ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠪᠠ  ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ  ᠸᠠᠩ ᠯᠢ ᠰᠢᠶᠠ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/10/11
    10 ᠰᠠᠷ᠎ᠠ ᠶᠢᠨ 11 ᠤ ᠡᠳᠦᠷ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠪᠣᠯᠣᠨ ᠶᠡᠷᠦᠩᠬᠡᠢ ᠱᠦᠵᠢ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠭᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
1 (1).jpg
    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠳ᠋ᠦᠩᠨᠡᠯᠲᠡ ᠶᠢᠨ ᠶᠠᠷᠢᠶ᠎ᠠ ᠲᠠᠯᠪᠢᠪᠠ᠃
2 (1).jpg
    ᠰᠦᠨ ᠱᠤᠤ ᠴᠧᠩ ᠶᠠᠷᠢᠶᠠᠨ ᠳᠠᠭᠠᠨ ᠥᠩᠭᠡᠷᠡᠭᠰᠡᠨ ᠲᠠᠪᠤᠨ ᠵᠢᠯ ᠤᠨ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠪᠦᠭᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠣᠨ ᠥᠷᠭᠡᠨ ᠤᠯᠠᠨ ᠠᠷᠠᠳ ᠤᠨ ᠴᠠᠭᠳᠠᠭ᠎ᠠ ᠳᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠳᠣᠲᠣᠭᠠᠳᠤ ᠶᠢ ᠬᠠᠮᠠᠭᠠᠯᠠᠬᠤ ᠠᠵᠢᠯ ᠤᠨ ᠲᠣᠭᠤᠷᠢᠨ ᠳᠤ ᠠᠯᠢ ᠤᠯᠠᠨ ᠴᠢᠬᠤᠯᠠ ᠥᠭᠦᠯᠡᠯᠲᠡ ᠬᠢᠵᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠂ ᠪᠢᠳᠡ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ᠣᠳᠣᠬᠠᠨ ᠳᠤ᠂ ᠣᠷᠣᠨ ᠳᠠᠶᠠᠭᠠᠷ ᠶᠠᠭ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ᠂ ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠵᠤ ᠪᠤᠢ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ︽ ᠬᠤᠶᠠᠷ ᠢ ᠲᠣᠭᠲᠠᠭᠠᠭᠰᠠᠨ ︾ ᠢ ᠬᠦᠷᠢᠶᠡᠯᠡᠬᠦ᠂ ︽ ᠬᠤᠶᠠᠷ ᠢ ᠬᠠᠮᠠᠭᠠᠯᠠᠬᠤ ︾ ᠶᠢ ᠦᠢᠯᠡᠳᠦᠯᠭᠡᠵᠢᠭᠦᠯᠬᠦ ᠳᠡᠭᠡᠳᠦ ᠬᠡᠮᠵᠢᠶᠡᠨ ᠤ ᠤᠬᠠᠮᠰᠠᠷ ᠢᠶᠠᠷ ᠳᠣᠲᠣᠭᠠᠳᠤ ᠶᠢ ᠬᠠᠮᠠᠭᠠᠯᠠᠬᠤ ᠠᠵᠢᠯ ᠢ ᠪᠦᠭᠦ ᠤᠯᠤᠰ ᠪᠣᠯᠣᠨ ᠪᠦᠭᠦ ᠣᠷᠣᠨ ᠤ ᠶᠡᠭᠡ ᠲᠠᠯ᠎ᠠ ᠳᠤ ᠲᠠᠯᠪᠢᠵᠤ ᠤᠬᠠᠭᠠᠯᠠᠨ ᠲᠥᠯᠥᠪᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠲᠥᠷᠥ ᠪᠠᠷ ᠴᠠᠭᠳᠠᠭ᠎ᠠ ᠪᠠᠨ ᠪᠠᠶᠢᠭᠤᠯᠬᠤ᠂ ᠥᠭᠡᠷᠡᠴᠢᠯᠡᠯᠲᠡ ᠪᠠᠷ ᠴᠠᠭᠳᠠᠭ᠎ᠠ ᠪᠠᠨ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠠᠭᠳᠠᠭ᠎ᠠ ᠪᠠᠨ ᠮᠠᠨᠳᠤᠭᠤᠯᠬᠤ᠂ ᠴᠠᠭᠳᠠᠭ᠎ᠠ ᠶᠢ ᠴᠢᠩᠭ᠎ᠠ ᠵᠠᠰᠠᠬᠤ᠂ ᠴᠠᠭᠳᠠᠭ᠎ᠠ ᠶᠢ ᠰᠠᠶᠢᠲᠤᠷ ᠬᠠᠷᠠᠭᠠᠯᠵᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠳᠤ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠶ ᠪᠣᠯᠭᠠᠨ ᠥᠭᠬᠦ  ᠬᠡᠷᠡᠭᠲᠡᠢ ᠭᠡᠵᠡᠢ᠃    ᠰᠦᠨ ᠱᠤᠤ ᠴᠧᠩ᠂  ᠳᠣᠲᠣᠭᠠᠳᠤ ᠶᠢ  ᠬᠠᠮᠠᠭᠠᠯᠠᠬᠤ  ᠪᠠᠶᠢᠭᠤᠯᠭ᠎ᠠ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠦᠭᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠶᠢ ᠪᠠᠲᠤᠯᠠᠨ ᠬᠠᠮᠠᠭᠠᠯᠠᠬᠤ ᠬᠡᠷᠡᠭᠲᠡᠢ᠃ ᠤᠯᠤᠰ ᠲᠥᠷᠥ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠡᠯ᠎ᠡ ᠵᠦᠢᠯ ᠤᠨ ᠳᠠᠶᠢᠰᠤᠩᠨᠠᠭᠴᠢ ᠬᠦᠴᠦᠨ ᠤ ᠨᠡᠪᠴᠢᠯᠲᠡ ᠡᠪᠳᠡᠯᠡᠭᠡ ᠬᠢᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠬᠥᠳᠡᠯᠦᠩᠭᠦᠢ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠰᠡᠷᠭᠡᠶᠢᠯᠡᠨ ᠰᠢᠢᠳᠪᠦᠷᠢᠯᠡᠬᠦ ᠶᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠦᠭᠦ  ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠵᠤ᠂ ᠬᠢᠬᠠᠨ ᠮᠡᠬᠡᠯᠡᠬᠦ ᠶᠢ ᠡᠰᠡᠷᠭᠦᠴᠡᠬᠦ ᠠᠵᠢᠯ ᠢ ᠪᠣᠳᠠᠲᠠᠢ ᠨᠠᠷᠢᠯᠢᠭ ᠬᠢᠵᠦ᠂ ︽ ᠴᠣᠬᠢᠯᠲᠠ ᠥᠭᠬᠦ ᠪᠠ ᠰᠡᠷᠭᠡᠶᠢᠯᠡᠬᠦ ᠶᠢ ᠤᠶᠠᠯᠳᠤᠭᠤᠯᠬᠤ ︾ ᠪᠠᠷ ᠳᠠᠮᠵᠢᠨ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠲᠠᠷᠢᠶᠠᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠪᠠ ᠡᠪᠳᠡᠬᠦ᠂ ᠣᠶ ᠰᠢᠭᠤᠢ ᠶᠢ ᠡᠪᠳᠡᠨ ᠠᠲᠠᠷ ᠬᠠᠭᠠᠯᠪᠤᠷᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠡᠷᠡᠰ ᠵᠠᠯᠬᠠᠭᠠᠨ ᠰᠢᠢᠳᠬᠡᠵᠦ᠂ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ ᠭᠡᠪᠡ᠃    ᠰᠦᠨ ᠱᠤᠤ ᠴᠧᠩ᠂ ᠲᠥᠪ ᠭᠤᠣᠯᠴᠢ ᠰᠢᠳᠤᠷᠭᠤ ᠶᠣᠰᠣ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠠᠮᠢᠨ ᠰᠤᠳᠠᠰᠤ ᠮᠥᠨ᠂ ᠴᠢᠩᠭ᠎ᠠ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠶᠢ ᠪᠣᠳᠠᠲᠠᠢ ᠪᠥᠭᠡᠳ ᠭᠦᠨᠵᠡᠭᠡᠢ ᠨᠠᠶᠢᠳᠠᠪᠤᠷᠢᠵᠢᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢ ᠪᠠᠷ ᠵᠠᠰᠠᠬᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠠᠶᠢᠭᠤᠯᠭ᠎ᠠ ᠶᠢᠨ ᠰᠤᠷᠲᠠᠯ ᠢ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ ᠠᠴᠠ ᠭᠠᠷᠳᠠᠵᠤ᠂ ᠥᠭᠡᠷᠡᠴᠢᠯᠡᠯᠲᠡ ᠪᠠᠷ ᠴᠠᠭᠳᠠᠭ᠎ᠠ ᠶᠢ ᠬᠦᠴᠦᠷᠬᠡᠭᠵᠢᠭᠦᠯᠬᠦ ᠶᠢ ᠶᠡᠭᠡ ᠪᠠᠷ ᠠᠬᠢᠭᠤᠯᠵᠤ᠂ ᠤᠯᠠᠨ ᠲᠦᠮᠡᠨ ᠳᠤ ︽ ᠵᠢᠵᠢᠭ ᠭᠡᠷᠴᠢᠶᠡᠭᠡᠰᠤ ︾ ᠠᠴᠠ ︽ ᠶᠡᠭᠡ ᠬᠤᠪᠢᠷᠠᠯᠲᠠ ︾ ᠶᠢ ᠮᠡᠳᠡᠷᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠠᠭᠳᠠᠭ᠎ᠠ ᠶᠢ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ᠣᠶᠤᠨᠴᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠲᠦᠪᠰᠢᠨ ᠢ ᠲᠦᠷᠭᠡᠳᠬᠡᠨ ᠳᠡᠭᠡᠭᠰᠢᠯᠡᠭᠦᠯᠭᠦ ᠬᠡᠷᠡᠭᠲᠡᠢ᠃ ᠬᠠᠶᠢᠷᠠᠯᠠᠵᠤ ᠬᠠᠯᠠᠮᠵᠢᠯᠠᠬᠤ ᠪᠠ ᠴᠢᠩᠭ᠎ᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠷᠠᠳ ᠤᠨ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠡᠷᠬᠡ ᠠᠰᠢᠭ ᠢ ᠪᠠᠲᠤᠯᠠᠬᠤ ᠲᠣᠭᠲᠠᠴᠠ ᠶᠢ ᠪᠦᠷᠢᠨᠰᠢᠭᠦᠯᠵᠦ᠂ ᠺᠠᠳ᠋ᠷ ᠴᠠᠭᠳᠠᠭ᠎ᠠ ᠶᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠠᠷ ᠪᠠᠷᠠᠬᠤ ᠦᠭᠡᠢ ᠪᠠᠰᠠ ᠪᠦᠭᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠪᠣᠯᠣᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠯᠭᠠᠷᠠᠭᠰᠠᠨ ᠳᠣᠲᠣᠭᠠᠳᠤ ᠶᠢ ᠬᠠᠮᠠᠭᠠᠯᠠᠬᠤ ᠪᠦᠭᠦᠨ ᠢ ᠢᠯᠠᠭᠴᠢ ᠴᠡᠷᠢᠭ ᠢ ᠬᠦᠴᠦᠯᠡᠨ ᠳᠠᠪᠲᠠᠨ ᠪᠤᠯᠪᠠᠰᠤᠷᠠᠭᠤᠯᠬᠤ ᠬᠡᠷᠡᠭᠲᠡᠢ ᠭᠡᠪᠡ᠃    ᠰᠦᠨ ᠱᠤᠤ ᠴᠧᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠣᠲᠣᠭᠠᠳᠤ ᠶᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭᠳᠠᠭ᠎ᠠ ᠳᠤ ᠬᠠᠷᠠᠭᠠᠯᠵᠠᠯ ᠦᠵᠡᠭᠦᠯᠭᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠠᠢ ᠠᠰᠠᠭᠤᠳᠠᠯ ᠢ ᠢᠳᠡᠪᠬᠢᠲᠡᠢ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠢᠨ  ᠳᠣᠲᠣᠭᠠᠳᠤ ᠶᠢ ᠬᠠᠮᠠᠭᠠᠯᠠᠬᠤ ᠠᠵᠢᠯ ᠢ ᠪᠠᠲᠤᠯᠠᠬᠤ ᠶᠢ ᠪᠦᠭᠦ ᠬᠦᠴᠦᠨ ᠢᠶᠠᠷ ᠢᠶᠠᠨ ᠵᠢᠯᠣᠭᠤᠳᠤᠨ ᠳᠡᠮᠵᠢᠵᠦ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠠᠵᠢᠯ ᠢᠶᠠᠨ ᠥᠷᠨᠢᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ᠃    ᠵᠧᠩ ᠭᠤᠸᠠᠩ ᠵᠣᠣ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠦᠨᠳᠦᠰᠦᠨ ᠠᠭᠤᠯᠤᠭᠳᠠᠬᠤᠨ ᠢ ᠭᠦᠨᠵᠡᠭᠡᠢ ᠡᠵᠡᠮᠰᠢᠵᠦ᠂ ︽ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠨᠠᠯ ︾ ᠪᠣᠯᠣᠨ ︽ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠵᠢᠴᠢ ᠡᠭᠦᠷᠭᠡ ᠶᠢᠨ ᠬᠤᠪᠢᠶᠠᠷᠢᠯᠠᠯ ︾ ᠤᠨ ᠲᠣᠭᠤᠷᠢᠨ ᠳᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠪᠦᠭᠦ ᠤᠯᠤᠰ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠴᠢᠨᠠᠷ ᠤᠨ ᠳᠣᠲᠣᠭᠠᠳᠤ ᠶᠢ ᠬᠠᠮᠠᠭᠠᠯᠠᠬᠤ ᠲᠠᠶᠢᠴᠢᠨ ᠬᠦᠴᠦᠨ ᠢ ᠲᠦᠷᠭᠡᠪᠴᠢᠯᠡᠨ ᠪᠤᠢ ᠪᠤᠯᠭᠠᠵᠤ ᠬᠥᠭᠵᠢᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠢᠯᠡᠳᠬᠡᠪᠡ᠃    ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠣᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号