ᠬᠡᠯᠬᠢᠶᠡᠰᠦᠨ ᠨᠣᠮᠧᠷ᠄ 11150000MB16442978/2024-00622 | ᠭᠤᠣᠯ ᠰᠡᠳᠦᠪ ᠤᠨ ᠠᠩᠭᠢᠯᠠᠯ᠄ ᠡᠮ ᠡᠮᠨᠡᠯᠭᠡ ᠶᠢᠨ ᠦᠢᠯᠡᠴᠢᠯᠡᠭᠡ | ᠨᠡᠢᠲᠡᠯᠡᠭᠰᠡᠨ ᠪᠠᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ | ᠪᠢᠴᠢᠭ ᠤᠨ ᠳ᠋ᠤᠭᠠᠷ᠄ ᠥᠪᠥᠷ ᠡᠮᠴᠢᠯᠡᠭᠡ ᠳᠠᠭᠠᠳᠬᠠᠯ ᠲᠠᠷᠬᠠᠭᠠᠭᠰᠠᠨ ﹇2024﹈ 2 ᠳ᠋ᠤᠭᠠᠷ ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2024 - 01-30 | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠡᠯ᠎ᠡ ᠠᠶᠢᠮᠠᠭ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠮᠠᠨᠵᠤᠤᠷ | ᠬᠤᠲᠠ᠂ ᠡᠷᠢᠶᠡᠨ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ᠄ | ︽ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠦᠨ ᠠᠮᠠ ᠶᠢᠨ ᠣᠷᠳᠣ | ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠳᠡᠪᠬᠢᠲᠡᠶ ᠦᠷᠡᠵᠢᠯ ᠢ ᠳᠡᠮᠵᠢᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠲᠤᠰᠠᠳᠠ᠂ ᠤᠯᠤᠰ ᠤᠨ ᠡᠮᠴᠢᠯᠡᠭᠡ ᠶᠢᠨ ᠳᠠᠭᠠᠳᠬᠠᠯ ᠤᠨ | ᠲᠣᠪᠴᠢᠶ᠎ᠠ ᠵᠡᠷᠭᠡ 17 ᠶᠠᠮᠤᠨ ᠵᠥᠪᠯᠡᠯ ᠤᠨ ︽ᠢᠳᠡᠪᠬᠢᠲᠡᠶ ᠦᠷᠡᠵᠢᠬᠦ ᠶᠢ ᠳᠡᠮᠵᠢᠬᠦ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠶ ᠵᠢᠯᠣᠭᠤᠳᠬᠤ ᠰᠠᠨᠠᠯ︾ ︵ᠤᠯᠤᠰ ᠡᠷᠡᠭᠦᠯ | ᠬᠥᠮᠦᠨ ᠠᠮᠠ ᠲᠠᠷᠬᠠᠭᠠᠭᠰᠠᠨ ﹇2022﹈ 26 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠰᠤᠳᠤᠯᠬᠤ ᠪᠠᠷ ᠳᠡᠮᠵᠢᠨ᠂ ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ | ᠦᠢᠯᠡᠴᠢᠯᠡᠭᠡᠨ ᠤ ᠬᠡᠰᠡᠭ ᠲᠥᠷᠥᠯ ᠵᠦᠢᠯ ᠢ ᠦᠨᠳᠦᠰᠦᠨ ᠡᠮᠴᠢᠯᠡᠭᠡ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠥᠭᠬᠦ ᠬᠡᠪᠴᠢᠶᠡᠨ ᠳᠤ ᠣᠷᠣᠭᠤᠯᠬᠤ ᠪᠠᠷ ᠲᠣᠭᠲᠠᠪᠠ᠂ ᠡᠳᠦᠭᠡ | ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠮᠡᠷᠭᠡᠵᠢᠯ ᠤᠨ ᠪᠠᠷᠢᠮᠵᠢᠶ᠎ᠠ ᠪᠠ ᠡᠮᠴᠢᠯᠡᠭᠡᠨ ᠤ ᠪᠠᠶᠢᠭᠤᠯᠤᠮᠵᠢ ᠶᠢᠨ ᠬᠡᠪᠴᠢᠶ᠎ᠡ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ ᠬᠥᠮᠦᠨ | ᠲᠥᠷᠥᠯᠬᠢᠲᠡᠨ ᠤ ᠲᠤᠰᠠᠯᠠᠬᠤ ᠦᠷᠡᠵᠢᠯ ᠤᠨ ᠮᠡᠷᠭᠡᠵᠢᠯ ᠢ ᠥᠷᠨᠢᠭᠦᠯᠬᠦ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠥᠮᠦᠨ ᠲᠥᠷᠥᠯᠬᠢᠲᠡᠨ ᠤ | ᠲᠤᠰᠠᠯᠠᠬᠤ ᠦᠷᠡᠵᠢᠯ ᠤᠨ ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠨᠥᠬᠦᠴᠡᠯ ᠳᠤ ᠨᠡᠶᠢᠴᠡᠬᠦ ᠳᠠᠭᠠᠳᠬᠠᠯ ᠳᠤ | ᠣᠷᠣᠯᠴᠠᠭᠰᠠᠳ ᠲᠤ ᠲᠤᠰᠠᠯᠠᠬᠤ ᠦᠷᠡᠵᠢᠯ ᠤᠨ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ | ᠬᠤᠶᠠᠷ᠂ ᠰᠠᠭᠤᠷᠢ ᠮᠥᠩᠭᠦ ᠥᠭᠬᠦ ᠬᠡᠪᠴᠢᠶ᠎ᠡ | ︽ᠥᠨᠳᠡᠭᠡ ᠠᠪᠬᠤ ᠵᠠᠰᠠᠯ︾ ᠵᠡᠷᠭᠡ ᠡᠮᠴᠢᠯᠡᠬᠦ ᠴᠢᠨᠠᠷᠲᠠᠶ ᠲᠤᠰᠠᠯᠠᠬᠤ ᠦᠷᠡᠵᠢᠯ ᠤᠨ ᠲᠥᠷᠥᠯ ᠤᠨ | ᠡᠮᠴᠢᠯᠡᠭᠡᠨ ᠤ ᠦᠢᠯᠡᠴᠢᠯᠡᠭᠡᠨ ᠤ ᠬᠡᠰᠡᠭ ᠲᠥᠷᠥᠯ ᠵᠦᠢᠯ ᠢ ᠮᠠᠨ ᠤ ᠣᠷᠣᠨ ᠤ ᠦᠨᠳᠦᠰᠦᠨ ᠡᠮᠴᠢᠯᠡᠭᠡ ᠶᠢᠨ | ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠥᠭᠬᠦ | ᠬᠡᠪᠴᠢᠶᠡᠨ ᠳᠤ ᠣᠷᠣᠭᠤᠯᠤᠨ᠎ᠠ ︵ᠳᠠᠭᠠᠯᠳᠤᠭᠤᠯᠤᠯ ᠳᠤ ᠦᠵᠡ︶᠃ ᠦᠪᠡᠷᠳᠡᠭᠡᠨ ᠵᠠᠰᠠᠬᠤ ᠣᠷᠣᠨ ᠤ ᠬᠤᠳᠡ | ᠪᠠᠯᠭᠠᠰᠣ ᠶᠢᠨ ᠠᠵᠢᠯᠳᠡᠨ ᠠᠵᠢᠯᠴᠢᠨ ᠤ ᠦᠨᠳᠣᠰᠣᠡ ᠡᠮᠴᠢᠯᠡᠭᠡ ᠶᠢᠨ ᠲᠠᠭᠠᠳᠬᠠᠯ᠂ ᠬᠤᠳᠡ ᠬᠦᠳᠡᠭᠡ ᠶᠢᠨ | ᠰᠠᠭᠤᠭᠠᠯᠢ ᠠᠷᠡᠳ ᠤᠨ ᠦᠨᠳᠣᠰᠣᠡ ᠡᠮᠴᠢᠯᠡᠭᠡ ᠶᠢᠨ ᠲᠠᠭᠠᠳᠬᠠᠯ ᠳᠤ ᠣᠷᠣᠯᠴᠬᠠᠰᠠᠳ ᠣᠷᠣᠨ ᠤ ᠳᠣᠳᠣᠷᠡᠬᠢ | ᠲᠣᠠᠠᠳ᠋ᠬᠠᠰᠠᠨ ᠡᠮᠴᠢᠯᠡᠭᠡ ᠶᠢᠨ ᠪᠠᠢᠭᠤᠯᠥᠮᠵᠢ ᠶᠢᠨ ᠡᠬᠦᠳᠡᠡ ᠡᠮᠨᠡᠯᠭᠡ ᠳᠤ ᠡᠮᠨᠡᠬᠦᠯᠥᠭᠰᠡᠡ ᠬᠠᠮᠢᠶ᠎ᠠ ᠪᠦᠬᠦᠢ ᠵᠠᠷᠣᠳᠡᠯ ᠢ | ᠡᠮᠴᠢᠯᠡᠭᠡ ᠶᠢᠨ ᠲᠠᠭᠠᠳᠬᠠᠯ ᠤᠨ ᠰᠠᠭᠤᠷᠢ ᠮᠦᠡᠭᠬᠦ ᠲᠣᠠᠠᠳᠠᠭᠠᠯ ᠶᠣᠰᠣᠭᠠᠷ ᠦᠭᠴᠥ᠂ ᠮᠤᠵᠢ ᠠᠯᠤᠰᠯᠠᠨ ᠣᠨᠳᠣᠥ | ᠭᠠᠵᠡᠷ ᠡᠮᠨᠡᠭᠦᠯᠦᠭᠰᠡᠨ ᠵᠠᠷᠣᠳᠡᠯ ᠢ ᠲᠣᠰ ᠮᠡᠳᠡᠭᠳᠡᠯ ᠤᠨ ᠪᠠᠳᠣᠯᠠᠭ᠎ᠠ ᠶᠢᠨ ᠬᠦᠷᠢᠶ᠎ᠠ ᠭᠡᠪᠴᠢᠶ᠎ᠠ ᠳᠤ ᠣᠷᠣᠭᠤᠯᠬᠤ | ᠦᠭᠡᠢ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ | ᠬᠠᠷᠢᠶᠠᠯᠠᠭᠳᠠᠪᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠠᠴᠠ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠶᠣᠰᠣᠭᠠᠷ ᠥᠭᠭᠦᠨ᠎ᠡ᠃ | ᠭᠤᠷᠪᠠ᠂ ᠰᠠᠭᠤᠷᠢ ᠮᠥᠩᠭᠦ ᠥᠭᠬᠦ ᠲᠥᠷᠥ ᠶᠢᠨ ᠪᠣᠳᠣᠯᠭ᠎ᠠ | ᠳᠠᠭᠠᠳᠬᠠᠯ ᠳᠤ ᠣᠷᠣᠯᠴᠠᠭᠰᠠᠳ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠣᠯᠭᠤᠮᠵᠢ ᠭᠥᠷᠳᠡᠬᠦ ᠳᠡᠭᠡᠨ᠂ | ᠰᠠᠭᠤᠷᠢ ᠮᠥᠩᠭᠦ ᠳᠤ ᠡᠬᠢᠯᠡᠵᠦ ᠥᠭᠬᠦ ᠪᠠᠷᠢᠮᠵᠢᠶ᠎ᠠ ᠭᠠᠷᠭᠠᠬᠤ ᠥᠬᠡᠶ᠂ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠨᠢ ᠲᠣᠰ ᠲᠣᠰ 70%᠂ 50%᠂ ᠲᠤᠰᠬᠠᠶ ᠲᠣᠭᠠᠴᠠᠭ᠎ᠠ ᠬᠢᠬᠦ ᠶᠢ | ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠣᠨ ᠤ ᠰᠠᠭᠤᠷᠢ ᠮᠥᠩᠭᠦ ᠶᠢᠨ ᠬᠠᠮᠤᠭ ᠤᠨ ᠥᠨᠳᠥᠷ ᠥᠭᠬᠦ | ᠬᠢᠵᠠᠭᠠᠷ ᠲᠤᠭ᠎ᠠ ᠳᠤ ᠪᠤᠳᠤᠵᠤ ᠣᠷᠣᠭᠤᠯᠤᠨ᠎ᠠ᠃ | ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠡᠯ᠎ᠡ ᠱᠠᠲᠤᠨ ᠤ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠡᠯᠡᠯᠴᠡᠭᠡᠷ ᠤᠨ ᠬᠠᠮᠢᠶᠠᠷᠤᠯᠲᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠵᠠᠷᠤᠳᠠᠯ ᠤᠨ ᠡᠳᠦᠷ ᠲᠤᠲᠤᠮ ᠤᠨ ᠬᠢᠨᠠᠨ ᠬᠠᠷᠭᠤᠭᠤᠯᠬᠤ ᠶᠢ | ᠴᠢᠩᠭᠠᠳᠬᠠᠵᠤ᠂ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶ᠎ᠠ ᠪᠦᠬᠦᠢ ᠪᠣᠯᠵᠣᠯᠲᠤ ᠲᠤᠭ᠎ᠠ ᠶᠢ ᠴᠠᠭ ᠲᠤᠬᠠᠶ ᠳᠤᠨᠢ | ᠲᠣᠬᠢᠷᠠᠭᠤᠯᠵᠤ᠂ ᠰᠠᠭᠤᠷᠢ ᠮᠥᠩᠭᠦ ᠶᠢᠨ ᠠᠵᠢᠯᠯᠠᠭᠠᠨ ᠢ ᠬᠢᠨᠠᠨ ᠰᠢᠨᠵᠢᠵᠦ ᠵᠠᠳᠠᠯᠤᠨ ᠦᠨᠡᠯᠡᠬᠦ ᠶᠢ ᠴᠢᠩᠭᠠᠷᠠᠭᠤᠯᠵᠤ᠂ | ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠰᠠᠭᠤᠷᠢ ᠮᠥᠩᠭᠦ ᠶᠢ ᠠᠮᠤᠷ ᠲᠦᠪᠰᠢᠨ ᠪᠦᠭᠡᠳ ᠪᠦᠲᠦᠮᠵᠢᠲᠡᠢ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠬᠥᠮᠦᠨ ᠲᠥᠷᠥᠯᠬᠢᠲᠡᠨ ᠤ | ᠲᠤᠰᠠᠯᠠᠬᠤ ᠦᠷᠡᠵᠢᠯ ᠤᠨ ᠮᠡᠷᠭᠡᠵᠢᠯ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠵᠤ | ᠬᠠᠮᠢᠶᠠᠷᠬᠤ ᠪᠠᠨ ᠴᠢᠩᠭᠠᠳᠬᠠᠵᠤ᠂ ᠬᠥᠮᠦᠨ ᠲᠥᠷᠥᠯᠬᠢᠲᠡᠨ ᠤ ᠲᠤᠰᠠᠯᠠᠬᠤ ᠦᠷᠡᠵᠢᠯ ᠤᠨ ᠬᠠᠮᠢᠶ᠎ᠠ ᠪᠦᠬᠦᠢ | ᠮᠡᠷᠭᠡᠵᠢᠯ ᠤᠨ ᠵᠢᠷᠤᠮᠵᠢᠯ ᠢ ᠴᠢᠩᠭ᠎ᠠ ᠵᠢᠷᠤᠮᠯᠠᠨ ᠳᠠᠭᠠᠳᠬᠠᠯ ᠳᠤ ᠣᠷᠣᠯᠴᠠᠭᠰᠠᠳ ᠲᠤ ᠲᠤᠰᠠᠯᠠᠬᠤ ᠦᠷᠡᠵᠢᠯ ᠤᠨ | ᠦᠢᠯᠡᠴᠢᠯᠡᠭᠡ ᠬᠠᠩᠭᠠᠬᠤ ᠬᠡᠷᠡᠭᠲᠡᠶ᠃ | ︵ᠭᠤᠷᠪᠠ︶ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠣᠯᠠᠨ | ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠨᠡᠶᠢᠭᠡᠮ ᠤᠨ | ᠵᠢᠱᠢᠯᠲᠡ ᠶᠢ ᠵᠦᠶ ᠵᠣᠬᠢᠰᠲᠠᠶ ᠬᠥᠲᠥᠯᠦᠨ ᠵᠢᠯᠣᠭᠤᠳᠤᠨ᠎ᠠ᠃ | ᠲᠣᠰ ᠮᠡᠳᠡᠭᠳᠡᠯ ᠢ 2024 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ | ᠬᠡᠷᠡᠭᠵᠢᠭᠦᠯᠦᠨ᠎ᠡ᠃ | ᠳᠠᠭᠠᠯᠳᠤᠭᠤᠯᠤᠯ᠄ ᠲᠤᠰᠠᠯᠠᠬᠤ ᠦᠷᠡᠵᠢᠯ ᠤᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠲᠥᠷᠥᠯ | ᠵᠦᠢᠯ ᠤᠨ ᠬᠦᠰᠦᠨᠦᠭᠲᠦ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 2024 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ | | ︵ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | |