ᠬᠡᠲᠦ ᠳᠠᠭᠤᠨ ᠬᠢᠲᠤᠭ᠎ᠠ ᠶᠢᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/10/23
        ᠥᠪᠥᠷ ᠡᠮ ᠬᠤᠳᠠᠯᠳᠤᠨ ᠠᠪᠬᠤ ᠲᠥᠪ ᠦᠰᠦᠭ ﹇ 2024 ﹈ 221 ᠳ᠋ᠤᠭᠡᠷ ᠲᠣᠭᠠᠲᠤᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄  ᠭᠤᠸᠠᠩᠳᠦ᠋ᠩ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠦᠷᠦᠭᠦᠯᠡᠨ ᠬᠡᠲᠦ ᠲᠠᠭᠤᠨ ᠬᠢᠲᠤᠭ᠎ᠠ ᠶᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠬᠡᠯᠡᠯᠴᠡᠭᠡᠷ ᠤᠨ ᠬᠤᠭᠤᠴᠠᠭ᠎ᠠ ᠨᠢ ᠲᠤᠯᠵᠤ ᠦᠷᠭᠦᠯᠵᠢᠯᠡᠨ ᠬᠤᠳᠠᠯᠳᠤᠨ ᠠᠪᠬᠤ ᠠᠵᠢᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠬᠡᠲᠦ ᠲᠠᠭᠤᠨ ᠬᠢᠲᠤᠭ᠎ᠠ ᠶᠢᠨ ᠥᠩᠭᠡᠷᠡᠭᠰᠡᠨ ᠤ ᠬᠤᠳᠠᠯᠳᠤᠨ ᠠᠪᠤᠭᠰᠠᠨ ᠲᠤᠭ᠎ᠠ ᠪᠠᠷᠢᠮᠲᠠ ᠪᠠ ᠬᠤᠳᠠᠯᠳᠤᠨ ᠠᠪᠤᠭᠰᠠᠨ ᠬᠡᠷᠡᠭᠴᠡᠭᠡᠨ ᠤ ᠬᠡᠮᠵᠢᠶ᠎ᠡ ᠶᠢᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠪᠡ ᠂ ᠪᠣᠳᠠᠲᠠᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃  ᠨᠢᠭᠡ᠂ ᠲᠠᠭᠯᠠᠨ ᠮᠡᠳᠡᠭᠦᠯᠬᠦ ᠬᠡᠪᠴᠢᠶ᠎ᠡ  ᠲᠣᠰ ᠤᠳᠠᠭᠠᠨ ᠤ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠲᠥᠷᠥᠯ ᠵᠦᠢᠯ ᠨᠢ ᠬᠡᠲᠦ ᠳᠠᠭᠤᠨ ᠬᠢᠲᠤᠭ᠎ᠠ ︵ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠤᠨ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ 7 ᠣᠷᠤᠨᠲᠤ ᠲᠣᠭᠠᠨ ᠤ C140301᠂ C140302᠂ C140304 ᠦᠢᠯᠡᠳᠬᠦᠨ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ︶ ᠪᠣᠯᠣᠨ᠎ᠠ ᠃  ᠬᠤᠶᠠᠷ᠂ ᠲᠠᠭᠯᠠᠨ ᠮᠡᠳᠡᠭᠦᠯᠬᠦ ᠭᠤᠣᠯ ᠴᠣᠭᠴᠠ  ᠠᠯᠪᠠᠨ ᠠᠴᠠ ᠪᠠᠶᠢᠭᠤᠯᠤᠭᠰᠠᠨ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠪᠠ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠨᠡᠶᠢᠭᠡᠮ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ᠃  ᠭᠤᠷᠪᠠ᠂ ᠲᠠᠭᠯᠠᠨ ᠮᠡᠳᠡᠭᠦᠯᠬᠦ ᠠᠭᠤᠯᠭ᠎ᠠ  ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢᠨ ᠥᠩᠭᠡᠷᠡᠭᠰᠡᠨ ᠤ ᠬᠤᠳᠠᠯᠳᠤᠨ ᠠᠪᠤᠭᠰᠠᠨ ᠲᠤᠭ᠎ᠠ ᠪᠠᠷᠢᠮᠲᠠ  ᠡᠯ᠎ᠡ ᠲᠠᠭᠯᠠᠨ ᠮᠡᠳᠡᠭᠦᠯᠬᠦ ᠨᠢᠭᠡᠴᠢ ᠲᠣᠰ ᠨᠢᠭᠡᠴᠢ ᠶᠢᠨ ᠢᠶᠠᠨ 2023 ᠣᠨ ᠳᠠᠬᠢ ᠬᠤᠳᠠᠯᠳᠤᠨ ᠠᠪᠤᠭᠰᠠᠨ ᠦᠨ᠎ᠡ ᠂ ᠬᠤᠳᠠᠯᠳᠤᠨ ᠠᠪᠤᠭᠰᠠᠨ ᠬᠡᠮᠵᠢᠶ᠎ᠡ ᠵᠡᠷᠭᠡ ᠮᠡᠳᠡᠭᠡ ᠵᠠᠩᠭᠢ ᠶᠢ ᠪᠦᠷᠢᠳᠬᠡᠨ ᠬᠤᠷᠢᠶᠠᠩᠭᠤᠶᠢᠯᠠᠵᠤ᠂ ᠲᠠᠭᠯᠠᠨ ᠮᠡᠳᠡᠭᠦᠯᠬᠦ ᠨᠢᠭᠡᠴᠢ  ᠨᠢ ︽ᠬᠤᠪᠢ︾ ᠪᠣᠯᠤᠨ᠎ᠠ᠃ ᠨᠢᠭᠡ ᠬᠡᠪ ᠪᠠᠷᠢᠮᠵᠢᠶ᠎ᠠ ᠬᠡᠯᠪᠡᠷᠢ ᠶᠠᠩᠵᠤ ᠶᠢᠨ ᠦᠢᠯᠡᠳᠭᠦᠨ ᠨᠢ ᠠᠳᠠᠯᠢ ᠪᠤᠰᠤ ᠬᠤᠳᠠᠯᠳᠤᠨ ᠠᠪᠤᠭᠰᠠᠨ ᠦᠨ᠎ᠡ ᠲᠠᠢ ᠠᠳᠠᠯᠢ ᠪᠠᠷ᠂ ᠬᠠᠮᠤᠭ ᠤᠨ ᠳᠣᠣᠷ᠎ᠠ ᠬᠤᠳᠠᠯᠳᠤᠨ ᠠᠪᠤᠭᠰᠠᠨ ᠦᠨ᠎ᠡ ᠶᠢ ᠲᠠᠭᠯᠠᠭᠠᠷᠠᠢ᠃  ︵ᠬᠤᠶᠠᠷ︶ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠤᠳᠠᠯᠳᠤᠨ ᠠᠪᠤᠭᠰᠠᠨ ᠲᠤᠭ᠎ᠠ ᠪᠠᠷᠢᠮᠲᠠ  ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠲᠣᠰ ᠨᠢᠭᠡᠴᠢ ᠶᠢᠨ ᠢᠶᠠᠨ ᠲᠠᠭᠯᠠᠨ ᠮᠡᠳᠡᠭᠦᠯᠬᠦ ᠬᠡᠪᠴᠢᠶᠡᠨ ᠳᠣᠲᠣᠷᠠᠬᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠬᠦᠨ ᠤ ᠥᠩᠭᠡᠷᠡᠭᠰᠡᠨ ᠤ ᠬᠤᠳᠠᠯᠳᠤᠨ ᠠᠪᠤᠭᠰᠠᠨ ᠪᠠᠶᠢᠳᠠᠯ ᠢᠶᠠᠷ ᠯᠠᠪᠯᠠᠯᠲᠠ ᠪᠣᠯᠭᠠᠵᠤ᠂ ᠡᠮᠴᠢᠯᠡᠭᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ 2025 ᠣᠨ ᠤ ᠲᠣᠰ ᠤᠳᠠᠭᠠᠨ ᠤ ᠲᠠᠭᠯᠠᠨ ᠮᠡᠳᠡᠭᠦᠯᠬᠦ ᠬᠡᠪᠴᠢᠶᠡᠨ ᠳᠣᠲᠣᠷᠠᠬᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠡᠷᠡᠭᠴᠡᠭᠡ ᠱᠠᠭᠠᠷᠳᠠᠯᠭ᠎ᠠ ᠶᠢᠨ ᠬᠤᠳᠠᠯᠳᠤᠨ ᠠᠪᠬᠤ ᠲᠤᠭ᠎ᠠ ᠬᠡᠮᠵᠢᠶ᠎ᠡ ᠶᠢ ᠲᠠᠭᠯᠠᠨ ᠮᠡᠳᠡᠭᠦᠯᠦᠨ᠎ᠡ᠃  ᠳᠥᠷᠪᠡ᠂ ᠲᠠᠭᠯᠠᠨ ᠮᠡᠳᠡᠭᠦᠯᠬᠦ ᠠᠷᠭ᠎ᠠ ᠬᠡᠯᠪᠡᠷᠢ  