ᠦᠰᠦᠭ ᠪᠢᠴᠢᠭ ᠢᠶᠠᠷ ᠥᠭᠦᠯᠡᠬᠦᠢ᠄ ︽ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠬᠡᠰᠡᠭ ᠲᠥᠷᠥᠯ ᠵᠦᠢᠯ ᠢ ᠦᠨᠳᠦᠰᠦᠨ ᠡᠮᠴᠢᠯᠡᠭᠡ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠥᠭᠬᠦ ᠬᠡᠪᠴᠢᠶᠡᠨ ᠳᠤ ᠣᠷᠣᠭᠤᠯᠬᠤ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/1/30
  ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ︽ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠬᠡᠰᠡᠭ ᠲᠥᠷᠥᠯ ᠵᠦᠢᠯ ᠢ ᠦᠨᠳᠦᠰᠦᠨ ᠡᠮᠴᠢᠯᠡᠭᠡ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠥᠭᠬᠦ ᠬᠡᠪᠴᠢᠶᠡᠨ ᠳᠤ ᠣᠷᠣᠭᠤᠯᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠲᠤᠰᠠᠯᠠᠬᠤ ᠦᠷᠡᠵᠢᠯ ᠤᠨ ᠮᠡᠷᠭᠡᠵᠢᠯ ᠢ ᠥᠷᠨᠢᠭᠦᠯᠬᠦ ᠶᠢ ᠳᠡᠮᠵᠢᠵᠦ᠂ ᠣᠯᠠᠨ ᠲᠦᠮᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠵᠦ᠂ ᠮᠠᠨ ᠤ ᠣᠷᠣᠨ ᠤ ᠲᠤᠰᠠᠯᠠᠬᠤ ᠦᠷᠡᠵᠢᠯ ᠤᠨ ᠡᠮᠴᠢᠯᠡᠭᠡᠨ ᠤ ᠦᠢᠯᠡᠴᠢᠯᠡᠭᠡᠨ ᠤ ᠡᠮᠴᠢᠯᠡᠭᠡ ᠶᠢᠨ ᠳᠠᠭᠠᠳᠬᠠᠯ ᠤᠨ ᠲᠠᠩᠰᠠ ᠲᠠᠶᠢᠯᠬᠤ ︽ᠲᠡᠭ ᠢ ᠰᠢᠪᠲᠤᠯᠤᠯᠲᠠ︾ ᠶᠢ ᠪᠡᠶᠡᠯᠡᠭᠦᠯᠪᠡ᠃  ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ ᠪᠠ ᠶᠠᠪᠤᠴᠠ  2021 ᠣᠨ ᠤ 7 ᠳ᠋ᠤᠭᠠᠷ ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠲᠤᠬᠠᠶ ᠲᠣᠭᠲᠠᠭᠠᠯ︾ ᠢ ᠳᠠᠷᠤᠮᠠᠯᠯᠠᠨ ᠲᠠᠷᠬᠠᠭᠠᠵᠤ᠂ ᠢᠳᠡᠪᠬᠢᠲᠡᠶ ᠦᠷᠡᠵᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 2022 ᠣᠨ ᠤ 7 ᠳ᠋ᠤᠭᠠᠷ ᠰᠠᠷ᠎ᠠ ᠶᠢᠨ 25 ᠤ ᠡᠳᠦᠷ᠂ ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ ᠵᠡᠷᠭᠡ 17 ᠶᠠᠮᠤᠨ ᠵᠥᠪᠯᠡᠯ ᠠᠴᠠ ︽ᠢᠳᠡᠪᠬᠢᠲᠡᠶ ᠦᠷᠡᠵᠢᠯ ᠤᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠶ ᠵᠢᠯᠣᠭᠤᠳᠬᠤ ᠰᠠᠨᠠᠯ︾ ︵ᠤᠯᠤᠰ ᠡᠷᠡᠭᠦᠯ ᠬᠥᠮᠦᠨ ᠠᠮᠠ ᠲᠠᠷᠬᠠᠭᠠᠭᠰᠠᠨ ﹇2022﹈ 26 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠣᠷᠣᠨ ᠨᠤᠲᠤᠭ ᠤᠨ ᠡᠮᠴᠢᠯᠡᠭᠡ ᠶᠢᠨ ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ᠂ ᠬᠠᠮᠢᠶ᠎ᠠ ᠪᠥᠬᠦᠶ ᠮᠡᠷᠭᠡᠵᠢᠯ ᠤᠨ ᠵᠢᠷᠤᠮᠵᠢᠯ ᠤᠨ ᠴᠢᠨᠠᠷ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠣᠬᠢᠷᠠᠮᠵᠢᠲᠠᠶ ᠬᠥᠩᠭᠡᠵᠢᠯ ᠤᠨ ᠡᠪᠡᠳᠬᠦ ᠶᠢ ᠳᠠᠷᠤᠬᠤ ᠪᠠ ᠲᠤᠰᠠᠯᠠᠬᠤ ᠦᠷᠡᠵᠢᠯ ᠤᠨ ᠮᠡᠷᠭᠡᠵᠢᠯ ᠤᠨ ᠲᠥᠷᠥᠯ ᠵᠦᠢᠯ ᠢ ᠠᠯᠬᠤᠮ ᠠᠯᠬᠤᠮ ᠢᠶᠠᠷ ᠡᠮᠴᠢᠯᠡᠭᠡ ᠶᠢᠨ ᠳᠠᠭᠠᠳᠬᠠᠯ ‍ᠤᠨ‌ᠥᠭᠬᠦ ᠬᠡᠪᠴᠢᠶᠡᠨ ᠳᠤ ᠣᠷᠣᠭᠤᠯᠤᠨ᠎ᠠ᠃ ᠮᠠᠨ ᠤ ᠣᠷᠣᠨ ᠤ ᠦᠷᠡᠵᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠷᠡᠵᠢᠬᠦ ᠡᠮᠴᠢᠯᠡᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠣᠷᠣᠨ ᠤ ᠲᠤᠰᠠᠯᠠᠬᠤ ᠦᠷᠡᠵᠢᠯ ᠤᠨ ᠮᠡᠷᠭᠡᠵᠢᠯ ᠤᠨ ᠦᠢᠯᠡᠴᠢᠯᠡᠭᠡ᠂ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ᠂ ᠣᠯᠠᠨ ᠲᠦᠮᠡᠨ ᠤ ᠵᠠᠷᠤᠳᠠᠯ ᠤᠨ ᠳᠠᠷᠤᠭᠠᠰᠤ᠂ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ᠂ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠦᠵᠡᠭᠦᠯᠬᠦ ᠬᠠᠮᠢᠶᠠᠷᠤᠯᠲᠠ ᠵᠡᠷᠭᠡ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠡᠮᠴᠢᠯᠡᠭᠡᠨ ᠤ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠵᠤ ᠨᠤᠲᠠᠯᠠᠬᠤ᠂ ᠰᠠᠭᠤᠷᠢ ᠮᠥᠩᠭᠦ ᠶᠢᠨ ᠵᠠᠷᠤᠯᠭ᠎ᠠ ᠶᠢ ᠲᠥᠰᠦᠭᠡᠯᠡᠨ ᠪᠤᠳᠤᠬᠤ᠂ ᠥᠷᠭᠡᠨ ᠢᠶᠠᠷ ᠰᠠᠨᠠᠯ ᠬᠤᠷᠢᠶᠠᠬᠤ᠂ ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠵᠡᠷᠭᠡ ᠲᠠᠰ ᠳᠠᠷᠠᠭᠠᠯᠠᠯ ᠢᠶᠠᠷ       ᠳᠡᠮᠵᠢᠨ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠲᠣᠰ ︽ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃  ᠬᠤᠶᠠᠷ᠂ ︽ᠮᠡᠳᠡᠭᠳᠡᠯ︾ ᠤᠨ ᠭᠤᠣᠯ ᠠᠭᠤᠯᠭ᠎ᠠ  ︽ᠦᠨᠳᠡᠭᠡ ᠠᠪᠬᠤ ᠵᠠᠰᠠᠯ︾ ᠵᠡᠷᠭᠡ ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠬᠡᠰᠡᠭ ᠲᠥᠷᠥᠯ ᠵᠦᠢᠯ ᠢ ᠦᠨᠳᠦᠰᠦᠨ ᠡᠮᠴᠢᠯᠡᠭᠡ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠥᠭᠬᠦ ᠬᠡᠪᠴᠢᠶᠡᠨ ᠳᠤ ᠣᠷᠣᠭᠤᠯᠵᠤ᠂ ᠳᠥᠷᠪᠡᠨ ᠲᠠᠯ᠎ᠠ ᠶᠢᠨ ᠭᠤᠤᠯ ᠠᠭᠤᠯᠭ᠎ᠠ ᠶᠢ ᠲᠣᠳᠣᠷᠬᠠᠶᠢᠯᠠᠪᠠ᠄  ︵ᠨᠢᠭᠡ︶ ᠮᠡᠷᠭᠡᠵᠢᠯ ᠤᠨ ᠪᠠᠷᠢᠮᠵᠢᠶ᠎ᠠ ᠶᠢ ᠵᠢᠷᠤᠮᠵᠢᠭᠤᠯᠪᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ ᠬᠥᠮᠦᠨ ᠲᠥᠷᠥᠯᠬᠢᠲᠡᠨ ᠤ ᠲᠤᠰᠠᠯᠠᠬᠤ ᠦᠷᠡᠵᠢᠯ ᠤᠨ ᠮᠡᠷᠭᠡᠵᠢᠯ ᠢ ᠥᠷᠨᠢᠭᠦᠯᠬᠦ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠥᠮᠦᠨ ᠲᠥᠷᠥᠯᠬᠢᠲᠡᠨ ᠤ ᠲᠤᠰᠠᠯᠠᠬᠤ ᠦᠷᠡᠵᠢᠯ ᠤᠨ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠳ ᠲᠤ ᠲᠤᠰᠠᠯᠠᠬᠤ ᠦᠷᠡᠵᠢᠯ ᠤᠨ ᠦᠢᠯᠡᠴᠢᠯᠡᠭᠡ       ᠬᠠᠩᠭᠠᠨ᠎ᠠ᠃  ︵ᠬᠤᠶᠠᠷ︶ ᠡᠮᠴᠢᠯᠡᠭᠡ ᠶᠢᠨ ᠳᠠᠭᠠᠳᠬᠠᠯ ᠤᠨ ᠥᠭᠬᠦ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠪᠠ᠃ ᠨᠢᠭᠡ ᠳᠤ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠲᠠᠢ ᠤᠶᠠᠯᠳᠤᠭᠤᠯᠤᠨ᠂ 8 ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠰᠠᠭᠤᠷᠢ ᠮᠥᠩᠭᠦ ᠶᠢᠨ ᠥᠭᠬᠦ ᠬᠡᠪᠴᠢᠶᠡᠨ ᠳᠤ ᠣᠷᠣᠭᠤᠯᠤᠨ᠎ᠠ᠃ ᠡᠮᠨᠡᠨ ᠵᠠᠰᠠᠬᠤ ᠨᠥᠬᠦᠴᠡᠯ ᠳᠤ ᠨᠡᠶᠢᠴᠡᠭᠰᠡᠨ ᠳᠠᠭᠠᠳᠬᠠᠯ ᠳᠤ ᠣᠷᠣᠯᠴᠠᠭᠰᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠳᠤ ᠡᠮᠨᠡᠭᠦᠯᠦᠭᠰᠡᠨ ᠤ ᠳᠠᠷᠠᠭ᠎ᠠ ᠲᠥᠷᠥ ᠶᠢᠨ ᠪᠣᠳᠣᠯᠭ᠎ᠠ ᠶᠢᠨ ᠶᠣᠰᠣᠭᠠᠷ ᠲᠠᠩᠰᠠ ᠢ ᠨᠢ ᠲᠠᠶᠢᠯᠬᠤ ᠬᠡᠷᠡᠭᠲᠡᠶ᠃ ᠰᠠᠭᠤᠷᠢ ᠮᠥᠩᠭᠦ ᠶᠢᠨ ᠳᠠᠩᠰᠠᠨ ᠠᠴᠠ ᠭᠠᠷᠭᠠᠬᠤ ᠳᠤ ᠲᠤᠰᠬᠠᠶ ᠵᠦᠢᠯ ᠢᠶᠠᠷ ᠵᠠᠷᠤᠳᠠᠯ ᠥᠭᠬᠦ ᠶᠢ ᠬᠡᠷᠡᠭᠵᠢᠭᠦᠯᠵᠦ᠂ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠥᠭᠬᠦ ᠬᠢᠵᠠᠭᠠᠷ ᠲᠤᠭ᠎ᠠ ᠳᠤ ᠪᠣᠳᠣᠵᠤ ᠣᠷᠣᠭᠤᠯᠬᠤ ᠦᠭᠡᠶ᠃ ᠬᠤᠶᠠᠷ ᠲᠤ ᠮᠤᠵᠢ ᠠᠯᠤᠰᠯᠠᠨ ᠣᠨᠳᠣᠤ ᠭᠠᠵᠠᠷ ᠲᠤ ᠡᠪᠡᠳᠴᠢᠨ ᠦᠵᠡᠭᠦᠯᠬᠦ ᠵᠠᠷᠤᠳᠠᠯ ᠢ ᠲᠦᠷ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠥᠬᠡᠶ᠃ ᠭᠤᠷᠪᠠ ᠳᠤ ᠡᠮᠴᠢᠯᠡᠭᠡᠨ ᠤ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠳ ᠨᠢᠭᠡᠪᠦᠷᠢ ᠶᠢ 8 ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ ᠤᠨ ᠲᠥᠷᠥᠯ ᠤᠨ ᠦᠢᠯᠡᠴᠢᠯᠡᠭᠡᠨ ᠤ ᠲᠥᠷᠥᠯ ᠵᠦᠢᠯ ᠵᠢᠴᠢ ᠬᠠᠮᠢᠶ᠎ᠠ ᠪᠥᠬᠦᠶ ᠨᠡᠮᠡᠵᠦ ᠬᠤᠷᠢᠶᠠᠬᠤ ᠲᠥᠷᠥᠯ ᠵᠦᠢᠯ ᠢ 2 ᠤᠳᠠᠭ᠎ᠠ ᠲᠠᠩᠰᠠ ᠳᠡᠶᠢᠯᠵᠦ ᠪᠣᠯᠤᠨ᠎ᠠ᠃ ᠳᠥᠷᠪᠡ ᠳᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠠᠩᠰᠠ ᠲᠠᠶᠢᠯᠬᠤ ᠬᠠᠷᠢᠴᠠᠯ ᠢ ᠲᠣᠰ ᠲᠣᠰ 70%᠂ 50% ᠳᠤ ᠬᠦᠷᠦᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠣᠨ ᠤ ᠰᠠᠭᠤᠷᠢ ᠮᠥᠩᠭᠦ ᠶᠢᠨ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠳᠤ ᠪᠣᠳᠣᠨ ᠣᠷᠣᠭᠤᠯᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ︽ᠢᠯᠡᠭᠦᠦ ᠲᠤᠰᠢᠶᠠᠪᠠᠯ ᠢᠯᠡᠭᠦᠦ ᠣᠯᠬᠤ︾ ᠳᠦᠷᠢᠮ ᠤᠨ ᠲᠣᠬᠢᠷᠠᠭᠤᠯᠤᠯᠲᠠ ᠶᠢ ᠵᠢᠷᠤᠮᠯᠠᠬᠤ ᠬᠡᠷᠡᠭᠲᠡᠶ᠃ ᠲᠠᠪᠤ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ᠂ ᠮᠠᠨ ᠤ ᠣᠷᠣᠨ ᠤ ᠲᠤᠰᠠᠯᠠᠬᠤ ᠦᠷᠡᠵᠢᠯ ᠤᠨ ᠮᠡᠷᠭᠡᠵᠢᠯ ᠤᠨ ᠬᠢᠷᠢ ᠬᠡᠮ ᠲᠠᠢ ᠡᠮᠴᠢᠯᠡᠭᠡᠨ ᠤ ᠪᠠᠶᠢᠭᠤᠯᠤᠮᠵᠢ ᠨᠡᠶᠢᠲᠡ 10 ᠪᠠᠶᠢᠵᠤ᠂ ᠡᠭᠦᠨ ᠳᠤ ᠡᠮᠴᠢᠯᠡᠭᠡ ᠶᠢᠨ ᠳᠠᠭᠠᠳᠬᠠᠯ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ 8᠂ ᠡᠮᠴᠢᠯᠡᠭᠡ ᠶᠢᠨ ᠳᠠᠭᠠᠳᠬᠠᠯ ᠤᠨ ᠪᠤᠰᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ 2 ᠪᠣᠶ᠃ ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶ᠎ᠠ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠪᠤᠭᠤᠲᠤ ᠶᠢᠨ ᠪᠣᠯᠣᠳ ᠲᠡᠮᠦᠷ ᠤᠨ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ ᠬᠤᠲᠠ ᠶᠢᠨ ᠬᠥᠩᠭᠡᠵᠢᠭᠦᠯᠬᠦ ᠡᠮᠨᠡᠯᠭᠡ ᠶᠢᠨ ᠬᠤᠷᠢᠶ᠎ᠠ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠠᠷᠢᠶ᠎ᠠ ᠡᠮᠨᠡᠯᠭᠡ ᠶᠢᠨ ᠬᠤᠷᠢᠶ᠎ᠠ᠂ ᠦᠬᠠᠶ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠣᠷᠳᠣᠰ ᠤᠨ ᠬᠥᠩᠭᠡᠵᠢᠭᠦᠯᠬᠦ ᠡᠮᠨᠡᠯᠭᠡ ᠶᠢᠨ ᠬᠤᠷᠢᠶ᠎ᠠ ᠳᠤ ᠡᠭᠦᠰᠦᠭᠰᠡᠨ ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ ᠤᠨ ᠮᠡᠷᠭᠡᠵᠢᠯ ᠤᠨ ᠲᠥᠷᠥᠯ ᠵᠦᠢᠯ  ᠢ ᠲᠣᠭᠲᠠᠭᠠᠯ ᠶᠣᠰᠣᠭᠠᠷ ᠲᠠᠩᠰᠠ ᠲᠠᠶᠢᠯᠵᠤ᠂ ᠡᠮᠴᠢᠯᠡᠭᠡ ᠶᠢᠨ ᠳᠠᠭᠠᠳᠬᠠᠯ ᠤᠨ ᠪᠤᠰᠤ ᠲᠣᠭᠲᠠᠭᠰᠠᠨ ᠡᠮᠴᠢᠯᠡᠭᠡᠨ ᠤ ᠵᠠᠷᠤᠳᠠᠯ ᠢ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠥᠭᠬᠦ ᠥᠬᠡᠶ᠃  ︵ᠭᠤᠷᠪᠠ︶ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ︽ᠮᠡᠳᠡᠭᠳᠡᠯ︾ ᠳᠤ ᠡᠯ᠎ᠡ ᠱᠠᠲᠤᠨ ᠤ ᠡᠮᠴᠢᠯᠡᠭᠡ ᠶᠢᠨ ᠳᠠᠭᠠᠳᠬᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠵᠢᠴᠢ ᠡᠮᠴᠢᠯᠡᠭᠡᠨ ᠤ ᠪᠠᠶᠢᠭᠤᠯᠤᠮᠵᠢ ᠳᠤ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃ ᠨᠢᠭᠡ ᠳᠤ ᠬᠡᠯᠡᠯᠴᠡᠭᠡᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶ᠎ᠠ ᠪᠥᠬᠦᠶ ᠪᠣᠯᠵᠣᠯᠲᠤ ᠲᠤᠭ᠎ᠠ ᠶᠢ ᠴᠠᠭ ᠲᠤᠬᠠᠶ ᠳᠤᠨᠢ ᠲᠣᠬᠢᠷᠠᠭᠤᠯᠵᠤ᠂ ᠰᠠᠭᠤᠷᠢ ᠮᠥᠩᠭᠦ ᠶᠢᠨ ᠠᠵᠢᠯᠯᠠᠭᠠᠨ ᠢ ᠬᠢᠨᠠᠨ ᠬᠡᠮᠵᠢᠬᠦ ᠪᠠ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ᠃ ᠬᠤᠶᠠᠷ ᠲᠤ ᠡᠮᠴᠢᠯᠡᠭᠡᠨ ᠤ ᠪᠠᠶᠢᠭᠤᠯᠤᠮᠵᠢ ᠶᠢᠨ ᠲᠤᠰᠠᠯᠠᠬᠤ ᠦᠷᠡᠵᠢᠯ ᠤᠨ ᠦᠢᠯᠡᠴᠢᠯᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠤᠷᠪᠠ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠭᠦᠨ᠎ᠡ᠃  ︵ᠲᠦᠷᠪᠡ︶ ᠬᠡᠷᠡᠭᠵᠢᠭᠦᠯᠬᠦ ᠴᠠᠭ ᠢ ᠲᠣᠳᠣᠷᠬᠠᠶᠢᠯᠠᠪᠠ᠃ ᠲᠣᠰ ︽ᠮᠡᠳᠡᠭᠳᠡᠯ︾ ᠢ 2024 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃  ᠭᠤᠷᠪᠠ᠂ ᠲᠠᠶᠢᠯᠤᠮᠵᠢ ᠬᠢᠭᠰᠡᠨ ᠨᠢᠭᠡᠴᠢ ᠵᠢᠴᠢ ᠬᠠᠷᠢᠯᠴᠠᠬᠤ ᠠᠷᠭ᠎ᠠ ᠮᠠᠶ᠋ᠢᠭ  ︽ᠮᠡᠳᠡᠭᠳᠡᠯ︾ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠭᠠᠵᠠᠷ ᠠᠴᠠ ᠬᠠᠷᠢᠭᠤᠴᠠᠨ ᠲᠠᠶᠢᠯᠪᠤᠷᠢᠯᠠᠪᠠ᠃ ᠲᠠᠶᠢᠯᠪᠤᠷᠢᠯᠠᠭᠴᠢ ᠬᠠᠷᠢᠯᠴᠠᠬᠤ ᠬᠥᠮᠦᠨ ᠤ ᠤᠲᠠᠰᠤ ᠄ 0471 - 6606265 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号