠠ | ᠬᠡᠯᠡᠯᠴᠡᠭᠡᠷ ᠤᠨ ᠡᠮ ᠤᠨ ᠵᠦᠢᠯ ᠳᠤ ᠵᠣᠭᠤᠰ ᠥᠭᠬᠦ ᠠᠴᠠ ᠪᠤᠰᠤᠳ ᠵᠣᠭᠤᠰ ᠥᠭᠬᠦ ᠪᠤᠶᠤ ᠬᠤᠪᠢ ᠶᠢᠨ | ᠥᠷᠲᠡᠭ ᠢᠶᠠᠷ ᠨᠥᠬᠦᠪᠥᠷᠢᠯᠡᠬᠦ ᠵᠣᠬᠢᠴᠠᠮᠵᠢ ᠶᠢ ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ | ᠰᠢᠨ᠎ᠡ ᠮᠡᠷᠭᠡᠵᠢᠯ᠂ ᠰᠢᠨ᠎ᠡ ᠡᠮ ᠤᠨ ᠵᠦᠢᠯ ᠤᠨ ᠬᠡᠷᠡᠭᠯᠡᠯᠲᠡ ᠶᠢ ᠵᠣᠷᠢᠭᠵᠢᠭᠤᠯᠬᠤ ᠬᠡᠷᠡᠭᠲᠡᠶ᠃ | |