ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠠᠰᠠᠭᠤᠳᠠᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠬᠡᠪᠴᠢᠶᠡᠨ ᠳᠤ ᠣᠷᠤᠭᠤᠯᠪᠠ
ᠨᠡᠶᠢᠲᠡᠯᠡᠭᠰᠡᠨ ᠴᠠᠭ᠄
2024/10/14
  ᠣᠶᠢᠷ᠎ᠠ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠡᠭᠦᠨ ᠤ ᠠᠮᠤᠷ ᠲᠦᠪᠰᠢᠨ᠂ ᠲᠣᠭᠲᠠᠭᠤᠨ᠂ ᠦᠷᠭᠦᠯᠵᠢᠯᠡᠨ ᠠᠵᠢᠯᠯᠠᠬᠤ ᠶᠢ ᠪᠠᠲᠤᠯᠠᠬᠤ ᠶᠢᠨ ᠲᠤᠰᠠᠳᠠ᠂ ᠮᠠᠨ ᠤ ᠣᠷᠣᠨ ︽ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠯᠡᠬᠦ ᠠᠰᠠᠭᠤᠳᠠᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠪᠠ᠃ ᠲᠣᠰ ᠲᠥᠰᠦᠯ ᠳᠤ ᠪᠥᠬᠦ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠤᠳᠠᠯᠳᠤᠨ ᠠᠪᠬᠤ ᠪᠠᠶᠢᠳᠠᠯ ᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠵᠤ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠪᠠ ᠬᠡᠷᠡᠭᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠲᠣᠭᠲᠠᠭᠠᠯ ᠳᠤ ᠨᠡᠶᠢᠴᠡᠬᠦ ᠴᠢᠨᠠᠷ ᠢ ᠦᠨᠡᠨ ᠬᠦ ᠪᠠᠲᠤᠯᠠᠵᠤ᠂ ᠡᠪᠡᠳᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ ᠶᠤᠮ᠃  ᠲᠣᠰ ᠤᠳᠠᠭᠠᠨ ᠤ ᠬᠢᠨᠠᠨ ᠬᠡᠮᠵᠢᠬᠦ ᠠᠵᠢᠯ ᠨᠢ ᠪᠥᠬᠦ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠤᠳᠠᠯᠳᠤᠨ ᠠᠪᠬᠤ ᠶᠠᠪᠤᠴᠠ ᠳᠠᠬᠢ ᠵᠢᠷᠤᠮᠵᠢᠯ ᠥᠬᠡᠶ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠠᠩᠬᠠᠷᠪᠠ ᠃ ᠪᠣᠳᠠᠲᠠᠢ ᠪᠠᠷ ᠬᠡᠯᠡᠪᠡᠯ᠂ ᠦᠢᠯᠡᠳᠬᠦᠨ ᠬᠤᠳᠠᠯᠳᠤᠨ ᠠᠪᠬᠤ ᠬᠡᠮᠵᠢᠶ᠎ᠡ ᠶᠢ ᠴᠠᠭ ᠲᠤᠬᠠᠢ ᠳᠤ ᠨᠢ ᠪᠡᠶᠡᠯᠡᠭᠦᠯᠦᠭᠰᠡᠨ ᠦᠭᠡᠢ᠂ ᠳᠤᠮᠳᠠ ᠠᠴᠠ ᠰᠤᠩᠭᠤᠭᠰᠠᠨ ᠡᠮ ᠤᠨ ᠵᠦᠢᠯ ᠢ ᠬᠡᠮᠵᠢᠶ᠎ᠡ ᠠᠴᠠ ᠬᠡᠲᠦᠷᠡᠭᠦᠯᠦᠨ ᠬᠤᠳᠠᠯᠳᠤᠨ ᠠᠪᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠡᠲᠡᠭᠡᠷ ᠦᠢᠯᠡ ᠠᠵᠢᠯᠯᠠᠭ᠎ᠠ ᠨᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠦᠶ ᠵᠣᠬᠢᠰ ᠥᠬᠡᠶ ᠪᠠᠷ ᠬᠡᠷᠡᠭᠯᠡᠭᠦᠯᠬᠦ ᠪᠠᠷ ᠪᠠᠷᠠᠬᠤ ᠥᠬᠡᠶ᠂ ᠪᠠᠰᠠ ᠡᠪᠡᠳᠴᠢᠲᠡᠨ ᠤ ᠲᠣᠰ ᠪᠡᠶ᠎ᠡ ᠶᠢᠨ ᠠᠰᠢᠭ ᠲᠤᠰᠠ ᠶᠢ ᠬᠦᠨᠳᠦ ᠨᠣᠴᠢᠲᠠᠶ ᠬᠤᠬᠢᠷᠠᠭᠤᠯᠵᠤ ᠮᠡᠳᠡᠨ᠎ᠡ᠃  ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠡᠪ ᠤᠨ ᠪᠤᠰᠤ ᠲᠤᠭ᠎ᠠ ᠪᠠᠷᠢᠮᠲᠠ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠳᠠᠮᠵᠢᠭᠤᠯᠤᠨ ᠬᠦᠷᠭᠡᠬᠦ ᠶᠢᠨ ᠬᠠᠮᠲᠤ᠂ ᠡᠯ᠎ᠡ ᠨᠢᠭᠡᠳᠦᠯᠲᠡᠶ ᠲᠥᠯᠥᠪᠯᠡᠬᠦ ᠣᠷᠣᠨ ᠢ ᠭᠦᠨᠵᠡᠭᠡᠶ ᠬᠠᠷᠭᠤᠭᠤᠯᠤᠨ ᠪᠠᠶᠢᠴᠠᠭᠠᠬᠤ ᠶᠢ ᠱᠠᠭᠠᠷᠳᠠᠬᠤ ᠪᠣᠯᠣᠨ᠎ᠠ ᠃ ︽ᠵᠢᠭᠰᠠᠭᠠᠨ ᠪᠠᠶᠢᠴᠠᠭᠠᠬᠤ + ᠳᠦᠯᠬᠢᠨ ᠬᠦᠷᠭᠡᠬᠦ + ᠪᠠᠶᠢᠴᠠᠭᠠᠨ ᠰᠢᠢᠳᠪᠦᠷᠢᠯᠡᠬᠦ + ᠵᠠᠷᠯᠠᠨ ᠮᠡᠳᠡᠭᠳᠡᠬᠦ + ᠴᠡᠭᠴᠡᠯᠡᠨ ᠰᠠᠶᠢᠵᠢᠷᠠᠭᠤᠯᠬᠤ︾ ᠪᠢᠲᠡᠭᠦᠤ ᠭᠤᠭᠴᠤᠭᠠᠨ ᠤ ᠬᠠᠮᠢᠶᠠᠷᠤᠯᠲᠠ ᠶᠢᠨ ᠲᠣᠭᠲᠠᠴᠠ ᠪᠠᠷ ᠳᠠᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠳᠤᠮᠳᠠᠬᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠨ᠎ᠠ᠃ ᠲᠣᠰ ᠠᠷᠭ᠎ᠠ ᠬᠡᠮᠵᠢᠶ᠎ᠡ ᠨᠢ ᠨᠠᠩ ᠢᠯᠡ ᠲᠣᠳᠣ᠂ ᠵᠢᠷᠤᠮᠵᠢᠯ ᠲᠠᠢ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠣᠷᠴᠢᠨ ᠨᠥᠬᠦᠴᠡᠯ ᠢ ᠪᠣᠶ ᠪᠣᠯᠭᠠᠵᠤ᠂ ᠡᠭᠦᠨ ᠤ ᠤᠯᠠᠮ ᠢᠶᠠᠷ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠦᠶ ᠵᠣᠬᠢᠰᠲᠠᠶ ᠬᠡᠷᠡᠭᠯᠡᠬᠦ ᠶᠢ ᠪᠠᠲᠤᠯᠠᠬᠤ ᠶᠢᠨ ᠲᠥᠯᠥᠭᠡ ᠶᠤᠮ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号