ᠳᠣᠲᠣᠭᠠᠳᠤ ᠶᠢᠨ ᠪᠠᠶᠢᠭᠤᠯᠤᠮᠵᠢ
ᠨᠡᠶᠢᠲᠡᠯᠡᠭᠰᠡᠨ ᠴᠠᠭ᠄
2024/1/8
  ᠠᠯᠪᠠᠨ ᠭᠡᠷ  ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠤᠨ ᠨᠡᠶᠢᠳᠡᠯᠡᠯ ᠪᠠ ᠬᠠᠮᠲᠤᠷᠠᠯᠴᠠᠨ ᠰᠤᠯᠢᠯᠴᠠᠬᠤ ᠵᠡᠷᠭᠡ ᠠᠵᠢᠯ ᠳᠤ ᠬᠠᠷᠢᠭᠤᠴᠠᠨ᠎ᠠ᠃ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠡᠮᠴᠢᠯᠡᠭᠡ ᠶᠢᠨ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠪᠣᠯᠤᠨ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠲᠤᠭᠤᠷᠪᠢᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠬᠠᠷᠢᠭᠤᠴᠠᠬᠤ ᠠᠵᠢᠯ ᠢ ᠡᠭᠦᠷᠭᠡᠯᠡᠨ᠎ᠡ᠃   ᠬᠠᠷᠠᠭᠠᠯᠵᠠᠯ ᠤᠨ ᠪᠠᠳᠤᠯᠠᠭ᠎ᠠ ᠶᠢᠨ ᠭᠠᠵᠠᠷ  ᠡᠮᠴᠢᠯᠡᠭᠡ ᠶᠢᠨ ᠪᠠᠲᠤᠯᠠᠭ᠎ᠠ ᠶᠢᠨ ᠪᠡᠯᠡ ᠮᠥᠩᠭᠦ ᠴᠤᠭᠯᠠᠭᠤᠯᠬᠤ ᠪᠠ ᠬᠠᠨᠳᠤᠯᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠳᠠ ᠬᠥᠳᠡᠭᠡ ᠶᠢᠨ ᠡᠮᠴᠢᠯᠡᠭᠡ ᠶᠢᠨ ᠪᠠᠲᠤᠯᠠᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠢ ᠨᠢᠭᠡᠳᠦᠯᠲᠡᠶ ᠲᠦᠯᠦᠪᠯᠡᠨ᠎ᠡ᠃ ᠤᠯᠠᠨ ᠲᠡᠰ ᠳᠠᠪᠬᠤᠷᠭ᠎ᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠳᠡᠢ ᠲᠥᠯᠥᠪᠯᠡᠨ ᠠᠬᠢᠭᠤᠯᠤᠨ᠎ᠠ᠃ ᠡᠮᠴᠢᠯᠡᠭᠡ ᠶᠢᠨ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠬᠦ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃   ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠭᠠᠵᠠᠷ   ᠡᠮᠴᠢᠯᠡᠭᠡ ᠶᠢᠨ ᠪᠠᠳᠤᠯᠠᠭ᠎ᠠ ᠶᠢᠨ ᠭᠠᠷᠴᠠᠭ ᠪᠠ ᠵᠠᠷᠤᠳᠠᠯ ᠥᠭᠬᠦ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡᠷ ᠤᠨ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠴᠡᠭ ᠲᠣᠭᠲᠠᠭᠠᠭᠰᠠᠨ ᠡᠮᠴᠢᠯᠡᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠪᠠᠳᠤᠯᠠᠭ᠎ᠠ ᠶᠢᠨ ᠵᠥᠪᠯᠡᠯᠴᠡᠭᠡᠷ ᠪᠠ ᠵᠠᠷᠤᠳᠠᠯ ᠥᠭᠬᠦ ᠬᠠᠮᠢᠶᠠᠷᠤᠯᠲᠠ᠂ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠶᠢᠨ ᠠᠷᠭ᠎ᠠ ᠪᠠ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠡᠮᠴᠢᠯᠡᠭᠡᠨ ᠤ ᠪᠠᠳᠤᠯᠠᠭ᠎ᠠ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ ᠤᠯᠤᠰ ᠤᠨ ᠱᠠᠭᠠᠷᠳᠠᠯᠭ᠎ᠠ ᠶᠣᠰᠣᠭᠠᠷ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠮᠡᠷᠭᠡᠵᠢᠯ ᠤᠨ ᠠᠵᠤ ᠠᠬᠤᠶ ᠶᠢᠨ ᠴᠢᠨᠠᠷᠲᠠᠶ ᠦᠨᠡᠯᠡᠯᠲᠡ ᠶᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃    ᠡᠮ ᠡᠮᠨᠡᠯᠭᠡ ᠶᠢᠨ ᠦᠨ᠎ᠡ ᠬᠠᠩᠰᠢ ᠬᠢᠭᠡᠳ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠭᠠᠵᠠᠷ   ᠤᠯᠤᠰ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠲᠦᠬᠦᠭᠡᠷᠦᠮᠵᠢ ᠶᠢᠨ ᠰᠦᠢᠳᠭᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃   ᠡᠳ᠋ ᠤᠨ ᠶᠠᠪᠤᠳᠠᠯ ᠤᠨ ᠲᠥᠯᠥᠪᠵᠢᠭᠦᠯᠭᠡ ᠬᠢᠭᠡᠳ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ   ᠡᠮᠴᠢᠯᠡᠭᠡ ᠶᠢᠨ ᠪᠠᠲᠤᠯᠠᠭ᠎ᠠ ᠶᠢᠨ ᠠᠵᠢᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠭᠡᠯ ᠤᠨ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠨ᠎ᠠ᠃ ᠡᠮᠴᠢᠯᠡᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠳᠤ ᠬᠢᠨᠠᠯᠲᠠ ᠲᠠᠯᠪᠢᠬᠤ ᠬᠠᠮᠢᠶᠠᠷᠤᠯᠳᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡ ᠶᠢᠨ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠪᠠ ᠡᠮᠴᠢᠯᠡᠭᠡ ᠶᠢᠨ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡ ᠶᠢᠨ ᠪᠠᠲᠤᠯᠠᠭ᠎ᠠ ᠶᠢᠨ ᠭᠠᠷᠳᠠᠨ ᠬᠢᠬᠦ ᠲᠤᠬᠠᠶᠢᠯᠠᠭᠰᠠᠨ ᠠᠵᠢᠯ ᠢ ᠵᠢᠷᠤᠮᠵᠢᠭᠤᠯᠵᠤ᠂ ᠡᠮᠴᠢᠯᠡᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠡ ᠶᠢᠨ ᠲᠥᠰᠦᠪ ᠪᠠ ᠲᠥᠰᠦᠪ ᠤᠨ ᠭᠦᠢᠴᠡᠳᠭᠡᠯ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠡᠭᠦᠷᠭᠡᠯᠡᠨ᠎ᠡ᠃  ᠪᠠᠶᠢᠭᠤᠯᠭ᠎ᠠ ᠶᠢᠨ ᠨᠠᠮ ᠤᠨ ᠡᠭᠦᠷ ︵ᠠᠵᠢᠯᠳᠠᠨ ᠤ ᠭᠠᠵᠠᠷ︶   ᠪᠠᠶᠢᠭᠤᠯᠭ᠎ᠠ ᠪᠣᠯᠤᠨ ᠬᠠᠷᠢᠶ᠎ᠠ ᠪᠠᠶᠢᠭᠤᠯᠭ᠎ᠠ ᠶᠢᠨ ᠨᠠᠮ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠣᠯᠤᠨ ᠬᠠᠷᠢᠶ᠎ᠠ ᠪᠠᠶᠢᠭᠤᠯᠭ᠎ᠠ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠰᠤᠷᠭᠠᠨ ᠬᠥᠮᠦᠵᠢᠯ ᠤᠨ ᠪᠣᠯᠪᠠᠰᠤᠷᠠᠯ᠂ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃  ᠬᠠᠷᠢᠭᠤᠴᠠᠯᠭᠠᠳᠠᠨ᠄ ᠴᠠᠩ ᠴᠢᠩ  ᠠᠵᠢᠯᠯᠠᠬᠤ ᠴᠠᠭ᠄ 9:00-12:00᠂14:30-18:00  ᠬᠠᠷᠢᠯᠴᠠᠬᠤ ᠤᠲᠠᠰᠤ᠄ 0471-6606276  ᠪᠠᠶᠢᠭᠤᠯᠭ᠎ᠠ ᠶᠢᠨ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 53 ᠳ᠋ᠤᠭᠠᠷ ᠨᠣᠮᠧᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号