ᠲᠣᠰ ᠤᠳᠠᠭᠠᠨ ᠤ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠵᠡᠷᠭᠡ ᠠᠵᠢᠯ ᠢ ᠭᠤᠸᠠᠩᠳᠦ᠋ᠩ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ︵ᠳᠣᠷᠣᠭᠰᠢ ︽ᠡᠯᠰᠡᠨ ᠴᠤᠭᠯᠠᠭᠤᠯᠬᠤ ᠬᠤᠪᠢᠶᠠᠷᠢ ᠰᠢᠰᠲ᠋ᠧᠮ︾ ᠭᠡᠵᠦ ᠲᠣᠪᠴᠢᠯᠠᠨ᠎ᠠ ᠂ ᠰᠦᠯᠵᠢᠶᠡᠨ ᠬᠠᠶ᠋ᠢᠭ᠄ https://igi.hsa.gd.gov.cn/ggfw/hsa-local/web/hallEnter/#/Index ︶  ᠳᠤ ᠲᠦᠰᠢᠭᠯᠡᠨ ᠥᠷᠨᠢᠭᠦᠯᠦᠨ᠎ᠡ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠠ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠭᠴᠢ ᠶᠢᠨ ᠨᠡᠷ᠎ᠡ ᠵᠢᠴᠢ ᠨᠢᠭᠤᠴᠠ ᠨᠣᠮᠧᠷ ᠢ ᠠᠰᠲᠠᠭᠠᠨ ᠮᠡᠳᠡᠭᠳᠡᠵᠦ ᠂ ᠮᠡᠳᠡᠭᠦᠯᠬᠦ ᠬᠡᠮᠵᠢᠶᠡᠨ ᠤ ᠬᠤᠭᠤᠴᠠᠭᠠᠨ ᠳᠤ ᠬᠡᠷᠪᠡ ᠰᠢᠨ᠎ᠡ ᠪᠠᠷ ᠨᠡᠮᠡᠭᠳᠡᠭᠰᠡᠨ ᠡᠮᠴᠢᠯᠡᠭᠡᠨ ᠤ ᠪᠠᠶᠢᠭᠤᠯᠤᠮᠵᠢ ᠲᠠᠢ ᠪᠠᠶᠢᠪᠠᠯ᠂ ᠡᠯ᠎ᠡ ᠠᠶᠢᠮᠠᠭ ᠬᠤᠲᠠ ᠨᠢ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠲᠤ ᠮᠡᠳᠡᠭᠦᠯᠦᠨ ᠬᠦᠷᠭᠡᠵᠦ ᠨᠢᠭᠡᠳᠦᠯᠲᠡᠢ ᠰᠢᠨ᠎ᠡ ᠪᠠᠷ ᠨᠡᠮᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ ᠨᠣᠮᠧᠷ ᠢ ᠳᠠᠬᠢᠨ ᠲᠣᠬᠢᠷᠠᠭᠤᠯᠬᠤ ᠶᠢ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ᠃  ᠲᠠᠪᠤ᠂ ᠲᠠᠭᠯᠠᠨ ᠮᠡᠳᠡᠭᠦᠯᠬᠦ ᠴᠠᠭ  2024 ᠣᠨ ᠤ 10 ᠳ᠋ᠤᠭᠠᠷ ᠰᠠᠷ᠎ᠠ ᠶᠢᠨ 22 ᠤᠨ ᠡᠳᠦᠷ ᠠᠴᠠ 25 ᠤ ᠡᠳᠦᠷ ᠪᠣᠯᠲᠠᠯ᠎ᠠ  ᠵᠢᠷᠭᠤᠭ᠎ᠠ᠂ ᠠᠩᠬᠠᠷᠬᠤ ᠵᠦᠢᠯ  ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢ ᠲᠠᠭᠯᠠᠨ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠳᠡᠪᠰᠢᠭᠦᠯᠦᠨ ᠬᠢᠨᠠᠨ ᠬᠠᠷᠭᠤᠭᠤᠯᠤᠨ᠎ᠠ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠳᠣᠲᠣᠷᠠᠬᠢ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠶᠠᠰᠤ ᠴᠢᠨᠠᠷ ᠢ ᠪᠠᠲᠤᠯᠠᠵᠤ᠂ ᠠᠯᠳᠠᠭ᠎ᠠ ᠥᠬᠡᠶ ᠪᠠᠶᠢᠬᠤ ᠶᠢ ᠨᠤᠲᠠᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠲᠤᠰᠢᠶᠠᠬᠤ ᠬᠡᠷᠡᠭᠲᠡᠶ᠃  ︵ᠬᠤᠶᠠᠷ︶ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠤᠨ ᠲᠥᠪ ᠴᠢᠩᠭ᠎ᠠ ᠪᠥᠭᠡᠳ ᠣᠨᠣᠪᠴᠢᠲᠠᠶ ᠪᠠᠶᠢᠬᠤ ᠶᠢ ᠪᠠᠲᠤᠯᠠᠬᠤ ᠶᠢᠨ ᠲᠤᠰᠠᠳᠠ᠂ ᠡᠯ᠎ᠡ ᠡᠮᠴᠢᠯᠡᠭᠡᠨ ᠤ ᠪᠠᠶᠢᠭᠤᠯᠤᠮᠵᠢ ᠲᠤᠭ᠎ᠠ ᠪᠠᠷᠢᠮᠲᠠ ᠪᠠᠨ ᠲᠤᠰᠢᠶᠠᠬᠤ ᠦᠶ᠎ᠡ ᠳᠤ᠂ ᠡᠷᠬᠡᠪᠰᠢ ᠡᠮᠴᠢᠯᠡᠭᠡᠨ ᠤ ᠪᠠᠶᠢᠭᠤᠯᠤᠮᠵᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠤᠶᠤ ᠬᠤᠷᠢᠶᠠᠨ ᠳᠠᠷᠤᠭ᠎ᠠ ᠶᠢᠨ ᠭᠠᠷ ᠤᠨ ᠦᠰᠦᠭ ᠵᠢᠷᠤᠭᠰᠠᠨ ᠬᠡᠷᠡᠭᠴᠡᠭᠡ ᠱᠠᠭᠠᠷᠳᠠᠯᠭ᠎ᠠ ᠶᠢᠨ ᠪᠢᠴᠢᠭ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠬᠡᠷᠡᠭᠲᠡᠶ᠃  ︵ᠭᠤᠷᠪᠠ︶ ᠡᠯ᠎ᠡ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠲᠣᠰ ᠤᠳᠠᠭᠠᠨ ᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠲᠤᠰᠬᠠᠶ ᠬᠥᠮᠦᠨ ᠢ ᠵᠢᠭᠠᠨ ᠲᠣᠭᠲᠠᠭᠠᠵᠤ ᠪᠠᠶᠢᠭᠠᠳ ᠬᠤᠳᠠᠯᠳᠤᠨ ᠠᠪᠬᠤ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠶᠢ ᠬᠠᠷᠢᠭᠤᠴᠠᠭᠤᠯᠵᠤ᠂ ᠲᠣᠭᠲᠠᠭᠰᠠᠨ ᠴᠠᠭ ᠲᠤ ᠬᠠᠮᠢᠶ᠎ᠠ ᠪᠥᠬᠦᠶ ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃  ᠳᠣᠯᠤᠭ᠎ᠠ᠂ ᠬᠠᠷᠢᠯᠴᠠᠬᠤ ᠠᠷᠭ᠎ᠠ ᠬᠡᠯᠪᠡᠷᠢ  ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠯᠲᠠ᠄ 0471 - 4907213  ᠮᠡᠷᠭᠡᠵᠢᠯ ᠤᠨ ᠳᠡᠮᠵᠢᠯᠭᠡ᠄ 0471- 4908367          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ        2024 ᠣᠨ ᠤ 10 ᠳ᠋ᠤᠭᠠᠷ ᠰᠠᠷ᠎ᠠ ᠶᠢᠨ 22 ᠤᠨ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号