ᠪᠠᠶᠢᠭᠤᠯᠤᠮᠵᠢ ᠶᠢᠨ ᠡᠭᠦᠷᠭᠡ ᠴᠢᠳᠠᠮᠵᠢ
ᠨᠡᠶᠢᠲᠡᠯᠡᠭᠰᠡᠨ ᠴᠠᠭ᠄
2024/1/8
  ᠨᠢᠭᠡᠳᠦᠭᠡᠷ ᠵᠤᠷᠪᠤᠰ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃  ᠬᠤᠶᠠᠳᠤᠭᠠᠷ ᠵᠤᠷᠪᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠤᠮᠵᠢ ᠪᠠᠶᠢᠵᠤ᠂ ᠳᠡᠳ᠋ ᠲᠢᠩᠬᠢᠮ ᠤᠨ ᠲᠠᠰ ᠤᠨ ᠨᠢᠭᠡᠴᠢ ᠪᠣᠯᠤᠨ᠎ᠠ᠃  ᠭᠤᠷᠪᠠᠳᠤᠭᠠᠷ ᠵᠤᠷᠪᠤᠰ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠪᠤᠯ ᠡᠮᠴᠢᠯᠡᠭᠡ ᠶᠢᠨ ᠪᠠᠲᠤᠯᠠᠭ᠎ᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠲᠣᠭᠤᠰᠢᠯᠠᠭᠤᠯᠣᠨ ᠨᠠᠶᠢᠳᠠᠪᠦᠷᠢᠵᠢᠭᠤᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠡᠮᠴᠢᠯᠡᠭᠡ ᠶᠢᠨ ᠪᠠᠲᠤᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃  ᠭᠤᠣᠯ ᠡᠭᠦᠷᠭᠡ ᠬᠠᠷᠢᠭᠤᠴᠠᠯᠭ᠎ᠠ᠄  ︵ᠨᠢᠭᠡ︶ ᠡᠮ ᠡᠮᠨᠡᠯᠭᠡ ᠶᠢᠨ ᠳᠠᠭᠠᠳᠬᠠᠯ᠂ ᠬᠦᠩᠭᠡᠵᠢᠯ ᠤᠨ ᠳᠠᠭᠠᠳᠬᠠᠯ᠂ ᠡᠮᠴᠢᠯᠡᠭᠡ ᠶᠢᠨ ᠠᠪᠤᠷᠠᠨ ᠲᠤᠰᠠᠯᠠᠬᠤ ᠵᠡᠷᠭᠡ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠦᠯᠦᠪᠵᠢᠭᠦᠯᠭᠡ᠂ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠭᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃  ︵ᠭᠤᠷᠪᠠ︶ ᠡᠮᠴᠢᠯᠡᠭᠡ ᠶᠢᠨ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠬᠥᠳᠡᠯᠦᠩᠭᠦᠶ ᠲᠣᠬᠢᠷᠠᠭᠤᠯᠤᠯᠲᠠ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢ ᠲᠡᠩᠴᠡᠭᠦᠷᠢᠲᠡᠶ ᠪᠠᠶᠢᠯᠭᠠᠬᠤ ᠲᠤᠭᠳᠠᠴᠠ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠡᠮᠴᠢᠯᠡᠭᠡ ᠶᠢᠨ ᠪᠠᠲᠤᠯᠠᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃  ︵ᠲᠦᠷᠪᠡ︶ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠦᠭᠦᠷᠦᠮᠵᠢ ᠵᠡᠷᠭᠡ ᠡᠮᠴᠢᠯᠡᠭᠡ ᠶᠢᠨ ᠪᠠᠳᠤᠯᠠᠭ᠎ᠠ ᠶᠢᠨ ᠭᠠᠷᠴᠠᠭ ᠪᠠ ᠵᠠᠷᠤᠳᠠᠯ ᠥᠭᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡᠷ ᠤᠨ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃  ︵ᠲᠠᠪᠤ︶ ᠤᠯᠤᠰ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠣᠨ ᠨᠠᠶᠢᠳᠠᠪᠦᠷᠢᠵᠢᠭᠤᠯᠵᠦ᠂ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ᠂ ᠲᠥᠬᠦᠭᠡᠷᠦᠮᠵᠢ ᠶᠢᠨ ᠰᠦᠢᠳᠭᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠮᠴᠢᠯᠡᠭᠡ ᠶᠢᠨ ᠪᠠᠳᠤᠯᠠᠭ᠎ᠠ ᠶᠢᠨ ᠲᠣᠭᠠᠴᠠᠭ᠎ᠠ ᠬᠢᠬᠦ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠵᠠᠬ᠎ᠠ ᠲᠡᠯᠭᠡᠭᠦᠷ ᠢᠶᠠᠷ ᠭᠤᠣᠯᠯᠠᠭᠤᠯᠤᠭᠰᠠᠨ ᠨᠡᠶᠢᠭᠡᠮ ᠤᠨ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠪᠦᠷᠢᠯᠳᠦᠭᠦᠯᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃  ︵ᠵᠢᠷᠭᠤᠭ᠎ᠠ︶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃  ︵ᠳᠣᠯᠤᠭ᠎ᠠ︶ ᠴᠡᠭ ᠲᠣᠭᠲᠠᠭᠠᠭᠰᠠᠨ ᠡᠮᠴᠢᠯᠡᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠵᠠᠷᠤᠳᠠᠯ ᠥᠭᠬᠦ ᠬᠠᠮᠢᠶᠠᠷᠤᠯᠳᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡ ᠶᠢᠨ ᠪᠠᠳᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡ ᠶᠢᠨ ᠦᠢᠯᠡᠴᠢᠯᠡᠭᠡᠨ ᠤ ᠠᠵᠢᠯᠯᠠᠭ᠎ᠠ ᠪᠠ ᠡᠮᠴᠢᠯᠡᠭᠡ ᠶᠢᠨ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃  ︵ᠨᠠᠢᠮᠠ︶ ᠡᠮᠴᠢᠯᠡᠭᠡ ᠶᠢᠨ ᠪᠠᠲᠤᠯᠠᠭ᠎ᠠ ᠶᠢ ᠭᠠᠷᠲᠠᠨ ᠭᠦᠢᠴᠡᠳᠭᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠤ ᠭᠠᠵᠠᠷ ᠲᠤ ᠡᠮᠨᠡᠭᠦᠯᠬᠦ ᠶᠢ ᠬᠠᠮᠢᠶᠠᠷᠬᠤ ᠪᠠ ᠵᠠᠷᠤᠳᠠᠯ ᠢ ᠳ᠋ᠦᠩᠨᠡᠨ ᠪᠣᠳᠣᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠲᠡᠭᠦᠯᠳᠡᠷᠵᠢᠭᠦᠯᠬᠦ ᠬᠡᠷᠡᠭᠲᠡᠶ᠃ ᠡᠮᠴᠢᠯᠡᠭᠡ ᠶᠢᠨ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠬᠦ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃  ︵ᠶᠢᠰᠦ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃  ︵ᠠᠷᠪᠠ︶ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ  ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠠ ᠡᠮᠴᠢᠯᠡᠭᠡ ᠶᠢᠨ ᠠᠪᠤᠷᠠᠨ ᠲᠤᠰᠠᠯᠠᠬᠤ ᠨᠢᠭᠡᠳᠦᠯᠲᠡᠶ ᠳᠦᠷᠢᠮ ᠢ ᠲᠡᠭᠦᠯᠳᠡᠷᠵᠢᠭᠦᠯᠵᠦ᠂ ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠣᠯᠠᠨ ᠳᠡᠰ ᠳᠠᠪᠬᠤᠷᠭ᠎ᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮᠴᠢᠯᠡᠭᠡ ᠶᠢᠨ ᠪᠠᠳᠤᠯᠠᠭ᠎ᠠ ᠶᠢᠨ ᠪᠡᠯᠡ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠡᠵᠡᠮᠳᠡᠬᠦ ᠶᠢ ᠦᠨᠡᠨᠬᠦ ᠪᠠᠲᠤᠯᠠᠵᠤ᠂ ᠡᠮᠴᠢᠯᠡᠭᠡ᠂ ᠡᠮᠴᠢᠯᠡᠭᠡ ᠶᠢᠨ ᠪᠠᠳᠤᠯᠠᠭ᠎ᠠ᠂ ᠡᠮ ᠡᠮᠨᠡᠯᠭᠡ ︽ᠭᠤᠷᠪᠠ ᠶᠢ ᠬᠤᠯᠪᠣᠭᠠᠯᠠᠨ ᠬᠦᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠨᠠᠩ ᠰᠠᠶᠢᠳᠤᠷ ᠪᠠᠲᠤᠯᠠᠵᠤ᠂ ᠡᠮᠴᠢᠯᠡᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃  ︵ᠠᠷᠪᠠᠨ ᠨᠢᠭᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ  ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠦᠭᠡ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠮᠴᠢᠯᠡᠭᠡ᠂ ᠡᠮᠴᠢᠯᠡᠭᠡ ᠶᠢᠨ ᠪᠠᠳᠤᠯᠠᠭ᠎ᠠ᠂ ᠡᠮ ᠡᠮᠨᠡᠯᠭᠡ ᠵᠡᠷᠭᠡ ᠲᠠᠯ᠎ᠠ ᠶᠢᠨ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号