10 ᠰᠠᠷ᠎ᠠ ᠶᠢᠨ 15 ᠤ ᠡᠳᠦᠷ ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠢᠷᠡᠭᠡᠳᠦᠢ ᠳᠤ | ᠬᠠᠨᠳᠤᠭᠰᠠᠨ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠵᠢᠴᠢ ᠦᠢᠯᠡᠳᠪᠦᠷᠢ | ᠪᠠᠶᠢᠭᠤᠯᠤᠭᠳᠠᠭᠰᠠᠨ 70 ᠵᠢᠯ ᠤᠨ ᠤᠢ ᠶᠢᠨ ᠶᠡᠭᠡ ᠬᠤᠷᠠᠯ ᠶᠠᠪᠤᠭᠳᠠᠭᠤᠯᠵᠤ ᠂ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠲᠤᠰᠬᠠᠢ | ᠮᠡᠷᠭᠡᠵᠢᠯᠲᠡᠨ ᠂ ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠂ ᠠᠷᠠᠳᠴᠢᠯᠠᠭᠰᠠᠨ ᠨᠠᠮ ᠪᠦᠯᠦᠭ ᠤᠨ | ᠪᠠᠶᠢᠭᠤᠯᠭ᠎ᠠ ᠂ ᠶᠡᠭᠡ ᠳᠡᠭᠡᠳᠦ ᠰᠤᠷᠭᠠᠭᠤᠯᠢ ᠂ ᠡᠬᠢᠨ ᠤ ᠪᠠ ᠡᠴᠦᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠠᠵᠤ | ᠠᠬᠤᠶᠢᠯᠠᠯ ᠂ ᠠᠵᠢᠯ ᠲᠦᠷᠦᠯ ᠤᠨ ᠨᠡᠶᠢᠭᠡᠮᠯᠢᠭ ᠵᠡᠷᠭᠡ ᠠᠴᠠ ᠬᠦᠷᠦᠯᠴᠡᠨ ᠢᠷᠡᠭᠰᠡᠨ ᠲᠥᠯᠥᠭᠡᠯᠡᠭᠴᠢ ︽ ᠲᠠᠯ᠎ᠠ | ᠨᠤᠲᠤᠭ ᠤᠨ ᠪᠣᠯᠣᠳ ᠬᠤᠳᠠ ︾ ᠳᠤ ᠪᠠᠶᠠᠷᠲᠠᠶᠢᠬᠠᠨ ᠴᠤᠭᠯᠠᠷᠠᠵᠤ ︽ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠶᠢ ᠪᠠᠶᠢᠭᠤᠯᠤᠭᠰᠠᠨ ︾ ᠲᠡᠦᠬᠡ ᠶᠢ ᠲᠠᠭᠢᠨ | ᠡᠷᠭᠢᠴᠡᠭᠦᠯᠵᠦ ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠴᠢᠨᠠᠷ ᠰᠠᠶᠢᠲᠠᠢ ᠬᠥᠭᠵᠢᠯᠲᠡ ᠶᠢᠨ | ᠢᠷᠡᠭᠡᠳᠦᠢ ᠶᠢ ᠬᠠᠮᠲᠤ ᠪᠠᠷ ᠶᠠᠷᠢᠯᠴᠠᠪᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠪᠤᠭᠤᠲᠤ ᠬᠤᠳᠠ ᠶᠢᠨ | ᠨᠠᠮ ᠤᠨ ᠬᠤᠷᠢᠶ᠎ᠠ ᠶᠢᠨ ᠱᠦᠵᠢ ᠳ᠋ᠢᠩ ᠰᠢᠤ ᠹᠧᠩ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠶᠡᠭᠡ ᠬᠤᠷᠠᠯ ᠳᠤ ᠣᠷᠣᠯᠴᠠᠵᠠᠢ ᠃ | ᠳ᠋ᠢᠩ ᠰᠢᠤ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ᠡᠮᠦᠨ᠎ᠡ ᠠᠴᠠ ᠪᠠᠶᠠᠷ ᠤᠨ ᠦᠭᠡ ᠬᠡᠯᠡᠵᠡᠢ ᠂ ᠲᠡᠷᠡ ᠂ ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠪᠣᠯ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠦᠨᠳᠦᠰᠦᠲᠡᠨ ᠤ ᠭᠠᠵᠠᠷ ᠣᠷᠣᠨ ᠳᠤ ᠪᠠᠶᠢᠭᠤᠯᠤᠭᠰᠠᠨ | ᠠᠩᠬᠠᠳᠠᠭᠴᠢ ᠲᠣᠮᠣ ᠭᠡᠯᠪᠡᠷᠢ ᠶᠢᠨ ᠪᠣᠯᠣᠳ ᠲᠡᠮᠦᠷ ᠤᠨ ᠬᠤᠯᠪᠣᠭᠠᠲᠤ ᠠᠵᠤ ᠠᠬᠤᠶᠢᠯᠠᠯ ᠪᠣᠯᠣᠨ᠎ᠠ ᠃ ᠨᠠᠮ ᠪᠠ | ᠤᠯᠤᠰ ᠠᠴᠠ ᠪᠤᠭᠤᠲᠤ ᠶᠢᠨ ᠪᠣᠯᠣᠳ ᠲᠡᠮᠦᠷ ᠤᠨ ᠺᠤᠮᠫᠠᠨᠢ ᠶᠢᠨ ᠬᠥᠭᠵᠢᠯᠲᠡ ᠶᠢ ᠲᠤᠶᠢᠯ ᠢᠶᠠᠷ ᠬᠠᠯᠠᠮᠵᠢᠯᠠᠵᠤ ᠂ | ᠶᠡᠷᠦᠩᠬᠡᠢ ᠱᠦᠵᠢ ᠰᠢ ᠶᠢᠨ ᠫᠢᠩ ᠪᠤᠭᠤᠲᠤ ᠶᠢᠨ ᠪᠣᠯᠣᠳ ᠲᠡᠮᠦᠷ ᠤᠨ ᠺᠤᠮᠫᠠᠨᠢ ᠳᠤ ᠴᠢᠩ ᠰᠡᠳᠬᠢᠯ ᠤᠨ ᠨᠠᠶᠢᠳᠠᠯᠭ᠎ᠠ | ᠲᠠᠯᠪᠢᠵᠤ ᠂ ᠪᠤᠭᠤᠲᠤ ᠶᠢᠨ ᠪᠣᠯᠣᠳ ᠲᠡᠮᠦᠷ ᠤᠨ ᠺᠤᠮᠫᠠᠨᠢ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠨᠢ ᠪᠦᠭᠦᠳᠠ | ᠨᠠᠶᠢᠷᠠᠮᠳᠠᠬᠤ ᠤᠯᠤᠰ ᠤᠨ ᠠᠵᠤ ᠦᠢᠯᠡᠳᠪᠦᠷᠢ ᠶᠢᠨ ᠲᠡᠮᠡᠴᠡᠯ ᠬᠥᠭᠵᠢᠯᠲᠡ ᠶᠢᠨ ᠲᠡᠦᠬᠡᠨ ᠥᠩᠭᠡᠷᠡᠯᠲᠡ ᠶᠢ | ᠲᠠᠮᠠᠭᠠᠯᠠᠵᠤ ᠂ ᠪᠣᠯᠣᠳ ᠲᠡᠮᠦᠷ ᠢᠶᠠᠷ ᠤᠯᠤᠰ ᠢᠶᠠᠨ ᠬᠥᠭᠵᠢᠭᠦᠯᠦᠨ ᠮᠠᠨᠳᠤᠭᠤᠯᠬᠤ ᠂ ᠬᠤᠪᠣᠷ ᠰᠢᠷᠣᠢ ᠪᠠᠷ | ᠤᠯᠤᠰ ᠢᠶᠠᠨ ᠬᠦᠴᠦᠷᠬᠡᠭᠵᠢᠭᠦᠯᠬᠦ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠵᠦ ᠂ ᠢᠮᠠᠭᠲᠠ ︽ ᠠᠵᠤ | ᠦᠢᠯᠡᠳᠪᠦᠷᠢ ᠶᠢᠨ ᠥᠪᠥᠷ ᠮᠣᠩᠭᠤᠯ ︾ ᠢ ᠪᠦᠲᠦᠭᠡᠨ ᠪᠠᠶᠢᠭᠤᠯᠬᠤ ᠲᠤᠯᠭᠠᠭᠤᠷᠢ ᠬᠦᠴᠦᠨ ᠪᠣᠯᠣᠭᠰᠠᠭᠠᠷ ᠢᠷᠡᠵᠠᠢ ᠃ | 70 ᠵᠢᠯ ᠤᠨ ᠲᠤᠷᠰᠢ ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠪᠣᠯᠣᠨ ᠪᠤᠭᠤᠲᠤ ᠬᠤᠲᠠ ᠶᠢᠨ ᠬᠢᠨ ᠠᠵᠤ | ᠠᠬᠤᠶᠢᠯᠠᠯ ᠪᠠ ᠣᠷᠣᠨ ᠨᠤᠲᠤᠭ ᠬᠤᠭᠤᠷᠣᠨᠳᠤ ᠪᠠᠨ ᠠᠭᠤᠰᠤᠯᠴᠠᠵᠤ ᠂ ᠬᠠᠷᠢᠯᠴᠠᠨ ᠠᠮᠵᠢᠯᠲᠠ ᠪᠦᠲᠦᠮᠵᠢ ᠣᠯᠵᠤ ᠂ | ᠢᠷᠡᠭᠡᠳᠦᠢ ᠳᠤ ᠬᠠᠨᠳᠤᠨ ᠂ ᠪᠢᠳᠠ ︽ ᠬᠤᠶᠠᠷ ᠬᠤᠪᠣᠷ ᠰᠢᠷᠣᠢ ᠶᠢᠨ ᠰᠠᠭᠤᠷᠢᠨ ︾ ᠢ ᠪᠦᠲᠦᠭᠡᠨ ᠪᠠᠶᠢᠭᠤᠯᠬᠤ | ᠴᠢᠬᠤᠯᠠ ᠶᠡᠭᠡ ᠡᠭᠦᠷᠭᠡ ᠶᠢ ᠬᠠᠮᠲᠤ ᠪᠠᠷ ᠡᠭᠦᠷᠭᠡᠯᠡᠵᠦ ᠂ ᠳᠡᠯᠡᠬᠡᠢ ᠶᠢᠨ ᠬᠠᠮᠤᠭ ᠤᠨ ᠶᠡᠭᠡ ᠬᠤᠪᠣᠷ ᠰᠢᠷᠣᠢ ᠶᠢᠨ | ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢᠨ ᠰᠠᠭᠤᠷᠢᠨ ᠤ ᠪᠠᠶᠢᠷᠢ ᠰᠠᠭᠤᠷᠢ ᠶᠢ ᠬᠠᠮᠲᠤ ᠪᠠᠷ ᠰᠠᠶᠢᠲᠤᠷ | ᠪᠠᠬᠢᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠢᠶᠠᠷ ᠬᠠᠮᠲᠤ ᠪᠠᠷ ᠰᠠᠶᠢᠲᠤᠷ | ᠵᠠᠮᠨᠠᠵᠤ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠪᠣᠯᠣᠨ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠥᠪᠥᠷ ᠮᠣᠩᠭᠤᠯ ᠤᠨ ᠬᠤᠪᠣᠷ ᠰᠢᠷᠣᠢ ᠶᠢᠨ ︽ ᠳᠡᠯᠡᠬᠡᠢ ᠶᠢᠨ ᠲᠡᠰ ᠤᠨ | ᠨᠥᠭᠡᠴᠡ ︾ ᠠᠴᠠ ︽ ᠳᠡᠯᠡᠬᠡᠢ ᠶᠢᠨ ᠲᠡᠰ ᠤᠨ ᠠᠵᠤ ᠦᠢᠯᠡᠰ ︾ ᠲᠡᠶᠢᠰᠢ ᠤᠷᠤᠭᠰᠢᠯᠠᠬᠤ ᠶᠢ ᠠᠬᠢᠭᠤᠯᠬᠤ | ᠬᠡᠷᠡᠭᠲᠡᠢ ᠃ ᠪᠢᠳᠡ ᠭᠠᠷ ᠬᠤᠯᠪᠣᠨ ᠮᠥᠷᠥ ᠵᠡᠷᠭᠡᠴᠡᠵᠦ ᠂ ᠠᠯᠳᠠᠷ ᠭᠤᠲᠤᠮᠰᠢᠭ ᠢᠶᠠᠨ ᠬᠠᠮᠲᠤᠳᠬᠠᠵᠤ ᠂ ︽ | ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ︾ ᠪᠠᠷ ᠬᠦᠴᠢᠷᠳᠡᠯ ᠢ ᠠᠷᠢᠯᠭᠠᠨ ᠬᠦᠴᠢᠷ ᠠᠰᠠᠭᠤᠳᠠᠯ ᠢ | ᠰᠢᠢᠳᠪᠦᠷᠢᠯᠡᠵᠦ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ | ᠪᠦᠯᠦᠭᠯᠡᠯ ᠤᠨ ᠭᠡᠷᠡᠯ ᠰᠠᠴᠤᠷᠠᠩᠭᠤᠢ ᠰᠢᠨ᠎ᠡ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠡᠢ ᠃ | ᠪᠤᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠶᠢ 1954 ᠣᠨ ᠳᠤ ᠪᠠᠶᠢᠭᠤᠯᠵᠤ ᠂ ︽ ᠠᠩᠬᠠᠳᠤᠭᠠᠷ | ᠲᠠᠪᠤᠨ ᠵᠢᠯ ︾ ᠤᠨ ᠲᠥᠯᠥᠪᠯᠡᠭᠡ ᠳᠤ ᠲᠣᠭᠲᠠᠭᠠᠭᠰᠠᠨ ︽ ᠭᠤᠷᠪᠠᠨ ᠶᠡᠭᠡ ᠪᠣᠯᠣᠳ ᠲᠡᠮᠦᠷ ᠤᠨ ᠠᠵᠤ | ᠦᠢᠯᠡᠳᠪᠦᠷᠢ ᠶᠢᠨ ᠰᠠᠭᠤᠷᠢᠨ ︾ ᠤ ᠨᠢᠭᠡ ᠪᠣᠯᠤᠭᠰᠠᠨ ᠤ ᠬᠤᠪᠢ ᠳᠤ ᠂ 70 ᠵᠢᠯ ᠤᠨ ᠲᠤᠷᠰᠢ ᠂ ᠪᠤᠭᠤᠲᠤ ᠶᠢᠨ | ᠪᠣᠯᠣᠳ ᠲᠡᠮᠦᠷ ᠤᠨ ᠪᠦᠯᠦᠭᠯᠡᠯ ᠤᠨ ᠪᠣᠯᠣᠳ ᠲᠡᠮᠦᠷ ᠤᠨ ᠭᠠᠷᠤᠯᠲᠠ ᠦᠢᠯᠡᠳᠪᠦᠷᠢ ᠪᠠᠶᠢᠭᠤᠯᠤᠭᠳᠠᠭᠰᠠᠨ ᠡᠬᠢᠨ ᠤ | ᠦᠶ᠎ᠡ ᠶᠢᠨ ᠬᠡᠳᠦᠨ ᠲᠦᠮᠡᠨ ᠲᠣᠨ ᠪᠠᠶᠢᠭᠰᠠᠨ ᠠᠴᠠ ᠨᠡᠮᠡᠭᠳᠡᠭᠡᠳ ᠣᠳᠣᠬᠠᠨ ᠤ 1500 ᠲᠦᠮᠡᠨ ᠲᠣᠨ ᠤ | ᠲᠦᠪᠰᠢᠨ ᠳᠤ ᠲᠣᠭᠲᠠᠪᠤᠷᠢᠵᠢᠪᠠ ᠃ ᠠᠵᠤ ᠦᠢᠯᠡᠰ ᠤᠨ ᠪᠦᠲᠦᠴᠡ ᠨᠢ ᠠᠰᠢᠭᠯᠠᠯᠲᠠ ᠳᠤ ᠣᠷᠣᠭᠰᠠᠨ ᠡᠬᠢᠨ ᠤ | ᠦᠶ᠎ᠡ ᠶᠢᠨ ᠲᠠᠩ ᠪᠣᠯᠣᠳ ᠲᠡᠮᠦᠷ ᠤᠨ ᠠᠵᠤ ᠦᠢᠯᠡᠰ ᠪᠠᠶᠢᠭᠰᠠᠨ ᠠᠴᠠ ᠪᠠᠨ ᠤᠳᠤ ᠪᠣᠯᠣᠳ ᠲᠡᠮᠦᠷ ᠂ ᠬᠤᠪᠣᠷ | ᠰᠢᠷᠣᠢ ᠶᠢᠨ ᠬᠤᠣᠰ ᠭᠤᠣᠯ ᠠᠵᠤ ᠦᠢᠯᠡᠰ ᠂ ᠡᠬᠢ ᠪᠠᠶᠠᠯᠢᠭ ᠵᠢᠴᠢ ᠶᠡᠷᠦᠩᠬᠡᠶᠢᠯᠡᠨ ᠠᠰᠢᠭᠯᠠᠬᠤ ᠂ ᠪᠠᠷᠠᠭᠠᠨ ᠤ | ᠭᠦᠢᠯᠭᠡᠭᠡ ᠂ ᠨᠡᠭᠦᠷᠡᠰᠦ ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ ᠂ ᠡᠨᠧᠷᠭᠢ ᠠᠷᠪᠢᠯᠠᠵᠤ ᠣᠷᠴᠢᠨ | ᠲᠣᠭᠤᠷᠢᠨ ᠢ ᠬᠠᠮᠠᠭᠠᠯᠠᠬᠤ ᠂ ᠲᠣᠨᠣᠭᠯᠠᠯ ᠵᠢᠴᠢ ᠤᠳᠤ ᠦᠶ᠎ᠡ ᠶᠢᠨ ᠦᠢᠯᠡᠴᠢᠯᠡᠭᠡ ᠵᠡᠷᠭᠡ ᠰᠢᠨ᠎ᠡ ᠪᠠᠷ ᠮᠠᠨᠳᠤᠭᠰᠠᠨ | ᠠᠵᠤ ᠦᠢᠯᠡᠰ ᠬᠠᠮᠵᠢᠯᠴᠠᠨ ᠬᠥᠭᠵᠢᠭᠰᠡᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠵᠡᠢ ᠃ ᠥᠨᠥᠳᠥᠷ ᠤᠨ | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠳᠤ ᠂ ᠬᠤᠪᠣᠷ ᠰᠢᠷᠣᠢ ᠶᠢ ᠬᠠᠶᠢᠯᠤᠭᠤᠯᠬᠤ ᠪᠠ ᠦᠢᠯᠡᠳᠪᠦᠷᠢᠯᠡᠬᠦ | ᠴᠢᠳᠠᠪᠤᠷᠢ ᠶᠢ ᠰᠠᠯᠭᠠᠬᠤ ᠂ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠂ ᠭᠢᠯᠠᠶᠢᠯᠭᠠᠬᠤ | ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠪᠦᠭᠦ ᠳᠡᠯᠡᠬᠡᠢ ᠳᠤ ᠨᠢᠭᠡᠳᠦᠭᠡᠷ ᠲᠤ ᠣᠷᠣᠵᠤ ᠂ ᠵᠢᠯ ᠪᠦᠷᠢ ᠪᠦᠭᠦ | ᠪᠥᠮᠪᠥᠷᠴᠡᠭ ᠤᠨ 40% ᠠᠴᠠ ᠳᠡᠭᠡᠭᠰᠢᠬᠢ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠦᠢᠯᠡᠳᠬᠦᠨ ᠢ | ᠬᠠᠩᠭᠠᠵᠤ ᠂ ᠳᠡᠯᠡᠬᠡᠢ ᠶᠢᠨ ᠬᠠᠮᠤᠭ ᠤᠨ ᠶᠡᠭᠡ ᠬᠤᠪᠣᠷ ᠰᠢᠷᠣᠢ ᠶᠢᠨ ᠠᠵᠤ ᠦᠢᠯᠡᠳᠪᠦᠷᠢ ᠶᠢᠨ ᠰᠠᠭᠤᠷᠢᠨ ᠪᠣᠯᠪᠠ ᠃ | ᠶᠡᠭᠡ ᠬᠤᠷᠠᠯ ᠤᠨ ᠬᠤᠭᠤᠴᠠᠭᠠᠨ ᠳᠤ ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ︽ ᠰᠢᠨ᠎ᠡ ᠴᠢᠨᠠᠷ ᠤᠨ | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢᠷᠡᠭᠡᠳᠦᠢ ᠪᠠᠨ ᠤᠭᠲᠤᠨ᠎ᠠ ︾ ᠭᠡᠬᠦ ᠭᠤᠣᠯ ᠰᠡᠳᠦᠪᠲᠦ | ᠮᠡᠳᠡᠭᠦᠯᠦᠯᠲᠡ ᠶᠢ ᠭᠠᠳᠠᠭᠰᠢ ᠨᠡᠶᠢᠲᠡᠯᠡᠵᠦ ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠳᠠᠷᠠᠭᠠᠴᠢ ᠶᠢᠨ | ᠠᠯᠬᠤᠮ ᠤᠨ ᠬᠥᠭᠵᠢᠯᠲᠡ ᠶᠢᠨ ᠴᠢᠭᠯᠡᠯ ᠢ ᠪᠠᠷᠠᠯᠠᠪᠠ ᠃ ᠡᠷᠬᠢᠮ ᠵᠣᠴᠢᠳ ᠢ ᠤᠷᠢᠨ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠂ ᠲᠡᠷᠢᠭᠦᠨ ᠤ ᠪᠣᠯᠣᠳ ᠲᠡᠮᠦᠷ ᠮᠠᠲ᠋ᠧᠷᠢᠶᠠᠯ ᠂ ᠰᠢᠨ᠎ᠡ ᠭᠡᠯᠪᠡᠷᠢ ᠶᠢᠨ ᠬᠢᠮᠢ ᠶᠢᠨ ᠠᠵᠤ | ᠦᠢᠯᠡᠳᠪᠦᠷᠢ ᠶᠢᠨ ᠮᠠᠲ᠋ᠧᠷᠢᠶᠠᠯ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠡᠷᠭᠡ ᠶᠢᠨ ᠰᠤᠳᠤᠯᠤᠨ ᠶᠠᠷᠢᠯᠴᠠᠬᠤ ᠳᠤ | ᠣᠷᠣᠯᠴᠠᠭᠤᠯᠵᠤ ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢ ᠬᠠᠪᠰᠤᠷᠤᠨ ᠨᠢᠭᠡᠨ ᠤᠷᠢᠳᠠᠴᠢ ᠴᠢᠨᠠᠷᠲᠠᠢ ᠂ | ᠰᠢᠨᠵᠢᠯᠡᠬᠦ ᠤᠬᠠᠭᠠᠨᠴᠢ ᠴᠢᠨᠠᠷᠲᠠᠢ ᠪᠠ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠪᠠᠶᠢᠯᠳᠤᠬᠤ ᠪᠣᠳᠣᠯᠭ᠎ᠠ ᠶᠢᠨ | ᠲᠥᠯᠦᠪᠵᠢᠭᠦᠯᠭᠡ ᠶᠢ ᠪᠤᠶ ᠪᠤᠯᠭᠠᠬᠤ ᠪᠠᠷ ᠴᠢᠷᠮᠠᠶᠢᠪᠠ ᠃ | ᠲᠣᠰ ᠡᠳᠦᠷ ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠤᠮᠠᠷᠠᠲᠤ ᠣᠷᠣᠨ ᠤ ᠬᠤᠪᠣᠷ | ᠰᠢᠷᠣᠢ ᠶᠢᠨ ᠪᠣᠬᠢᠷᠳᠤᠯ ᠦᠭᠡᠢ ᠲᠡᠮᠦᠷᠯᠢᠭ ᠬᠠᠶᠢᠯᠤᠭᠤᠯᠵᠤ ᠲᠠᠰ ᠳᠡᠪᠰᠢᠭᠦᠯᠬᠦ ᠥᠭᠡᠷᠡᠴᠢᠯᠡᠯᠲᠡ ᠶᠢᠨ ᠲᠥᠷᠥᠯ | ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ | ᠠᠵᠢᠯᠯᠠᠭ᠎ᠠ ᠥᠷᠨᠢᠭᠦᠯᠪᠡ ᠂ ᠲᠣᠰ ᠲᠥᠷᠥᠯ ᠵᠦᠢᠯ ᠪᠣᠯ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠤᠪᠣᠷ | ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠲᠡᠦᠬᠡᠨ ᠳᠡᠭᠡᠷᠡᠬᠢ ᠬᠠᠮᠤᠭ ᠤᠨ ᠶᠡᠭᠡ ᠲᠠᠩ ᠴᠣᠭᠴᠠᠲᠤ | ᠢᠨᠵᠧᠨᠧᠷᠢᠩ ᠪᠣᠯᠣᠨ᠎ᠠ ᠂ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠤᠷᠤᠭᠰᠢᠲᠠᠢ ᠪᠠᠶᠢᠭᠤᠯᠤᠨ | ᠠᠰᠢᠭᠯᠠᠯᠲᠠ ᠳᠤ ᠣᠷᠣᠭᠤᠯᠤᠭᠰᠠᠨ ᠨᠢ ᠪᠦᠭᠦ ᠪᠥᠮᠪᠥᠷᠴᠡᠭ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠲᠦᠭᠦᠬᠡᠢ | ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠢ ᠬᠠᠷᠠᠭᠤᠯᠵᠤ | ᠪᠠᠶᠢᠨ᠎ᠠ ᠃ | | | |