ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠡᠯᠡᠳᠬᠡᠯ ᠲᠣᠭᠤᠷᠢᠨ ᠪᠠᠶᠢᠴᠠᠭᠠᠬᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/16
  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ᠂ 10 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠡᠯᠡᠳᠬᠡᠯ ᠲᠣᠭᠤᠷᠢᠨ ᠪᠠᠶᠢᠴᠠᠭᠠᠬᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠯᠢᠦ ᠷᠦᠢ ᠰᠢᠨ ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠪᠠ᠃ ᠴᠠᠩ ᠴᠢᠩ ᠬᠤᠷᠠᠯ ᠢ ᠡᠷᠬᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠪᠡ᠃  ᠯᠢᠦ ᠷᠦᠢ ᠰᠢᠨ᠂ ᠲᠣᠭᠤᠷᠢᠨ ᠪᠠᠶᠢᠴᠠᠭᠠᠯᠲᠠ ᠪᠣᠯ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠦᠷᠢᠮ ᠤᠨ ᠲᠤᠬᠢᠷᠠᠭᠤᠯᠤᠯᠳᠠ ᠪᠣᠯᠤᠨ᠎ᠠ᠃ ᠡᠨᠡ ᠤᠳᠠᠭᠠᠨ ᠤ ᠪᠡᠯᠡᠳᠬᠡᠯ ᠲᠣᠭᠤᠷᠢᠨ ᠪᠠᠶᠢᠴᠠᠭᠠᠯᠲᠠ ᠶᠢ ᠥᠷᠨᠢᠭᠦᠯᠬᠦ ᠪᠣᠯ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠱᠠᠯᠠᠪᠳᠠᠭᠤᠯᠬᠤ ᠴᠢᠬᠤᠯᠠ ᠠᠷᠭ᠎ᠠ ᠬᠡᠮᠵᠢᠶ᠎ᠡ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃  ᠯᠢᠦ ᠷᠦᠢ ᠰᠢᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠤᠯᠤᠰ ᠲᠦᠷᠦ ᠶᠢᠨ ᠠᠰᠠᠭᠤᠳᠠᠯ᠂ ᠬᠠᠷᠢᠭᠤᠴᠠᠯᠭ᠎ᠠ ᠶᠢᠨ ᠠᠰᠠᠭᠤᠳᠠᠯ᠂ ᠰᠤᠷᠲᠠᠯ ᠤᠨ ᠠᠰᠠᠭᠤᠳᠠᠯ ᠪᠣᠯᠤᠨ ᠢᠯᠵᠠᠷᠠᠯ ᠤᠨ ᠠᠰᠠᠭᠤᠳᠠᠯ ᠢ ᠬᠦᠴᠦᠯᠡᠨ ᠡᠷᠢᠵᠦ ᠵᠠᠯᠠᠷᠠᠭᠤᠯᠬᠤ ᠬᠡᠷᠡᠭᠲᠡᠢ ᠃ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠳᠤ ᠳᠡᠮᠵᠢᠨ ᠬᠠᠮᠵᠢᠯᠴᠠᠵᠤ᠂ ᠠᠳᠠᠯᠢ ᠰᠡᠳᠦᠪ ᠢᠶᠠᠷ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠬᠠᠮᠲᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠦ ᠢᠯᠡᠷᠬᠡᠶᠢᠯᠡᠪᠡ ᠃  ᠴᠠᠩ ᠴᠢᠩ ᠂ ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠪᠣᠯ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠢᠭᠡ ᠤᠳᠠᠭᠠᠨ ᠤ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠮᠥᠨ᠂ ᠪᠠᠰᠠ ᠴᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ︽ᠰᠤᠳᠠᠯ ᠪᠠᠷᠢᠵᠤ ᠣᠨᠣᠰᠢᠯᠠᠬᠤ︾ ᠶᠠᠪᠤᠳᠠᠯ ᠪᠣᠯᠣᠨ᠎ᠠ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠵᠤ᠂ ︽ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ︔ ᠪᠦᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠪᠠᠶᠢᠳᠠᠯ ᠢ ᠦᠨᠡᠨ ᠪᠣᠳᠠᠲᠠᠶ ᠪᠠᠷ ᠲᠤᠰᠬᠠᠵᠤ᠂ ᠲᠣᠭᠤᠷᠢᠨ ᠪᠠᠶᠢᠴᠠᠭᠠᠬᠤ ᠲᠣᠬᠢᠷᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠲᠣᠭᠤᠷᠢᠨ ᠪᠠᠶᠢᠴᠠᠭᠠᠬᠤ ᠠᠵᠢᠯ ᠤᠨ ᠤᠷᠤᠭᠰᠢᠲᠠᠶ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠶ︔ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠮᠴᠢᠯᠡᠭᠡᠨ ᠤ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠢᠯᠡᠷᠬᠡᠶᠢᠯᠡᠪᠡ᠃  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠡᠰᠡᠭ ᠭᠡᠰᠢᠭᠦᠨ ︔ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠤᠳᠤᠷᠢᠳᠬᠤ ᠪᠠᠭ ᠤᠨ ᠭᠡᠰᠢᠭᠦᠨ ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠳ᠂ ᠳᠣᠲᠣᠭᠠᠳᠤ ᠳᠤ ᠪᠠᠨ ᠪᠠᠶᠢᠭᠤᠯᠤᠭᠰᠠᠨ ᠰᠠᠯᠠᠭ᠎ᠠ ᠮᠥᠴᠢᠷ᠂ ᠬᠠᠷᠢᠶ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠠᠵᠢᠯ ᠠᠴᠠ ᠪᠠᠨ ᠰᠠᠯᠵᠤ ᠪᠠᠭᠤᠵᠤ ᠠᠮᠠᠷᠠᠭᠰᠠᠨ ᠺᠠᠳ᠋ᠷᠴᠤᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃  ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠶ ᠵᠢᠵᠢᠭᠦᠷᠯᠡᠬᠦ ᠤᠲᠠᠰᠤ ᠲᠣᠬᠢᠷᠠᠭᠤᠯᠪᠠ᠄ 0471 - 3158070 ᠪᠠᠶᠢᠵᠤ᠂ ᠡᠳᠦᠷ ᠪᠦᠷᠢ ᠶᠢᠨ ᠤᠳᠠᠰᠤ ᠭᠥᠯᠢᠶᠡᠨ ᠠᠪᠬᠤ ᠴᠠᠭ ᠨᠢ 8᠄ 00 ᠠᠴᠠ 18᠄ 00 ᠪᠣᠯᠣᠨ᠎ᠠ︔ ᠰᠢᠤᠳᠠᠨ ᠤ ᠬᠠᠶᠢᠷᠴᠠᠭ᠄ ᠥᠪᠥᠷ ᠮᠣᠩᠭᠤᠯ ᠤᠨ ᠬᠥᠬᠡᠬᠤᠲᠠ ᠶᠢᠨ A972 ᠨᠣᠮᠧᠷ︔ ᠢᠮᠧᠯ᠄ swzxsybj@163.com ᠃ ᠡᠭᠦᠨ ᠤ ᠬᠠᠮᠲᠤ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠤᠨ ᠴᠠᠬᠢᠯᠭᠠᠨ ᠱᠠᠲᠤᠨ ᠤ ᠬᠤᠶᠢᠲᠤ ᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠤᠨ ᠭᠤᠤᠯ ᠡᠭᠦᠳᠡᠨ ᠤ ᠬᠤᠶᠢᠲᠤ ᠲᠠᠯ᠎ᠠ ᠳᠤ ᠲᠣᠰ ᠲᠣᠰ ᠬᠠᠷᠢᠯᠴᠠᠬᠤ ᠵᠠᠬᠢᠳᠠᠯ ᠤᠨ ᠬᠠᠶᠢᠷᠴᠠᠭ ᠳᠣᠭᠢᠷᠠᠭᠤᠯᠵᠤ᠂ ︽ᠺᠣᠳ᠋ ᠢᠶᠠᠷ ᠴᠠᠭᠳᠠᠨ ᠪᠠᠶᠢᠴᠠᠭᠠᠬᠤ︾ ᠬᠤᠶᠠᠷ ᠬᠡᠮᠵᠢᠯᠳᠦ ᠺᠣᠳ᠋ ᠨᠠᠭᠠᠪᠠ᠃ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠭᠤᠣᠯᠳᠠᠭᠤ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠵᠢᠴᠢ ᠲᠡᠭᠦᠨ ᠤ ᠭᠡᠰᠢᠭᠦᠳ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠭᠤ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠣᠯᠵᠢᠯᠠᠯ ᠤᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 12 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ ᠦᠷᠭᠦᠯᠵᠢᠯᠡᠨ᠎ᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号