ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠪᠥᠬᠦᠨ ᠢᠶᠠᠷ ᠢᠶᠠᠨ ᠲᠣᠭᠤᠷᠢᠨ ᠪᠠᠶᠢᠴᠠᠭᠠᠬᠤ ᠪᠠᠷ ᠣᠷᠣᠵᠤ ᠰᠠᠭᠤᠪᠠ
ᠨᠡᠶᠢᠲᠡᠯᠡᠭᠰᠡᠨ ᠴᠠᠭ᠄
2024/10/17
  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ ᠂ 10 ᠰᠠᠷ᠎ᠠ ᠶᠢᠨ 16 ᠤ ᠡᠳᠦᠷ ᠪᠤᠯᠲᠠᠯ᠎ᠠ ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠪᠦᠭᠦᠨ ᠢᠶᠠᠷ ᠢᠶᠠᠨ ᠲᠣᠭᠤᠷᠢᠨ ᠪᠠᠶᠢᠴᠠᠭᠠᠬᠤ ᠪᠠᠷ ᠣᠷᠣᠵᠤ ᠰᠠᠭᠤᠪᠠ ᠃ 15 ᠲᠣᠭᠤᠷᠢᠨ ᠪᠠᠶᠢᠴᠠᠭᠠᠬᠤ ᠳᠤᠭᠤᠶᠢᠯᠠᠩ 30 ᠬᠤᠰᠢᠭᠤ ᠰᠢᠶᠠᠨ ︵ᠬᠤᠲᠠ ᠂ ᠲᠣᠭᠤᠷᠢᠭ︶ ᠪᠣᠯᠣᠨ 6 ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠬᠡᠪ ᠤᠨ ᠲᠣᠭᠤᠷᠢᠨ ᠪᠠᠶᠢᠴᠠᠭᠠᠯᠲᠠ ᠥᠷᠨᠢᠭᠦᠯᠵᠦ ᠂ ᠣᠷᠣᠨ ᠤ ᠰᠢᠭᠤᠳ ᠬᠠᠷᠢᠶ᠎ᠠ 3 ᠰᠠᠯᠠᠭ᠎ᠠ ᠮᠥᠴᠢᠷ ᠲᠤ ᠬᠥᠳᠡᠯᠦᠩᠭᠦᠢ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ ᠃  ᠲᠣᠭᠤᠷᠢᠨ ᠪᠠᠶᠢᠴᠠᠭᠠᠭᠳᠠᠬᠤ ᠬᠤᠰᠢᠭᠤ ᠰᠢᠶᠠᠨ ︵ᠬᠤᠳᠠ ᠂ ᠲᠣᠭᠤᠷᠢᠭ︶ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠲᠤᠰ ᠲᠤᠰ ᠲᠣᠭᠤᠷᠢᠨ ᠪᠠᠶᠢᠴᠠᠭᠠᠵᠤ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠳᠠᠶᠢᠴᠢᠯᠠᠯᠲᠠ ᠶᠢᠨ ᠶᠠᠷᠢᠶ᠎ᠠ ᠲᠠᠯᠪᠢᠵᠤ ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠳᠤ ᠱᠠᠭᠠᠷᠳᠠᠯᠭ᠎ᠠ ᠳᠤᠷᠠᠳᠪᠠ ᠃  ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠂ ᠲᠣᠭᠤᠷᠢᠨ ᠪᠠᠶᠢᠴᠠᠭᠠᠬᠤ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠮᠥᠨ ᠃ ᠡᠨᠡ ᠤᠳᠠᠭ᠎ᠠ ᠶᠢᠨ ᠲᠣᠭᠤᠷᠢᠨ ᠪᠠᠶᠢᠴᠠᠭᠠᠯᠲᠠ ᠶᠢ ᠥᠷᠨᠢᠭᠦᠯᠬᠦ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ  ᠬᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ︾ ᠢ ᠴᠢᠩᠭ᠎ᠠ ᠨᠠᠶᠢᠳᠠᠪᠤᠷᠢᠵᠢᠭᠤᠯᠵᠤ ᠂ ᠤᠯᠤᠰ ᠲᠥᠷᠥ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠲᠣᠪᠤᠶᠢᠯᠭᠠᠨ ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠡᠷᠬᠡ ᠪᠠ ᠬᠠᠷᠢᠭᠤᠴᠠᠯᠭ᠎ᠠ ᠶᠢ ᠴᠢᠩᠭ᠎ᠠ ᠠᠩᠬᠠᠷᠤᠨ ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠭᠦᠯᠵᠦ ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠨ ᠤ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠪᠣᠯᠣᠨ᠎ᠠ ᠃ ᠡᠩ ᠤᠨ ᠲᠣᠭᠤᠷᠢᠨ ᠪᠠᠶᠢᠴᠠᠭᠠᠯᠲᠠ ᠳᠤ ᠭᠤᠣᠯᠳᠠᠭᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠬᠦ ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠬᠤ ᠵᠢᠴᠢ ᠲᠣᠭᠤᠷᠢᠨ ᠪᠠᠶᠢᠴᠠᠭᠠᠬᠤ ᠂ ᠬᠢᠨᠠᠨ ᠪᠤᠳᠤᠬᠤ ᠵᠡᠷᠭᠡ ᠬᠢᠨᠠᠯᠲᠠ ᠲᠠᠯᠪᠢᠬᠤ ᠪᠠᠷ ᠳᠠᠮᠵᠢᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠵᠤ ᠂ ᠲᠣᠭᠤᠷᠢᠨ ᠪᠠᠶᠢᠴᠠᠭᠠᠭᠳᠠᠬᠤ ᠬᠤᠰᠢᠭᠤ ᠰᠢᠶᠠᠨ ︵ᠬᠤᠲᠠ ᠂ ᠲᠣᠭᠤᠷᠢᠭ︶ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠦᠴᠦᠯᠡᠨ ᠪᠠᠶᠢᠴᠠᠭᠠᠨ᠎ᠠ ᠃ ᠬᠥᠳᠡᠯᠦᠩᠭᠦᠢ ᠲᠣᠭᠤᠷᠢᠨ ᠪᠠᠶᠢᠴᠠᠭᠠᠯᠲᠠ ᠳᠤ ᠭᠤᠣᠯᠳᠠᠭᠤ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠣᠯᠣᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠵᠤ ᠂ ᠲᠣᠭᠤᠷᠢᠨ ᠪᠠᠶᠢᠴᠠᠭᠠᠭᠳᠠᠬᠤ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠳᠤ ᠣᠷᠣᠰᠢᠵᠤ ᠪᠠᠶᠢᠭ᠎ᠠ ᠤᠯᠤᠰ ᠲᠦᠷᠦ ᠶᠢᠨ ᠠᠰᠠᠭᠤᠳᠠᠯ ᠂ ᠬᠠᠷᠢᠭᠤᠴᠠᠯᠭ᠎ᠠ ᠶᠢᠨ ᠠᠰᠠᠭᠤᠳᠠᠯ ᠂ ᠰᠤᠷᠲᠠᠯ ᠤᠨ ᠠᠰᠠᠭᠤᠳᠠᠯ ᠪᠣᠯᠣᠨ ᠢᠯᠵᠠᠷᠠᠯ ᠤᠨ ᠠᠰᠠᠭᠤᠳᠠᠯ ᠢ ᠬᠦᠴᠦᠯᠡᠨ ᠪᠠᠶᠢᠴᠠᠭᠠᠨ ᠡᠷᠢᠬᠦ ᠪᠣᠯᠣᠨ᠎ᠠ ᠭᠡᠵᠦ ᠴᠢᠬᠤᠯᠠᠴᠢᠯᠠᠪᠠ ᠃  ᠲᠣᠭᠤᠷᠢᠨ ᠪᠠᠶᠢᠴᠠᠭᠠᠯᠲᠠ ᠶᠢ ᠬᠦᠯᠢᠶᠡᠬᠦ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠤᠰ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢ ᠥᠷᠨᠢᠭᠦᠯᠦᠭᠰᠡᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ ᠂ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠢᠳᠡᠪᠬᠢᠲᠡᠢ ᠳᠡᠮᠵᠢᠨ ᠬᠠᠮᠵᠢᠯᠴᠠᠨ᠎ᠠ ᠃ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠷ ᠠᠵᠠ ᠲᠣᠭᠢᠶᠠᠯ ᠪᠣᠯᠭᠠᠨ ᠂ ᠠᠳᠠᠯᠢ ᠰᠡᠳᠦᠪ ᠢ ᠬᠠᠮᠲᠤ ᠪᠠᠷ ᠬᠠᠷᠢᠭᠤᠯᠵᠤ ᠂ ᠥᠪᠡᠷ ᠤᠨ ᠪᠡᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠢᠶᠠᠨ ᠭᠦᠨᠵᠡᠭᠡᠢ ᠪᠠᠶᠢᠴᠠᠭᠠᠨ ᠡᠷᠢᠵᠦ ᠰᠢᠢᠳᠪᠦᠷᠢᠯᠡᠨ ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ ᠭᠡᠵᠦ ᠢᠯᠡᠳᠬᠡᠪᠡ ᠃  ᠣᠶᠢᠯᠠᠭᠠᠭᠰᠠᠨ ᠢᠶᠠᠷ ᠂ 15 ᠲᠣᠭᠤᠷᠢᠨ ᠪᠠᠶᠢᠴᠠᠭᠠᠬᠤ ᠳᠤᠭᠤᠶᠢᠯᠠᠩ ᠲᠤᠬᠠᠢ ᠶᠢᠨ ᠲᠠᠯᠠᠪᠠᠢ ᠳᠤ 60 ᠡᠳᠦᠷ ᠣᠷᠴᠢᠮ ᠲᠣᠭᠤᠷᠢᠨ ᠪᠠᠶᠢᠴᠠᠭᠠᠵᠤ ᠂ ᠡᠨᠡ ᠬᠤᠭᠤᠴᠠᠭᠠᠨ ᠳᠤ ᠲᠤᠰᠬᠠᠢ ᠵᠢᠵᠢᠭᠦᠷᠯᠡᠬᠦ ᠤᠲᠠᠰᠤ ᠪᠠ ᠰᠢᠤᠳᠠᠨ ᠤ ᠵᠠᠬᠢᠳᠠᠯ ᠤᠨ ᠬᠠᠶᠢᠷᠴᠠᠭ ᠲᠣᠬᠢᠷᠠᠭᠤᠯᠵᠤ ᠂ ᠭᠤᠣᠯᠳᠠᠭᠤ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠪᠠ ᠤᠲᠠᠰᠤ ᠰᠤᠷᠪᠤᠯᠵᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ ᠂ ᠡᠭᠦᠨ ᠤ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠂ ᠤᠯᠠᠨ ᠲᠦᠮᠡᠨ ᠤ ᠰᠠᠬᠢᠯᠭ᠎ᠠ ᠪᠠᠲᠤ ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠪᠠᠷ ᠬᠢ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠣᠨ᠎ᠠ ᠃ ᠲᠣᠭᠤᠷᠢᠨ ᠪᠠᠶᠢᠴᠠᠭᠠᠵᠤ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠦᠯᠦ ᠪᠠᠭᠲᠠᠬᠤ ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ 2024 ᠣᠨ ᠤ 12 ᠰᠠᠷ᠎ᠠ ᠶᠢᠨ 10 ᠤ ᠡᠳᠦᠷ ᠪᠤᠯᠳᠠᠯ᠎ᠠ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠤᠨ᠎ᠠ ᠃   
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号